ᠲᠣᠭᠲᠠᠬᠤ ᠰᠢᠶᠠᠨ ᠤ ᠠᠷᠠᠳ ‍ᠤᠨ‌ᠵᠠᠰᠠᠭ ᠤᠨ ᠭᠠᠵᠠᠷ ᠤᠨ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠳᠤ ᠬᠡᠷᠡᠭᠰᠡᠬᠦ ᠭᠠᠵᠠᠷ ᠰᠢᠷᠣᠶ ᠬᠤᠳᠠᠯᠳᠤᠨ ᠠᠪᠴᠤ ᠨᠥᠭᠡᠴᠡᠯᠡᠬᠦ ᠲᠤᠬᠠᠶ ᠵᠠᠷᠯᠠᠯ ︵3︶
ᠨᠡᠶᠢᠲᠡᠯᠡᠭᠰᠡᠨ ᠴᠠᠭ᠄
2018-07-10
     ᠲᠣᠭᠲᠠᠬᠤ ᠰᠢᠶᠠᠨ ᠤ ᠠᠷᠠᠳ ‍ᠤᠨ‌ᠵᠠᠰᠠᠭ ᠤᠨ ᠭᠠᠵᠠᠷ ᠤᠨ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠳᠤ ᠬᠡᠷᠡᠭᠰᠡᠬᠦ ᠲᠣᠭᠲᠠᠬᠤ ᠰᠢᠶᠠᠨ ᠤ ᠠᠷᠠᠳ ‍ᠤᠨ‌ᠵᠠᠰᠠᠭ ᠤᠨ ᠭᠠᠵᠠᠷ ᠤᠨ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠳᠤ ᠬᠡᠷᠡᠭᠰᠡᠬᠦ ᠭᠠᠵᠠᠷ ᠰᠢᠷᠣᠶ ᠬᠤᠳᠠᠯᠳᠤᠨ ᠠᠪᠴᠤ ᠨᠥᠭᠡᠴᠡᠯᠡᠬᠦ ᠲᠤᠬᠠᠶ ᠵᠠᠷᠯᠠᠯ ︵3︶                                 ᠲᠤᠭᠳᠠᠬᠤ ᠵᠠᠰᠠᠭ ᠲᠠᠷᠬᠠᠭᠠᠬᠤ     ﹇2018﹈  33 ᠳ᠋ᠤᠭᠠᠷ ᠲᠣᠭᠠᠲᠤ      ︽ᠵᠢᠯ ᠳᠤ 50 ᠲᠦᠮᠡᠨ ᠰᠢᠷᠬᠡᠭ ᠤᠷᠢᠳᠴᠢᠯᠠᠨ ᠬᠦᠴᠦᠯᠡᠴᠡ ᠲᠠᠢ ᠪᠧᠲ᠋ᠤᠨ ᠳᠡᠷ᠎ᠡ ᠪᠠ ᠵᠢᠯ ᠳᠤ 30 ᠲᠦᠮᠡᠨ ᠺᠦᠪ ᠬᠤᠳᠠᠯᠳᠤᠭᠠᠨ ᠤ ᠪᠧᠲ᠋ᠤᠨ ᠦᠢᠯᠡᠳᠪᠦᠷᠢᠯᠡᠬᠦ ᠴᠢᠳᠠᠯ ᠪᠦᠬᠦᠢ ᠲᠦᠷᠦᠯ ᠵᠦᠢᠯ ᠢ ᠣᠷᠣᠭᠤᠯᠬᠤ ᠲᠤᠬᠠᠶ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠭᠠᠵᠠᠷ ‍ᠤᠨ‌‍ᠰᠢᠶᠠᠨ ᠤ ᠲᠠᠷᠤᠭ᠎ᠠ ᠶᠢᠨ ᠠᠯᠪᠠᠨ ᠭᠡᠷ ᠤᠨ ᠬᠤᠷᠠᠯ ᠤᠨ ᠲᠣᠪᠴᠢ ᠲᠡᠮᠳᠡᠭᠯᠡᠯ ﹇2017﹈ 7 ᠳ᠋ᠤᠭᠠᠷ ᠲᠣᠭᠠᠲᠤ︾ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠤᠰᠦᠯᠡᠨ᠂ ᠰᠢᠶᠠᠨ ᠤ ᠠᠷᠠᠳ ᠤᠨ ᠵᠠᠰᠠᠭ ᠤᠨ ᠭᠠᠵᠠᠷ ᠠᠴᠠ ᠳᠠᠪᠢᠨ ᠭᠡᠷ ᠪᠠᠯᠭᠠᠰᠤ ᠶᠢᠨ ᠢ ᠵᠢᠶᠠᠨ ᠹᠠᠩ ᠲᠣᠰᠬᠤᠨ ︵s103 ᠱᠤᠭᠤᠮ ᠤᠨ 56.5 ᠺᠢᠯᠣᠮᠧᠲᠷ ᠳᠠᠬᠢ ᠵᠠᠮ ‍ᠤᠨ‌ᠵᠡᠭᠦᠨᠳᠡᠬᠢ 200m︶ ᠤ ᠭᠠᠵᠠᠷ ᠰᠢᠷᠣᠶ ᠶᠢ ᠲᠠᠲᠠᠪᠤᠷᠢᠯᠠᠬᠤ ᠪᠠᠷ ᠲᠤᠭᠳᠠᠪᠠ᠃ ᠭᠠᠵᠠᠷ ᠰᠢᠷᠣᠶ ᠶᠢ ᠲᠠᠲᠠᠪᠤᠷᠢᠯᠠᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠶᠢᠨ ᠲᠥᠯᠥᠭᠡ᠂ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠨ᠂ ᠲᠤᠰᠬᠠᠶᠢᠯᠠᠨ ᠳᠣᠣᠷᠠᠬᠢ ᠮᠡᠲᠦ ᠮᠡᠳᠡᠭᠳᠡᠯ ᠲᠤᠭᠳᠠᠭᠠᠪᠠ᠄      ᠨᠢᠭᠡ᠂ ᠭᠠᠵᠠᠷ ᠰᠢᠷᠣᠶ ᠲᠠᠲᠠᠪᠤᠷᠢᠯᠠᠬᠤ ᠬᠡᠪᠴᠢᠶ᠎ᠡ ᠄ ᠳᠠᠪᠢᠨ ᠭᠡᠷ ᠪᠠᠯᠭᠠᠰᠤ ᠶᠢᠨ ᠢ ᠵᠢᠶᠠᠨ ᠹᠠᠩ ᠲᠣᠰᠬᠤᠨ ︵s103 ᠱᠤᠭᠤᠮ ᠤᠨ 56.5 ᠺᠢᠯᠣᠮᠧᠲᠷ ᠳᠠᠬᠢ ᠵᠠᠮ ‍ᠤᠨ‌ᠵᠡᠭᠦᠨᠳᠡᠬᠢ 200m︶ ᠤ ᠭᠠᠵᠠᠷ ᠰᠢᠷᠣᠶ ᠶᠢ ᠲᠠᠳᠠᠪᠦᠷᠢᠯᠠᠨ᠎ᠠ᠂ ᠲᠠᠯᠠᠪᠠᠶ ᠨᠢ ᠪᠠᠷᠤᠭ 42  ᠮᠦ᠃      ᠬᠤᠶᠠᠷ᠂ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢᠨ ᠬᠡᠪᠴᠢᠶᠡᠨ ᠳᠠᠬᠢ ᠬᠤᠳᠠᠯᠳᠤᠨ ᠠᠪᠴᠤ ᠨᠥᠭᠡᠴᠡᠯᠡᠬᠦ ᠭᠠᠵᠠᠷ ᠰᠢᠷᠣᠶ ᠵᠢᠴᠢ ᠲᠡᠭᠦᠨ ᠤ ᠲᠠᠭᠠᠯᠳᠠ ᠪᠣᠳᠠᠰ ᠨᠢ ᠨᠢᠭᠡᠨᠲᠡ ᠵᠢᠷᠤᠭ ᠲᠥᠯᠥᠪᠯᠡᠭᠡᠨ ᠤ ᠰᠠᠯᠠᠭ᠎ᠠ ᠮᠥᠴᠢᠷ ᠠᠴᠠ ᠬᠠᠶᠢᠨ ᠬᠡᠮᠵᠢᠨ ᠲᠤᠭ᠎ᠠ ᠪᠦᠷᠢᠳᠬᠡᠯ ᠳᠤ ᠤᠷᠤᠭᠤᠯᠤᠭᠰᠠᠨ ᠪᠠᠶᠢᠨ᠎ᠠ᠃ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠶᠠᠮᠠᠷᠪᠠ ᠨᠢᠭᠡᠴᠡ ᠪᠤᠶᠤ ᠬᠤᠪᠢ ᠬᠥᠮᠦᠨ ᠪᠦᠲᠦᠭᠡᠨ ᠪᠠᠶᠢᠭᠤᠯᠬᠤ ᠲᠦᠷᠦᠯ ᠵᠦᠢᠯ ᠤᠨ ᠬᠡᠪᠴᠢᠶᠡᠨ ᠲᠤᠳᠤᠷᠠᠬᠢ ᠭᠠᠵᠠᠷ ᠰᠢᠷᠣᠶ ᠶᠢᠨ ᠣᠳᠣᠬᠢ ᠪᠠᠶᠢᠳᠠᠯ ᠢ ᠳᠤᠷ᠎ᠠ ᠪᠠᠷ ᠢᠶᠠᠨ ᠬᠤᠪᠢᠷᠠᠭᠤᠯᠬᠤ ᠪᠠ ᠳᠤᠷ᠎ᠠ ᠪᠠᠷ ᠢᠶᠠᠨ ᠡᠵᠡᠯᠡᠵᠦ ᠳᠤᠷ᠎ᠠ ᠪᠠᠷ ᠢᠶᠠᠨ ᠬᠡᠷᠡᠭᠯᠡᠬᠦ ᠶᠢ ᠡᠷᠡᠰ ᠴᠠᠭᠠᠵᠢᠯᠠᠨ᠎ᠠ᠃ ᠲᠤᠰ ᠵᠠᠷᠯᠠᠯ ᠢ ᠨᠡᠶᠢᠲᠡᠯᠡᠭᠰᠡᠨ ᠤ ᠲᠠᠷᠠᠭ᠎ᠠ ᠵᠠᠪᠰᠢᠶᠠᠨ ᠢ ᠳᠠᠯᠢᠮᠳᠠᠭᠤᠯᠤᠨ ᠭᠠᠵᠠᠷ ᠰᠢᠷᠣᠶ ᠶᠢᠨ ᠤᠤᠯ ᠤᠨ ᠲᠠᠷᠢᠮᠠᠯ ᠤᠨ ᠲᠥᠷᠥᠯ ᠵᠦᠢᠯ ᠢ ᠬᠤᠪᠢᠷᠠᠭᠤᠯᠬᠤ᠂ ᠰᠢᠨ᠎ᠡ ᠪᠠᠷ ᠵᠢᠮᠢᠰ ᠤᠨ ᠮᠣᠳᠣ ᠤᠢ ᠮᠣᠳᠣ ᠰᠠᠭᠤᠯᠭᠠᠬᠤ᠂ ᠰᠢᠨ᠎ᠡ ᠭᠡᠷ ᠪᠠᠷᠢᠯᠭ᠎ᠠ ᠪᠠᠷᠢᠬᠤ᠂ ᠳᠤᠯᠠᠭᠠᠨ ᠰᠠᠷᠠᠪᠴᠢ ᠪᠠᠷᠢᠬᠤ᠂ ᠨᠣᠭᠤᠭᠠᠨ ᠤ ᠵᠣᠭᠤᠷᠢ᠂ ᠬᠤᠳᠳᠤᠭ ᠴᠤᠬᠢᠬᠤ ᠵᠡᠷᠭᠡ  ᠳᠤ ᠴᠥᠮ ᠲᠥᠯᠥᠪᠦᠷᠢ ᠥᠭᠬᠦ ᠦᠭᠡᠢ ᠪᠥᠭᠡᠳ ᠦᠨ᠎ᠡ ᠲᠥᠯᠥᠪᠦᠷᠢ ᠦᠭᠡᠢ ᠪᠠᠷ ᠨᠤᠷᠠᠭᠠᠵᠤ᠂ ᠤᠭ ᠪᠠᠶᠢᠳᠠᠯ ᠢ ᠰᠡᠷᠭᠦᠭᠡᠵᠤ ᠦᠭᠬᠦ ᠬᠡᠷᠡᠭᠳᠡᠢ ᠃ ᠳᠡᠭᠡᠷ᠎ᠡ ᠳᠤᠷᠠᠳᠤᠭᠰᠠᠨ ᠦᠢᠯᠡ ᠠᠵᠢᠯᠯᠠᠭ᠎ᠠ ᠨᠢ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠠᠬᠢᠴᠠ ᠶᠢ ᠨᠥᠯᠥᠭᠡᠯᠡᠬᠦ ᠳᠤ ᠬᠦᠷᠪᠡᠯ᠂ ᠰᠢᠶᠠᠨ ᠤ ᠤᠯᠤᠰ ‍ᠤᠨ‌ᠭᠠᠵᠠᠷ ᠰᠢᠷᠤᠢ ᠵᠢᠨ‌ᠡᠬᠢ ᠪᠠᠶᠠᠯᠢᠭ ᠤᠨ ᠲᠣᠪᠴᠢᠶ᠎ᠠ᠂ ᠰᠢᠶᠠᠨ ᠤ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠰᠢᠶᠠᠨ ᠤ ᠤᠢ ᠰᠢᠭᠤᠶ ᠶᠢᠨ ᠲᠣᠪᠴᠢᠶ᠎ᠠ᠂ ᠱᠤᠸᠠᠩ ᠾᠧ ᠪᠠᠯᠭᠠᠰᠤ ᠶᠢᠨ ᠠᠷᠠᠳ ᠤᠨ ᠵᠠᠰᠠᠭ ᠤᠨ ᠭᠠᠵᠠᠷ ᠵᠢᠴᠢ ᠬᠤᠯᠪᠣᠭᠳᠠᠯ ᠪᠦᠬᠦᠢ ᠭᠠᠴᠠᠭᠠᠨ ᠤ ᠠᠷᠠᠳ ᠤᠨ ᠵᠥᠪᠯᠡᠯ ᠨᠢ  ᠬᠠᠮᠳᠤᠪᠡᠷ ᠰᠠᠭᠤᠷᠢ ᠲᠤᠭ᠎ᠠ ᠶᠢ ᠲᠣᠳᠣᠷᠬᠠᠶ ᠤᠶᠢᠯᠠᠭᠠᠨ ᠬᠢᠨᠠᠨ ᠲᠣᠭᠲᠠᠭᠠᠵᠤ  ᠬᠠᠤᠯᠢ ᠲᠣᠭᠲᠠᠭᠠᠯ ᠶᠣᠰᠣᠭᠠᠷ ᠰᠢᠳᠪᠦᠷᠢᠯᠡᠨ᠎ᠠ᠃      ᠭᠤᠷᠪᠠ᠂ ᠭᠠᠵᠠᠷ ᠰᠢᠷᠣᠶ ᠶᠢ ᠲᠠᠲᠠᠪᠤᠷᠢᠯᠠᠬᠤ ᠲᠥᠯᠥᠪᠦᠷᠢ ᠥᠭᠬᠦ ᠪᠠᠷᠢᠮᠵᠢᠶ᠎ᠠ ᠶᠢ ︽ᠲᠣᠭᠲᠠᠬᠤ ᠰᠢᠶᠠᠨ ᠤ ᠠᠷᠠᠳ ᠤᠨ ᠵᠠᠰᠠᠭ ᠤᠨ ᠭᠠᠵᠠᠷ ᠤᠨ ᠭᠠᠵᠠᠷ ᠰᠢᠷᠤᠢ ᠲᠠᠲᠠᠪᠤᠷᠢᠯᠠᠬᠤ ᠲᠥᠯᠥᠪᠦᠷᠢ ᠶᠢᠨ ᠪᠠᠷᠢᠮᠵᠢᠶ᠎ᠠ ᠶᠢ ᠲᠣᠬᠢᠷᠠᠭᠤᠯᠬᠤ ᠲᠤᠬᠠᠶ ᠮᠡᠳᠡᠭᠳᠡᠯ︾ ︵ᠲᠤᠭᠳᠠᠬᠤ ᠵᠠᠰᠠᠭ ᠲᠠᠷᠬᠠᠭᠠᠬᠤ ﹇2018﹈ 16 ᠳ᠋ᠤᠭᠠᠷ ᠲᠣᠭᠠᠲᠤ︶ ᠪᠢᠴᠢᠭ ᠮᠠᠲ᠋ᠧᠷᠢᠶᠠᠯ ᠤᠨ ᠪᠠᠷᠢᠮᠵᠢᠶ᠎ᠠ ᠶᠤᠰᠤᠭᠠᠷ  ᠬᠡᠷᠡᠭᠵᠢᠭᠦᠯᠦᠨ᠎ᠡ᠃      ᠲᠦᠷᠪᠡ᠂ ᠱᠤᠸᠠᠩ ᠾᠧ ᠪᠠᠯᠭᠠᠰᠤ ᠪᠣᠯᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ‍ᠦᠳ‌‍ᠲ᠋ᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠶᠡᠭᠡ ᠪᠠᠶᠢᠳᠠᠯ ᠤᠨ ᠦᠵᠡᠯᠲᠡ ᠲᠠᠨᠢᠯᠲᠠ ᠪᠤᠢ ᠪᠤᠯᠭᠠᠨ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠬᠤᠳᠠ ᠶᠢᠨ ᠪᠦᠳᠦᠭᠡᠨ ᠪᠠᠶᠢᠭᠤᠯᠤᠯᠲᠠ ᠶᠢ ᠶᠡᠬᠡᠪᠡᠷ ᠲᠡᠮᠵᠢᠵᠦ᠂ ᠲᠤᠰ ᠲᠤᠰ ᠲᠠᠭᠠᠨ ᠬᠠᠷᠢᠭᠤᠴᠠᠬᠤ᠂ ᠬᠦᠴᠦ ᠬᠠᠮᠲᠤᠷᠠᠨ ᠠᠵᠢᠯᠯᠠᠬᠤ᠂ ᠬᠠᠤᠯᠢ ᠪᠠᠷ ᠠᠵᠢᠯᠯᠠᠬᠤ᠂ ᠭᠠᠵᠠᠷ ᠰᠢᠷᠣᠶ ᠲᠠᠲᠠᠪᠤᠷᠢᠯᠠᠬᠤ ᠭᠠᠷ ᠭᠦᠢᠴᠡᠳᠬᠡᠯ ᠢ ᠴᠠᠭ ᠲᠤᠬᠠᠶ ᠳᠤᠨᠢ ᠰᠢᠢᠳᠪᠦᠷᠢᠯᠡᠬᠦ᠂  ᠭᠠᠵᠠᠷ ᠰᠢᠷᠣᠶ ᠲᠠᠲᠠᠪᠤᠷᠢᠯᠠᠭᠰᠠᠨ ᠲᠥᠯᠥᠪᠦᠷᠢ ᠰᠦᠢᠳᠬᠡᠯ ᠢ  ᠪᠤᠳᠠᠳᠠᠶᠢᠵᠢᠭᠤᠯᠤᠨ ᠨᠠᠶᠢᠳᠠᠪᠦᠷᠢᠵᠢᠭᠤᠯᠬᠤ ᠬᠡᠷᠡᠭᠳᠡᠢ᠃      ᠲᠠᠪᠤ᠂ ᠪᠥᠳᠥᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠭᠠᠵᠠᠷ ᠰᠢᠷᠣᠶ ᠶᠢ ᠲᠠᠲᠠᠪᠤᠷᠢᠯᠠᠬᠤ ᠶᠠᠪᠤᠴᠠ ᠳᠤ ᠂ ᠱᠤᠸᠠᠩ ᠾᠧ ᠪᠠᠯᠭᠠᠰᠤ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠢᠳᠡᠪᠬᠢᠲᠡᠶ ᠪᠠᠷ ᠨᠥᠬᠦᠴᠡᠯ ᠪᠦᠷᠢᠯᠳᠦᠭᠦᠯᠵᠦ ᠪᠠᠶᠢᠭᠠᠳ ᠡᠨᠡ ᠬᠦ ᠠᠵᠢᠯ ᠢ ᠬᠡᠪ ᠤᠨ ᠶᠣᠰᠣᠭᠠᠷ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠰᠢᠯᠲᠠᠭ ᠡᠷᠢᠵᠦ ᠠᠵᠢᠯ ᠢ ᠬᠠᠷᠰᠢᠯᠠᠬᠤ᠂ ᠭᠠᠴᠢᠵᠤ ᠵᠤᠪᠠᠭᠠᠬᠤ᠂ ᠴᠢᠨᠠᠭᠰᠢᠯᠠᠪᠠᠯ ᠶᠣᠰᠣ ᠪᠤᠰᠤ ᠪᠠᠷ ᠠᠭᠠᠰᠢᠯᠠᠭᠰᠠᠳ ᠢ ᠴᠢᠩᠭ᠎ᠠ ᠰᠢᠢᠳᠪᠦᠷᠢᠯᠡᠨ᠂ ᠬᠠᠤᠯᠢ ᠴᠠᠭᠠᠵᠠ ᠶᠢ ᠵᠥᠷᠢᠴᠡᠭᠰᠡᠨ ᠪᠠᠶᠢᠪᠠᠯ ᠬᠠᠤᠯᠢ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠵᠢᠷᠭᠤᠭ᠎ᠠ᠂ ᠭᠠᠵᠠᠷ ᠰᠢᠷᠣᠶ ᠪᠠᠨ ᠲᠠᠲᠠᠪᠤᠷᠢᠯᠠᠭᠳᠠᠭᠰᠠᠨ ᠭᠠᠴᠠᠭᠠᠨ ᠤ ᠠᠷᠠᠳ ᠬᠡᠷᠪᠡ ᠳᠡᠭᠡᠷᠡᠬᠢ  ᠵᠦᠢᠯ  ᠳᠤ ᠣᠨᠳᠣᠣ ᠰᠠᠨᠠᠯ ᠲᠠᠢ ᠪᠠᠶᠢᠪᠠᠯ᠂ ᠲᠤᠯᠤᠭᠠᠨ ᠡᠳᠤᠷ ᠤᠨ ᠳᠣᠲᠣᠷ᠎ᠠ ᠰᠢᠶᠠᠨ ᠤ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠭᠤᠶᠤᠴᠢᠯᠠᠯ ᠭᠠᠷᠭᠠᠨ ᠰᠠᠨᠠᠯ ᠰᠣᠨᠣᠰᠬᠤ ᠬᠤᠷᠠᠯ ᠬᠢᠨ᠎ᠡ  ᠃ ᠬᠤᠭᠤᠴᠠᠭ᠎ᠠ ᠬᠡᠲᠦᠷᠡᠲᠡᠯ᠎ᠡ ᠭᠤᠶᠤᠴᠢᠯᠠᠯ ᠭᠠᠷᠭᠠᠭᠰᠠᠨ ᠦᠭᠡᠢ ᠪᠠᠶᠢᠪᠠᠯ ᠰᠠᠨᠠᠯ ᠰᠣᠨᠣᠰᠤᠯᠲᠠ ᠶᠢ ᠬᠠᠶᠠᠭᠰᠠᠨ ᠢᠶᠠᠷ ᠪᠤᠳᠤᠨ᠎ᠠ᠃      ᠲᠤᠯᠤᠭ᠎ᠠ᠂ ᠲᠤᠰ ᠵᠠᠷᠯᠠᠯ ᠢ ᠰᠢᠶᠠᠨ ᠤ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠲᠣᠪᠴᠢᠶ᠎ᠠ ᠪᠣᠯᠤᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠬᠠᠷᠢᠭᠤᠴᠠᠨ ᠲᠠᠶᠢᠯᠪᠤᠷᠢᠯᠠᠨ᠎ᠠ᠃      ᠨᠠᠢᠮᠠ᠂ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃                 2018 ᠤᠨ ᠤ 5 ᠰᠠᠷ᠎ᠠ ᠶᠢᠨ 21 ᠤ ᠡᠳᠤᠷ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1