| | | ᠰᠤᠷᠪᠤᠯᠵᠢᠯᠠᠭᠰᠠᠨ ᠴᠠᠭ᠄ 2018 ᠣᠨ ᠤ 2 ᠳ᠋ᠤᠭᠠᠷ ᠰᠠᠷ᠎ᠠ ᠶᠢᠨ 2 ᠤᠨ ᠡᠳᠦᠷ ᠤᠨ ᠦᠳᠡ ᠶᠢᠨ | ᠡᠮᠦᠨᠡᠬᠢ 10 ᠴᠠᠭ | ᠰᠤᠷᠪᠤᠯᠵᠢᠯᠠᠭᠰᠠᠨ ᠵᠣᠴᠢᠨ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ | ᠲᠢᠩᠬᠢᠮ ᠤᠨ ᠳᠡᠳ᠋ ᠲᠢᠩᠬᠢᠮ ᠤᠨ ᠳᠠᠷᠤᠭ᠎ᠠ ᠯᠢᠦ ᠶᠦᠩ ᡁᠢ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠪᠣᠷᠳᠣᠭᠠᠨ ᠤ ᠠᠮᠤᠷ ᠲᠦᠪᠰᠢᠨ ᠨᠢ ᠵᠥᠪᠬᠡᠨ ᠠᠵᠤ ᠠᠬᠤᠢ ᠶᠢᠨ ᠠᠰᠠᠭᠤᠳᠠᠯ ᠪᠢᠰᠢ᠂ ᠮᠥᠨ ᠴᠤ | ᠠᠷᠠᠳ ᠤᠨ ᠠᠮᠢᠳᠤᠷᠠᠯ ᠲᠠᠢ ᠬᠤᠯᠪᠣᠭᠳᠠᠬᠤ ᠲᠥᠪ ᠴᠢᠩᠭ᠎ᠠ ᠤᠯᠤᠰ ᠲᠥᠷᠥ ᠶᠢᠨ ᠠᠰᠠᠭᠤᠳᠠᠯ ᠪᠣᠯᠣᠨ᠎ᠠ᠃ | ᠪᠣᠷᠳᠤᠭ᠎ᠠ ᠪᠣᠯ ᠠᠮᠢᠳᠤ ᠪᠣᠳᠠᠰᠴᠢ ᠴᠢᠨᠠᠷᠲᠠᠢ ᠢᠳᠡᠭᠡᠨ ᠤ ᠡᠬᠢ ᠢᠷᠡᠯᠲᠡ ᠪᠠᠶᠢᠵᠤ᠂ ᠬᠥᠮᠥᠨ ᠲᠥᠷᠥᠯᠬᠢᠲᠡᠨ ᠤ | ᠡᠷᠡᠭᠦᠯ ᠮᠡᠨᠳᠦ ᠲᠠᠢ ᠰᠢᠭᠤᠳ ᠬᠤᠯᠪᠣᠭᠳᠠᠬᠤ ᠪᠣᠯᠬᠤᠷ᠂ ᠪᠣᠷᠳᠣᠭᠠᠨ ᠤ ᠦᠢᠯᠡᠳᠪᠦᠷᠢᠯᠡᠯ ᠪᠠ ᠪᠦᠲᠦᠭᠡᠭᠳᠡᠬᠦᠨ ᠤ | ᠶᠠᠰᠤ ᠴᠢᠨᠠᠷ ᠤᠨ ᠰᠠᠶᠢᠨ ᠮᠠᠭᠤ ᠵᠢᠴᠢ ᠠᠮᠤᠷ ᠲᠦᠪᠰᠢᠨ ᠪᠠᠶᠢᠬᠤ ᠡᠰᠡᠬᠦ ᠨᠢ ᠠᠮᠢ ᠠᠬᠤᠢ ᠶᠢᠨ ᠣᠷᠴᠢᠨ | ᠲᠣᠭᠤᠷᠢᠨ ᠤ ᠦᠷᠭᠦᠯᠵᠢᠯᠡᠬᠦ᠋ᠢᠴᠡ ᠬᠥᠭᠵᠢᠯᠲᠡ ᠪᠠ ᠬᠥᠮᠥᠨ ᠲᠥᠷᠥᠯᠬᠢᠲᠡᠨ ᠤ ᠡᠷᠡᠭᠦᠯ ᠮᠡᠨᠳᠦ ᠶᠢ ᠰᠢᠭᠤᠳ | ᠨᠥᠯᠥᠭᠡᠯᠡᠵᠦ ᠪᠠᠶᠢᠨ᠎ᠠ᠃ ᠪᠣᠷᠳᠤᠭ᠎ᠠ ᠨᠢ ᠮᠠᠯ ᠤᠨ ᠠᠰᠢᠭ ᠰᠢᠮ᠎ᠡ ᠶᠢᠨ ᠠᠮᠤᠷ ᠲᠦᠪᠰᠢᠨ ᠤ ᠢᠨᠵᠧᠨᠧᠷᠢᠩ ᠤᠨ ᠡᠬᠢ | ᠢᠷᠡᠯᠲᠡ ᠪᠣᠯᠣᠭᠰᠠᠨ ᠤ ᠬᠤᠪᠢ ᠳᠤ᠂ ᠲᠡᠭᠦᠨ ᠤ ᠠᠶᠤᠯ ᠦᠭᠡᠢ ᠴᠢᠨᠠᠷ ᠢ ᠪᠠᠲᠤᠯᠠᠬᠤ ᠬᠡᠷᠡᠭᠲᠡᠢ᠃ ᠪᠣᠷᠳᠣᠭᠠᠨ ᠤ | ᠠᠮᠤᠷ ᠲᠦᠪᠰᠢᠨ ᠤ ᠤᠬᠠᠮᠰᠠᠷ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠬᠠᠮᠲᠤ᠂ ᠡᠷᠬᠡᠪᠰᠢ ᠰᠤᠭᠤᠴᠢᠬᠤ᠂ | ᠪᠠᠶᠢᠴᠠᠭᠠᠬᠤ᠂ ᠬᠢᠨᠠᠬᠤ᠂ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠦᠢᠯᠡᠳᠪᠦᠷᠢᠯᠡᠯ᠂ ᠪᠣᠯᠪᠠᠰᠤᠷᠠᠭᠤᠯᠤᠯᠲᠠ᠂ | ᠬᠠᠳᠠᠭᠠᠯᠠᠯᠲᠠ ᠵᠥᠭᠡᠭᠡᠪᠦᠷᠢᠯᠡᠯᠲᠡ᠂ ᠪᠠᠶᠢᠴᠠᠭᠠᠯᠲᠠ ᠬᠡᠮᠵᠢᠯᠲᠡ᠂ ᠬᠡᠷᠡᠭᠯᠡᠭᠡ ᠵᠡᠷᠭᠡ ᠠᠵᠤ ᠦᠢᠯᠡᠰ ᠤᠨ ᠬᠡᠯᠬᠢᠶ᠎ᠡ ᠶᠢᠨ | ᠡᠯ᠎ᠡ ᠭᠤᠭᠴᠤᠭ᠎ᠠ ᠳᠠᠬᠢ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠪᠣᠷᠳᠣᠭᠠᠨ ᠤ ᠳᠣᠲᠣᠷᠠᠬᠢ ᠴᠠᠭᠠᠵᠠ ᠠᠴᠠ | ᠵᠥᠷᠢᠴᠡᠭᠰᠡᠨ ᠨᠡᠮᠡᠯᠲᠡ ᠪᠣᠳᠠᠰ ᠲᠤ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠬᠢᠬᠦ ᠡᠷᠴᠢᠮ ᠢ ᠲᠠᠰᠤᠷᠠᠯᠲᠠ | ᠦᠭᠡᠢ ᠴᠢᠩᠭᠠᠷᠠᠭᠤᠯᠵᠤ᠂ ᠮᠠᠯ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠬᠡᠷᠡᠭᠲᠡᠢ᠃ | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠬᠥᠲᠥᠯᠥᠭᠴᠢ᠄ | ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠢ ᠭᠥᠯᠢᠶᠡᠨ ᠠᠪᠴᠤ | ᠦᠵᠡᠭᠰᠡᠨ ᠳᠤ ᠴᠢᠨᠢ ᠪᠠᠶᠠᠷᠯᠠᠯ᠎ᠠ᠃ ᠥᠨᠥᠳᠥᠷ ᠤᠨ ᠮᠠᠨ ᠤ ᠤᠷᠢᠵᠤ ᠠᠪᠴᠢᠷᠠᠭᠰᠠᠨ ᠵᠣᠴᠢᠨ ᠪᠣᠯ ᠲᠠᠷᠢᠶᠠᠯᠠᠩ ᠮᠠᠯ | ᠠᠵᠤ ᠠᠬᠤᠢ ᠶᠢᠨ ᠲᠢᠩᠬᠢᠮ ᠤᠨ ᠳᠡᠳ᠋ ᠲᠢᠩᠬᠢᠮ ᠤᠨ ᠳᠠᠷᠤᠭ᠎ᠠ ᠯᠢᠦ ᠶᠦᠩ ᡁᠢ ᠪᠣᠯᠣᠨ᠎ᠠ᠂ ᠯᠢᠦ ᠲᠢᠩᠬᠢᠮ ᠤᠨ | ᠳᠠᠷᠤᠭ᠎ᠠ ᠰᠦᠯᠵᠢᠶ᠎ᠡ ᠪᠠᠷ ᠮᠠᠨ ᠤ ᠣᠷᠣᠨ ᠤ ᠪᠣᠷᠳᠣᠭᠠᠨ ᠤ ᠶᠠᠰᠤ ᠴᠢᠨᠠᠷ ᠤᠨ ᠠᠮᠤᠷ ᠲᠦᠪᠰᠢᠨ ᠤ ᠲᠤᠬᠠᠢ | ᠰᠡᠳᠦᠪ ᠢᠶᠠᠷ ᠣᠯᠠᠨ ᠲᠠᠢ ᠰᠠᠨᠠᠯ ᠰᠣᠯᠢᠯᠴᠠᠬᠤ ᠶᠢᠨ ᠬᠠᠮᠲᠤ᠂ ᠰᠦᠯᠵᠢᠶ᠎ᠡ ᠪᠠᠷ ᠣᠯᠠᠨ ᠤ ᠠᠰᠠᠭᠤᠯᠲᠠ ᠶᠢ | ᠬᠠᠷᠢᠭᠤᠯᠬᠤ ᠪᠠᠷ ᠪᠣᠯᠣᠯ᠎ᠠ᠃ ᠯᠢᠦ ᠲᠢᠩᠬᠢᠮ ᠤᠨ ᠳᠠᠷᠤᠭ᠎ᠠ ᠶᠢ ᠪᠠᠶᠠᠷᠯᠠᠨ ᠤᠭᠲᠤᠵᠤ ᠪᠠᠶᠢᠨ᠎ᠠ᠃ | ᠯᠢᠦ ᠶᠦᠩ ᡁᠢ᠄ | ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠠᠳᠡ ᠲᠠ ᠪᠦᠬᠦᠨ ᠲᠠᠢ | ᠰᠠᠨᠠᠯ ᠢᠶᠠᠨ ᠰᠣᠯᠢᠯᠴᠠᠬᠤ ᠪᠣᠯᠣᠭᠰᠠᠨ ᠳᠠᠭᠠᠨ ᠮᠠᠰᠢ ᠪᠠᠶᠠᠷᠲᠠᠢ ᠪᠠᠶᠢᠨ᠎ᠠ᠃ | ᠬᠥᠲᠥᠯᠥᠭᠴᠢ᠄ | ᠡᠩ ᠲᠡᠷᠢᠭᠦᠨ ᠳᠤ᠂ ᠲᠠ ᠮᠠᠯ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠳᠤ ᠦᠵᠡᠭᠦᠯᠬᠦ ᠪᠣᠷᠳᠣᠭᠠᠨ ᠤ | ᠠᠮᠤᠷ ᠲᠦᠪᠰᠢᠨ ᠤ ᠴᠢᠬᠤᠯᠠ ᠴᠢᠨᠠᠷ ᠢ ᠶᠠᠷᠢᠭᠠᠳ ᠥᠭᠭᠦᠨ᠎ᠡ ᠦᠦ︖ | ᠯᠢᠦ ᠶᠦᠩ ᡁᠢ᠄ | ᠪᠣᠷᠳᠤᠭ᠎ᠠ ᠨᠢ ᠮᠠᠯ ᠠᠵᠤ ᠠᠬᠤᠢ ᠶᠢᠨ ᠬᠥᠭᠵᠢᠯᠲᠡ ᠶᠢᠨ ᠪᠣᠳᠠᠰ ᠤᠨ ᠰᠠᠭᠤᠷᠢ ᠪᠣᠯᠬᠤ ᠲᠡᠳᠦᠢ ᠦᠭᠡᠢ᠂ | ᠮᠥᠨ ᠴᠤ ᠮᠠᠯ ᠠᠵᠤ ᠠᠬᠤᠢ ᠶᠢᠨ ᠬᠥᠭᠵᠢᠯᠲᠡ ᠶᠢᠨ ᠬᠥᠳᠡᠯᠭᠡᠭᠴᠢ ᠬᠦᠴᠦᠨ ᠪᠠ ᠪᠠᠲᠤ ᠴᠢᠩᠭ᠎ᠠ ᠲᠤᠯᠭᠠᠭᠤᠷᠢᠯᠠᠯ | ᠪᠣᠯᠣᠨ᠎ᠠ᠂ ᠨᠡᠩ ᠴᠤ ᠮᠠᠯ ᠠᠵᠤ ᠠᠬᠤᠢ ᠶᠢᠨ ᠰᠢᠰᠲ᠋ᠧᠮᠲᠦ ᠢᠨᠵᠧᠨᠧᠷᠢᠩ ᠢ ᠪᠡᠶᠡᠯᠡᠭᠦᠯᠬᠦ ᠴᠢᠬᠤᠯᠠ ᠨᠥᠬᠦᠴᠡᠯ | ᠪᠣᠯᠣᠨ᠎ᠠ᠃ ᠮᠠᠨ ᠤ ᠣᠷᠣᠨ ᠤ ᠮᠠᠯ ᠠᠵᠤ ᠠᠬᠤᠢ ᠶᠢᠨ ᠬᠥᠭᠵᠢᠯᠲᠡ ᠲᠦᠷᠭᠡᠨ ᠪᠠᠶᠢᠵᠤ᠂ ᠨᠢᠭᠡᠨᠲᠡ ᠮᠠᠯᠵᠢᠬᠤ | ᠲᠠᠷᠢᠶᠠᠯᠠᠬᠤ ᠣᠷᠣᠨ ᠤ ᠬᠥᠭᠵᠢᠯᠲᠡ ᠶᠢᠨ ᠲᠤᠯᠭᠠᠭᠤᠷᠢ ᠠᠵᠤ ᠦᠢᠯᠡᠰ ᠤᠨ ᠨᠢᠭᠡ ᠨᠢ ᠪᠣᠯᠪᠠ᠃ ᠡᠶᠢᠮᠦ ᠠᠴᠠ᠂ | ᠮᠠᠯ ᠠᠵᠤ ᠠᠬᠤᠢ ᠶᠢᠨ ᠬᠥᠭᠵᠢᠯᠲᠡ ᠳᠤᠮᠳᠠ ᠪᠣᠷᠳᠣᠭᠠᠨ ᠤ ᠠᠵᠤ ᠦᠢᠯᠡᠰ ᠤᠨ ᠬᠥᠭᠵᠢᠯᠲᠡ ᠨᠢ ᠨᠡᠩ ᠴᠢᠬᠤᠯᠠ | ᠪᠣᠯᠵᠤ᠂ ᠪᠣᠷᠳᠣᠭᠠᠨ ᠤ ᠦᠢᠯᠡᠳᠪᠦᠷᠢᠯᠡᠯ ᠪᠠ ᠪᠦᠲᠦᠭᠡᠭᠳᠡᠬᠦᠨ ᠤ ᠶᠠᠰᠤ ᠴᠢᠨᠠᠷ ᠤᠨ ᠰᠠᠶᠢᠨ ᠮᠠᠭᠤ ᠵᠢᠴᠢ ᠠᠮᠤᠷ | ᠲᠦᠪᠰᠢᠨ ᠪᠠᠶᠢᠬᠤ ᠡᠰᠡᠬᠦ ᠨᠢ ᠮᠠᠯ ᠵᠢᠭᠦᠷᠲᠡᠨ ᠤ ᠬᠡᠪ ᠤᠨ ᠪᠤᠶᠢᠵᠢᠯᠲᠠ᠂ ᠡᠷᠡᠭᠦᠯ ᠥᠰᠦᠯᠲᠡ᠂ ᠠᠮᠢ ᠠᠬᠤᠢ ᠶᠢᠨ | ᠣᠷᠴᠢᠨ ᠲᠣᠭᠤᠷᠢᠨ ᠤ ᠦᠷᠭᠦᠯᠵᠢᠯᠡᠬᠦ᠋ᠢᠴᠡ ᠬᠥᠭᠵᠢᠯᠲᠡ ᠪᠠ ᠬᠥᠮᠥᠨ ᠲᠥᠷᠥᠯᠬᠢᠲᠡᠨ ᠤ ᠡᠷᠡᠭᠦᠯ ᠮᠡᠨᠳᠦ ᠶᠢ | ᠰᠢᠭᠤᠳ ᠨᠥᠯᠥᠭᠡᠯᠡᠵᠦ ᠪᠠᠶᠢᠨ᠎ᠠ᠃ ︽ᠠᠮᠤ ᠬᠦᠨᠡᠰᠦ ᠪᠣᠯ ᠢᠷᠭᠡᠳ ᠤᠨ ᠠᠮᠢ ᠭᠤᠣᠯ᠂ ᠲᠡᠵᠢᠭᠡᠯ ᠪᠣᠷᠳᠤᠭ᠎ᠠ ᠪᠣᠯ | ᠮᠠᠯ ᠤᠨ ᠲᠡᠷᠢᠭᠦᠨ ᠬᠡᠷᠡᠭᠴᠡᠭᠡ︾ ᠭᠡᠳᠡᠭ ᠢᠶᠠᠷ᠂ ᠪᠣᠷᠳᠤᠭ᠎ᠠ ᠪᠣᠯ ᠮᠠᠯ ᠠᠵᠤ ᠠᠬᠤᠢ ᠶᠢᠨ ᠦᠢᠯᠡᠳᠪᠦᠷᠢᠯᠡᠯ ᠤᠨ | ᠬᠦᠴᠦᠨ ᠢ ᠲᠣᠭᠲᠠᠭᠠᠬᠤ ᠭᠤᠣᠯ ᠬᠦᠴᠦᠨ ᠵᠦᠢᠯ ᠪᠠᠶᠢᠵᠤ᠂ ᠭᠠᠭᠴᠠ ᠬᠦ ᠭᠦᠢᠴᠡᠳ ᠮᠥᠷᠲᠡᠭᠡᠨ ᠰᠢᠯᠢᠳᠡᠭ | ᠴᠢᠨᠠᠷᠲᠤ ᠪᠣᠷᠳᠤᠭ᠎ᠠ ᠪᠠᠶᠢᠮᠠᠨᠵᠢᠨ ᠰᠠᠶ᠋ᠢ ᠮᠠᠯ ᠵᠢᠭᠦᠷᠲᠡᠨ ᠤ ᠡᠷᠡᠭᠦᠯ ᠦᠷᠡᠵᠢᠯᠲᠡ ᠥᠰᠦᠯᠲᠡ ᠶᠢ ᠪᠠᠲᠤᠯᠠᠵᠤ᠂ | ᠲᠠᠰᠤᠷᠠᠯᠲᠠ ᠦᠭᠡᠢ ᠡᠭᠦᠯᠳᠡᠷ ᠰᠠᠶᠢᠵᠢᠷᠠᠭᠤᠯᠵᠤ ᠪᠠᠶᠢᠭ᠎ᠠ ᠮᠠᠯ ᠵᠢᠭᠦᠷᠲᠡᠨ ᠤ ᠲᠥᠷᠥᠯ ᠤᠨ ᠲᠦᠷᠭᠡᠨ | ᠥᠰᠦᠯᠲᠡ ᠶᠢᠨ ᠱᠠᠭᠠᠷᠳᠠᠯᠭ᠎ᠠ ᠶᠢ ᠬᠠᠩᠭᠠᠨ᠂ ᠮᠠᠯ ᠠᠵᠤ ᠠᠬᠤᠢ ᠶᠢᠨ ︽ᠰᠢᠯᠢᠳᠡᠭ ᠴᠢᠨᠠᠷ ᠲᠠᠢ᠂ ᠥᠨᠳᠥᠷ ᠠᠰᠢᠭ | ᠰᠢᠮ᠎ᠡ ᠲᠠᠢ᠂ ᠥᠨᠳᠥᠷ ᠪᠦᠲᠦᠮᠵᠢ ᠲᠠᠢ︾ ᠬᠥᠭᠵᠢᠯᠲᠡ ᠶᠢ ᠪᠡᠶᠡᠯᠡᠭᠦᠯᠵᠦ ᠴᠢᠳᠠᠨ᠎ᠠ᠃ ᠡᠶᠢᠮᠦ ᠠᠴᠠ᠂ | ᠪᠣᠷᠳᠣᠭᠠᠨ ᠤ ᠠᠮᠤᠷ ᠲᠦᠪᠰᠢᠨ ᠨᠢ ᠵᠥᠪᠬᠡᠨ ᠠᠵᠤ ᠠᠬᠤᠢ ᠶᠢᠨ ᠠᠰᠠᠭᠤᠳᠠᠯ ᠪᠢᠰᠢ᠂ ᠮᠥᠨ ᠴᠤ ᠠᠷᠠᠳ ᠤᠨ | ᠠᠮᠢᠳᠤᠷᠠᠯ ᠲᠠᠢ ᠬᠤᠯᠪᠣᠭᠳᠠᠭᠰᠠᠨ ᠲᠥᠪ ᠴᠢᠩᠭ᠎ᠠ ᠤᠯᠤᠰ ᠲᠥᠷᠥ ᠶᠢᠨ ᠠᠰᠠᠭᠤᠳᠠᠯ ᠪᠣᠯᠣᠨ᠎ᠠ᠃ | ᠯᠢᠦ ᠶᠦᠩ ᡁᠢ᠄ | ᠮᠠᠨ ᠤ ᠣᠷᠣᠨ ᠤ ᠮᠠᠯ ᠠᠵᠤ ᠠᠬᠤᠢ ᠣᠯᠠᠨ ᠵᠢᠯ ᠤᠨ ᠬᠥᠭᠵᠢᠯᠲᠡ ᠪᠠᠷ ᠳᠠᠮᠵᠢᠭᠤᠯᠤᠨ᠂ ᠨᠢᠭᠡᠨᠲᠡ ᠮᠠᠰᠢ | ᠴᠢᠩᠭ᠎ᠠ ᠦᠢᠯᠡᠳᠪᠦᠷᠢᠯᠡᠯ ᠤᠨ ᠴᠢᠳᠠᠪᠤᠷᠢ ᠶᠢ ᠪᠦᠷᠢᠯᠳᠦᠭᠦᠯᠵᠦ᠂ ᠬᠥᠭᠵᠢᠯᠲᠡ ᠶᠢᠨ ᠭᠤᠣᠯᠳᠠᠯᠭ᠎ᠠ ᠪᠠᠨ ᠮᠠᠯ ᠤᠨ | ᠠᠰᠢᠭ ᠰᠢᠮ᠎ᠡ ᠶᠢᠨ ᠭᠠᠷᠤᠯᠲᠠ ᠠᠴᠠ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠲᠡᠶᠢᠰᠢ | ᠬᠤᠪᠢᠷᠠᠭᠤᠯᠵᠤ᠂ ᠮᠠᠯ ᠠᠵᠤ ᠠᠬᠤᠢ ᠶᠢᠨ ᠦᠷᠭᠦᠯᠵᠢᠯᠡᠬᠦ᠋ᠢᠴᠡ ᠬᠥᠭᠵᠢᠯᠲᠡ ᠶᠢ ᠪᠡᠶᠡᠯᠡᠭᠦᠯᠪᠡ᠃ ᠪᠣᠷᠳᠣᠭᠠᠨ ᠤ | ᠠᠵᠤ ᠦᠢᠯᠡᠳᠪᠦᠷᠢ ᠶᠠᠭ ᠰᠠᠶᠢᠬᠠᠨ ᠠᠮᠤᠷ ᠲᠦᠪᠰᠢᠨᠵᠢᠭᠦᠯᠬᠦ᠂ ᠪᠠᠷᠢᠮᠵᠢᠶᠠᠵᠢᠭᠤᠯᠬᠤ᠂ ᠬᠡᠪᠴᠢᠶᠡᠵᠢᠭᠦᠯᠬᠦ | ᠴᠢᠭᠯᠡᠯ ᠢᠶᠠᠷ ᠬᠥᠭᠵᠢᠵᠦ᠂ ᠢᠯᠠᠩᠭᠤᠶ᠎ᠠ ᠮᠠᠨ ᠤ ᠣᠷᠣᠨ ᠤ ᠳᠤᠷᠠᠳᠤᠭᠰᠠᠨ ︽ᠬᠤᠨᠢ ᠶᠢᠨ ᠲᠤᠭ᠎ᠠ ᠲᠣᠯᠣᠭᠠᠢ ᠶᠢ | ᠲᠣᠭᠲᠠᠭᠤᠨ ᠪᠠᠶᠢᠯᠭᠠᠵᠤ ᠦᠬᠡᠷ ᠤᠨ ᠲᠤᠭ᠎ᠠ ᠲᠣᠯᠣᠭᠠᠢ ᠶᠢ ᠨᠡᠮᠡᠭᠳᠡᠭᠦᠯᠦᠨ᠂ ᠭᠠᠭ᠋ᠠᠢ ᠵᠢᠭᠦᠷᠲᠡᠨ ᠲᠡᠵᠢᠭᠡᠬᠦ ᠶᠢ | ᠥᠷᠭᠡᠳᠬᠡᠬᠦ︾ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠶᠣᠰᠣᠭᠠᠷ᠂ ᠬᠡᠪᠴᠢᠶᠡᠵᠢᠭᠦᠯᠵᠦ ᠲᠡᠵᠢᠭᠡᠨ | ᠦᠷᠡᠵᠢᠭᠦᠯᠬᠦ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠣᠷᠳᠣᠭᠠᠨ ᠤ ︽ᠴᠢᠨᠠᠷ︾ ᠪᠠ ︽ᠬᠡᠮᠵᠢᠶ᠎ᠡ︾ | ᠶᠢᠨ ᠱᠠᠭᠠᠷᠳᠠᠯᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ ᠪᠠᠶᠢᠨ᠎ᠠ᠃ ᠪᠣᠷᠳᠣᠭᠠᠨ ᠤ ᠠᠮᠤᠷ ᠲᠦᠪᠰᠢᠨ ᠢ | ᠰᠠᠶᠢᠲᠤᠷ ᠠᠳᠬᠤᠵᠤ᠂ ᠮᠠᠯ ᠤᠨ ᠠᠰᠢᠭ ᠰᠢᠮ᠎ᠡ ᠶᠢᠨ ᠠᠮᠤᠷ ᠲᠦᠪᠰᠢᠨ ᠢ ᠪᠠᠲᠤᠯᠠᠬᠤ ᠨᠢ ᠨᠢᠭᠡᠨᠲᠡ ᠪᠣᠷᠳᠣᠭᠠᠨ ᠤ | ᠠᠵᠤ ᠦᠢᠯᠡᠳᠪᠦᠷᠢ ᠶᠢᠨ ᠲᠤᠯᠭᠠᠮ᠎ᠠ ᠡᠭᠦᠷᠭᠡ ᠪᠣᠯᠣᠭᠰᠠᠨ ᠪᠠᠶᠢᠨ᠎ᠠ᠃ ᠡᠶᠢᠮᠦ ᠠᠴᠠ᠂ ᠡᠭᠦᠨ ᠠᠴᠠ | ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠳᠤ᠂ ᠮᠠᠨ ᠤ ᠣᠷᠣᠨ ᠤ ᠪᠣᠷᠳᠣᠭᠠᠨ ᠤ ᠠᠵᠢᠯ ᠲᠥᠷᠥᠯ ᠤᠨ ᠬᠢᠨ | ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦ ᠶᠢ ᠪᠡᠶᠡᠯᠡᠭᠦᠯᠵᠦ᠂ ᠠᠮᠤᠷ ᠲᠦᠪᠰᠢᠨ ᠢ ᠪᠠᠲᠤᠯᠠᠨ᠂ ᠬᠠᠩᠭᠠᠯᠭ᠎ᠠ ᠶᠢ | ᠪᠠᠲᠤᠯᠠᠵᠤ᠂ ᠬᠥᠭᠵᠢᠯᠲᠡ ᠶᠢ ᠪᠠᠲᠤᠯᠠᠵᠤ᠂ ᠪᠣᠷᠳᠣᠭᠠᠨ ᠤ ᠡᠬᠢ ᠪᠠᠶᠠᠯᠢᠭ ᠢ ᠭᠦᠢᠴᠡᠳ ᠨᠡᠭᠡᠭᠡᠨ ᠠᠰᠢᠭᠯᠠᠵᠤ᠂ | ᠪᠣᠷᠳᠣᠭᠠᠨ ᠤ ᠠᠵᠢᠯ ᠲᠥᠷᠥᠯ ᠤᠨ ᠣᠳᠣᠬᠢᠴᠢᠯᠠᠯᠲᠠ ᠶᠢ ᠬᠠᠮᠤᠭ ᠲᠦᠷᠦᠭᠦᠨ ᠳᠤ ᠪᠡᠶᠡᠯᠡᠭᠦᠯᠵᠦ᠂ ᠪᠣᠷᠳᠣᠭᠠᠨ ᠤ | ᠠᠵᠢᠯ ᠲᠥᠷᠥᠯ ᠤᠨ ᠣᠳᠣᠬᠢᠴᠢᠯᠠᠯᠲᠠ ᠪᠠᠷ ᠮᠠᠯ ᠠᠵᠤ ᠠᠬᠤᠢ ᠶᠢᠨ ᠣᠳᠣᠬᠢᠴᠢᠯᠠᠯᠲᠠ ᠶᠢ ᠠᠬᠢᠭᠤᠯᠤᠨ᠂ ᠮᠠᠯ ᠠᠵᠤ | ᠠᠬᠤᠢ ᠶᠢᠨ ᠣᠳᠣᠬᠢᠴᠢᠯᠠᠯᠲᠠ ᠪᠠᠷ ᠪᠣᠷᠳᠣᠭᠠᠨ ᠤ ᠠᠵᠢᠯ ᠲᠥᠷᠥᠯ ᠤᠨ ᠶᠡᠭᠡ ᠬᠥᠭᠵᠢᠯᠲᠡ ᠶᠢ ᠳᠠᠶᠢᠴᠢᠯᠠᠬᠤ | ᠬᠡᠷᠡᠭᠲᠡᠢ᠃ ᠮᠠᠨ ᠤ ᠣᠷᠣᠨ ᠤ ᠪᠣᠷᠳᠣᠭᠠᠨ ᠤ ᠠᠵᠢᠯ ᠲᠥᠷᠥᠯ ᠤᠨ ᠲᠤᠰ ᠪᠡᠶ᠎ᠡ ᠶᠢᠨ ᠪᠠᠶᠢᠷᠢ ᠲᠣᠭᠲᠠᠭᠠᠯᠲᠠ ᠶᠢ | ᠢᠳᠡᠪᠬᠢᠲᠡᠢ ᠠᠬᠢᠭᠤᠯᠬᠤ ᠲᠠᠯ᠎ᠠ ᠪᠠᠷ ᠭᠤᠷᠪᠠᠨ ᠬᠤᠪᠢᠷᠠᠯᠲᠠ ᠶᠢ ᠪᠡᠶᠡᠯᠡᠭᠦᠯᠬᠦ ᠬᠡᠷᠡᠭᠲᠡᠢ᠄ ᠰᠢᠯᠢᠳᠡᠭ ᠴᠢᠨᠠᠷᠲᠤ | ᠪᠣᠷᠳᠣᠭᠠᠨ ᠤ ᠪᠦᠲᠦᠭᠡᠭᠳᠡᠬᠦᠨ ᠤ ᠬᠠᠩᠭᠠᠭᠴᠢ ᠠᠴᠠ ᠰᠢᠯᠢᠳᠡᠭ ᠴᠢᠨᠠᠷᠲᠤ ᠮᠠᠯ ᠤᠨ ᠠᠰᠢᠭ ᠰᠢᠮ᠎ᠡ ᠶᠢᠨ ᠬᠠᠩᠭᠠᠭᠴᠢ | ᠪᠣᠯᠭᠠᠨ ᠬᠤᠪᠢᠷᠠᠭᠤᠯᠤᠨ᠎ᠠ︔ ᠠᠵᠤ ᠦᠢᠯᠡᠰ ᠤᠨ ᠬᠡᠯᠬᠢᠶ᠎ᠡ ᠶᠢᠨ ᠣᠷᠣᠯᠴᠠᠭᠴᠢ ᠠᠴᠠ ᠠᠵᠤ ᠦᠢᠯᠡᠰ ᠤᠨ | ᠬᠡᠯᠬᠢᠶ᠎ᠡ ᠶᠢᠨ ᠵᠣᠬᠢᠶᠠᠨ ᠪᠠᠶᠢᠭᠤᠯᠤᠭᠴᠢ ᠪᠣᠯᠭᠠᠨ ᠬᠤᠪᠢᠷᠠᠭᠤᠯᠤᠨ᠎ᠠ︔ ᠡᠬᠢ ᠪᠠᠶᠠᠯᠢᠭ ᠤᠨ ᠨᠡᠭᠡᠭᠡᠨ | ᠠᠰᠢᠭᠯᠠᠭᠴᠢ ᠠᠴᠠ ᠵᠦᠢ ᠶᠣᠰᠣᠨ ᠤ ᠬᠥᠭᠵᠢᠯᠲᠡ ᠶᠢᠨ ᠲᠦᠯᠬᠢᠨ ᠠᠬᠢᠭᠤᠯᠤᠭᠴᠢ ᠪᠣᠯᠭᠠᠨ ᠬᠤᠪᠢᠷᠠᠭᠤᠯᠤᠨ᠎ᠠ᠃ | ᠡᠭᠦᠨ ᠤ ᠬᠠᠮᠲᠤ ᠪᠣᠷᠳᠤᠭ᠎ᠠ ᠬᠢᠭᠡᠳ ᠮᠠᠯ ᠤᠨ ᠠᠰᠢᠭ ᠰᠢᠮ᠎ᠡ ᠶᠢᠨ ᠠᠮᠤᠷ ᠲᠦᠪᠰᠢᠨ ᠤ ᠤᠬᠠᠮᠰᠠᠷ ᠢ | ᠳᠡᠭᠡᠭᠰᠢᠯᠡᠭᠦᠯᠬᠦ ᠪᠠ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠦᠢᠯᠡᠳᠪᠦᠷᠢᠯᠡᠯ᠂ | ᠪᠣᠯᠪᠠᠰᠤᠷᠠᠭᠤᠯᠤᠯᠲᠠ᠂ ᠬᠠᠳᠠᠭᠠᠯᠠᠯᠲᠠ ᠵᠥᠭᠡᠭᠡᠪᠦᠷᠢᠯᠡᠯᠲᠡ᠂ ᠪᠠᠶᠢᠴᠠᠭᠠᠯᠲᠠ ᠬᠡᠮᠵᠢᠯᠲᠡ᠂ ᠬᠡᠷᠡᠭᠯᠡᠭᠡ ᠵᠡᠷᠭᠡ ᠠᠵᠤ | ᠦᠢᠯᠡᠰ ᠤᠨ ᠬᠡᠯᠬᠢᠶ᠎ᠡ ᠶᠢᠨ ᠡᠯ᠎ᠡ ᠭᠤᠭᠴᠤᠭ᠎ᠠ ᠶᠢᠨ ᠬᠠᠮᠢᠶᠠᠷᠤᠯᠲᠠ ᠡᠵᠡᠮᠳᠡᠯ ᠢᠶᠠᠨ ᠴᠢᠩᠭᠠᠳᠬᠠᠵᠤ᠂ ᠪᠣᠷᠳᠣᠭᠠᠨ ᠤ | ᠳᠣᠲᠣᠷᠠᠬᠢ ᠴᠠᠭᠠᠵᠠ ᠠᠴᠠ ᠵᠥᠷᠢᠴᠡᠭᠰᠡᠨ ᠨᠡᠮᠡᠯᠲᠡ ᠪᠣᠳᠠᠰ ᠲᠤ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠬᠢᠬᠦ | ᠡᠷᠴᠢᠮ ᠢ ᠴᠢᠩᠭᠠᠷᠠᠭᠤᠯᠵᠤ᠂ ᠮᠠᠨ ᠤ ᠣᠷᠣᠨ ᠤ ᠮᠠᠯ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠪᠠᠲᠤᠯᠠᠬᠤ | ᠬᠡᠷᠡᠭᠲᠡᠢ᠃ | ᠬᠥᠲᠥᠯᠥᠭᠴᠢ᠄ | ᠣᠳᠣᠬᠠᠨ ᠳᠤ ᠮᠠᠨ ᠤ ᠣᠷᠣᠨ ᠤ ᠪᠣᠷᠳᠣᠭᠠᠨ ᠤ ᠦᠢᠯᠡᠳᠪᠦᠷᠢᠯᠡᠯ ᠬᠢᠭᠡᠳ ᠪᠦᠲᠦᠭᠡᠭᠳᠡᠬᠦᠨ ᠤ ᠪᠠᠶᠢᠳᠠᠯ | ᠶᠠᠮᠠᠷ ᠪᠣᠢ︖ | ᠯᠢᠦ ᠶᠦᠩ ᡁᠢ᠄ | ᠣᠶᠢᠷ᠎ᠠ ᠶᠢᠨ ᠵᠢᠯ ᠤᠳ ᠲᠤ᠂ ᠮᠠᠨ ᠤ ᠣᠷᠣᠨ ᠤ ᠪᠣᠷᠳᠣᠭᠠᠨ ᠤ ᠠᠵᠢᠯ ᠨᠢ ᠠᠵᠢᠯ ᠲᠥᠷᠥᠯ ᠤᠨ | ᠬᠥᠭᠵᠢᠯᠲᠡ ᠶᠢ ᠠᠩᠬᠠᠷᠤᠨ ᠴᠢᠬᠤᠯᠠᠴᠢᠯᠠᠭᠰᠠᠨ ᠰᠠᠭᠤᠷᠢᠨ ᠳᠡᠭᠡᠷ᠎ᠡ᠂ ᠴᠠᠭ ᠤᠨ ᠪᠠᠶᠢᠳᠠᠯ ᠤᠨ ᠬᠥᠭᠵᠢᠯᠲᠡ ᠶᠢᠨ | ᠱᠠᠭᠠᠷᠳᠠᠯᠭ᠎ᠠ ᠳᠤ ᠨᠡᠶᠢᠴᠡᠭᠦᠯᠵᠦ᠂ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡ ᠲᠠᠢ᠂ | ᠬᠠᠮᠲᠤ ᠪᠠᠷ ᠬᠦᠷᠲᠡᠬᠦ ᠬᠥᠭᠵᠢᠯᠲᠡ ᠶᠢᠨ ᠣᠨᠣᠯᠵᠢᠬᠤᠨ ᠢ ᠯᠠᠪᠳᠠᠭᠤᠨ ᠪᠠᠲᠤᠲᠠᠢ ᠪᠣᠢ ᠪᠣᠯᠭᠠᠵᠤ᠂ ᠲᠡᠵᠢᠭᠡᠪᠦᠷᠢ ᠶᠢᠨ | ᠦᠢᠯᠡᠰ ᠤᠨ ᠬᠥᠭᠵᠢᠯᠲᠡ ᠶᠢᠨ ᠰᠢᠨ᠎ᠡ ᠬᠠᠨᠳᠤᠰᠢ ᠰᠢᠨ᠎ᠡ ᠱᠠᠭᠠᠷᠳᠠᠯᠭ᠎ᠠ ᠲᠠᠢ ᠰᠠᠨᠠᠭᠠᠴᠢᠯᠠᠭ᠎ᠠ ᠠᠴᠠ ᠪᠠᠨ | ᠵᠣᠬᠢᠴᠠᠯᠳᠤᠨ᠂ ᠬᠥᠭᠵᠢᠯᠲᠡ ᠶᠢᠨ ᠶᠠᠰᠤ ᠴᠢᠨᠠᠷ᠂ ᠦᠷ᠎ᠡ ᠠᠰᠢᠭ ᠪᠠ ᠥᠷᠢᠰᠦᠯᠳᠦᠬᠦ ᠬᠦᠴᠦᠨ ᠢ | ᠳᠡᠭᠡᠭᠰᠢᠯᠡᠭᠦᠯᠬᠦ ᠪᠠᠷ ᠲᠥᠪ ᠪᠣᠯᠭᠠᠵᠤ᠂ ᠣᠳᠣ ᠦᠶ᠎ᠡ ᠶᠢᠨ ᠪᠣᠷᠳᠣᠭᠠᠨ ᠤ ᠦᠢᠯᠡᠳᠪᠦᠷᠢᠯᠡᠯ ᠤᠨ ᠰᠢᠰᠲ᠋ᠧᠮᠴᠢ ᠪᠠ | ᠡᠵᠡᠩᠨᠡᠯᠲᠡ ᠶᠢᠨ ᠰᠢᠰᠲ᠋ᠧᠮᠴᠢ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠪᠣᠷᠳᠣᠭᠠᠨ ᠤ ᠶᠠᠰᠤ | ᠴᠢᠨᠠᠷ ᠤᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠮᠠᠨ ᠤ | ᠣᠷᠣᠨ ᠤ ᠮᠠᠯ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠬᠦᠴᠦᠲᠡᠢ ᠲᠤᠯᠭᠠᠭᠤᠷᠢᠯᠠᠯ | ᠬᠠᠩᠭᠠᠭᠰᠠᠨ ᠪᠠᠶᠢᠨ᠎ᠠ᠃ | ᠪᠣᠷᠳᠣᠭᠠᠨ ᠤ ᠦᠢᠯᠡᠳᠪᠦᠷᠢᠯᠡᠯ ᠤᠨ ᠪᠠᠶᠢᠳᠠᠯ᠃ ᠬᠠᠤᠯᠢ ᠴᠠᠭᠠᠵᠠ ᠲᠣᠭᠲᠠᠭᠠᠯ ᠶᠣᠰᠣᠭᠠᠷ ᠬᠢᠨᠠᠨ | ᠵᠥᠪᠰᠢᠶᠡᠷᠡᠬᠦ ᠠᠵᠢᠯᠯᠠᠭ᠎ᠠ ᠶᠢ ᠵᠢᠷᠤᠮᠵᠢᠭᠤᠯᠬᠤ ᠪᠠᠷ ᠳᠠᠮᠵᠢᠭᠤᠯᠵᠤ᠂ ᠣᠳᠣ ᠪᠣᠯᠲᠠᠯ᠎ᠠ ᠨᠡᠶᠢᠲᠡ 368 | ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠬᠢᠨᠠᠨ ᠵᠥᠪᠰᠢᠶᠡᠷᠡᠵᠦ᠂ ᠪᠦᠬᠦ ᠣᠷᠣᠨ ᠳᠤ ᠵᠥᠪᠰᠢᠶᠡᠷᠡᠯ ᠤᠨ | ᠦᠨᠡᠮᠯᠡᠯ ᠣᠯᠣᠭᠰᠠᠨ ᠪᠣᠷᠳᠤᠭ᠎ᠠ ᠦᠢᠯᠡᠳᠪᠦᠷᠢᠯᠡᠬᠦ ᠠᠵᠤ ᠠᠬᠤᠶᠢᠯᠠᠯ 340 ᠪᠠᠶᠢᠵᠤ᠂ ᠨᠢᠭᠡ ᠯᠡ ᠡᠭᠡᠯᠵᠢ ᠶᠢᠨ | ᠪᠣᠯᠪᠠᠰᠤᠷᠠᠭᠤᠯᠬᠤ ᠴᠢᠳᠠᠪᠤᠷᠢ ᠨᠢ 400 ᠲᠦᠮᠡ ᠠᠴᠠ ᠳᠡᠭᠡᠭᠰᠢ ᠪᠠᠶᠢᠵᠤ᠂ ᠪᠣᠷᠳᠤᠭ᠎ᠠ ᠦᠢᠯᠡᠳᠪᠦᠷᠢᠯᠡᠬᠦ ᠠᠵᠤ | ᠠᠬᠤᠶᠢᠯᠠᠯ ᠳᠤ ᠠᠵᠢᠯᠯᠠᠵᠤ ᠪᠠᠶᠢᠭ᠎ᠠ ᠬᠥᠮᠥᠨ ᠤ ᠲᠤᠭ᠎ᠠ 1.5 ᠲᠦᠮᠡ ᠪᠣᠯᠵᠠᠢ᠃ ᠪᠠᠷᠤᠭᠴᠠᠭᠠᠯᠠᠪᠠᠯ 2017 | ᠣᠨ ᠤ ᠪᠣᠷᠳᠤᠭ᠎ᠠ ᠦᠢᠯᠡᠳᠪᠦᠷᠢᠯᠡᠭᠰᠡᠨ ᠶᠡᠷᠦᠩᠬᠡᠢ ᠬᠡᠮᠵᠢᠶ᠎ᠡ ᠨᠢ 329 ᠲᠦᠮᠡ ᠠᠴᠠ ᠳᠡᠭᠡᠭᠰᠢ ᠪᠠᠶᠢᠵᠤ᠂ | ᠥᠩᠭᠡᠷᠡᠭᠰᠡᠨ ᠤ ᠠᠳᠠᠯᠢ ᠬᠤᠭᠤᠴᠠᠭᠠᠨ ᠤ ᠬᠢ ᠠᠴᠠ 18.09% ᠪᠠᠷ ᠨᠡᠮᠡᠭᠳᠡᠵᠡᠢ︔ ᠪᠦᠲᠦᠭᠡᠭᠳᠡᠬᠦᠨ ᠤ | ᠶᠡᠷᠦᠩᠬᠡᠢ ᠥᠷᠲᠡᠭ ᠨᠢ 80 ᠳ᠋ᠦᠩᠰᠢᠭᠤᠷ ᠲᠥᠭᠦᠷᠢᠭ ᠲᠤ ᠬᠦᠷᠴᠦ᠂ ᠥᠩᠭᠡᠷᠡᠭᠰᠡᠨ ᠤ ᠠᠳᠠᠯᠢ | ᠬᠤᠭᠤᠴᠠᠭᠠᠨ ᠤ ᠬᠢ ᠠᠴᠠ 6.09% ᠪᠠᠷ ᠨᠡᠮᠡᠭᠳᠡᠵᠡᠢ᠃ ᠲᠡᠭᠦᠨ ᠤ ᠳᠣᠲᠣᠷ᠎ᠠ ᠵᠥᠪᠬᠡᠨ ᠬᠡᠪᠢᠭᠴᠢ ᠮᠠᠯ ᠤᠨ | ᠪᠣᠷᠳᠤᠭ᠎ᠠ ᠶᠢᠨ ᠦᠢᠯᠡᠳᠪᠦᠷᠢᠯᠡᠭᠰᠡᠨ ᠬᠡᠮᠵᠢᠶ᠎ᠡ ᠨᠢ ᠪᠠᠷᠤᠭ 220 ᠲᠦᠮᠡᠨ ᠲᠣᠨ ᠳᠤ ᠬᠦᠷᠴᠦ᠂ ᠶᠡᠷᠦᠩᠬᠡᠢ | ᠦᠢᠯᠡᠳᠪᠦᠷᠢᠯᠡᠭᠰᠡᠨ ᠬᠡᠮᠵᠢᠶᠡᠨ ᠤ 66.87% ᠶᠢ ᠡᠵᠡᠯᠡᠨ᠂ ᠪᠦᠬᠦ ᠤᠯᠤᠰ ᠤᠨ ᠬᠡᠪᠢᠭᠴᠢ ᠮᠠᠯ ᠤᠨ ᠪᠣᠷᠳᠣᠭᠠᠨ ᠤ | ᠦᠢᠯᠡᠳᠪᠦᠷᠢᠯᠡᠭᠰᠡᠨ ᠬᠡᠮᠵᠢᠶ᠎ᠡ ᠶᠢᠨ 20% ᠠᠴᠠ ᠳᠡᠭᠡᠭᠰᠢᠬᠢ ᠶᠢ ᠡᠵᠡᠯᠡᠪᠡ᠃ ᠵᠢᠯ ᠤᠨ ᠪᠣᠳᠠᠲᠠᠢ ᠦᠢᠯᠡᠳᠪᠦᠷᠢᠯᠡᠬᠦ | ᠬᠡᠮᠵᠢᠶ᠎ᠡ ᠨᠢ 5 ᠲᠦᠮᠡᠨ ᠲᠣᠨ ᠠᠴᠠ ᠳᠡᠭᠡᠭᠰᠢᠬᠢ ᠠᠵᠤ ᠠᠬᠤᠶᠢᠯᠠᠯ 13 ᠪᠠᠶᠢᠵᠤ᠂ ᠦᠢᠯᠡᠳᠪᠦᠷᠢᠯᠡᠭᠰᠡᠨ | ᠬᠡᠮᠵᠢᠶ᠎ᠡ ᠨᠢ ᠶᠡᠷᠦᠩᠬᠡᠢ ᠦᠢᠯᠡᠳᠪᠦᠷᠢᠯᠡᠭᠰᠡᠨ ᠬᠡᠮᠵᠢᠶᠡᠨ ᠤ 50% ᠶᠢ ᠡᠵᠡᠯᠡᠭᠰᠡᠨ ᠪᠠᠶᠢᠨ᠎ᠠ᠃ | ᠯᠢᠦ ᠶᠦᠩ ᡁᠢ᠄ | ᠪᠣᠷᠳᠣᠭᠠᠨ ᠤ ᠠᠮᠤᠷ ᠲᠦᠪᠰᠢᠨ ᠤ ᠪᠠᠶᠢᠳᠠᠯ᠃ ᠪᠢᠳᠡ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ︽ᠠᠰᠠᠭᠤᠳᠠᠯ ᠢ ᠢᠯᠡᠷᠡᠭᠦᠯᠬᠦ ᠪᠣᠯ ᠠᠵᠢᠯ ᠤᠨ ᠠᠮᠵᠢᠯᠲᠠ᠂ ᠳᠠᠯᠳᠠ ᠭᠡᠮ ᠢ ᠠᠷᠢᠯᠭᠠᠬᠤ ᠪᠣᠯ | ᠵᠠᠰᠠᠭ ᠤᠨ ᠠᠮᠵᠢᠯᠲᠠ︾ ᠭᠡᠬᠦ ᠡᠭᠦᠷᠭᠡ ᠭᠦᠢᠴᠡᠳᠬᠡᠬᠦ ᠰᠢᠨ᠎ᠡ ᠦᠵᠡᠯᠲᠡ ᠶᠢ ᠳᠤᠷᠠᠳᠴᠤ᠂ ︽ᠪᠣᠷᠳᠤᠭ᠎ᠠ ᠪᠠ | ᠪᠣᠷᠳᠣᠭᠠᠨ ᠤ ᠨᠡᠮᠡᠯᠲᠡ ᠡᠳ᠋ ᠤᠨ ᠬᠠᠮᠢᠶᠠᠷᠤᠯᠲᠠ ᠶᠢᠨ ᠳᠦᠷᠢᠮ︾ ᠢᠶᠠᠷ ᠦᠨᠳᠦᠰᠦᠯᠡᠯ ᠪᠣᠯᠭᠠᠨ ᠬᠠᠤᠯᠢ | ᠬᠡᠷᠡᠭᠵᠢᠭᠦᠯᠬᠦ ᠠᠵᠢᠯᠯᠠᠭ᠎ᠠ ᠪᠠᠨ ᠵᠢᠷᠤᠮᠵᠢᠭᠤᠯᠵᠤ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠡᠷᠴᠢᠮ ᠢᠶᠠᠨ | ᠴᠢᠩᠭᠠᠷᠠᠭᠤᠯᠤᠨ᠂ ᠪᠣᠷᠳᠤᠭ᠎ᠠ ᠦᠢᠯᠡᠳᠪᠦᠷᠢᠯᠡᠬᠦ ᠠᠵᠤ ᠠᠬᠤᠶᠢᠯᠠᠯ᠂ ᠡᠵᠡᠩᠨᠡᠬᠦ ᠡᠭᠦᠳᠡᠨ ᠳᠡᠯᠭᠡᠭᠦᠷ ᠳᠠᠬᠢ | ᠪᠠᠶᠢᠴᠠᠭᠠᠯᠲᠠ ᠪᠠᠨ ᠪᠦᠬᠦᠨ ᠢ ᠪᠦᠷᠬᠦᠭᠦᠯᠬᠦ ᠶᠢ ᠭᠦᠢᠴᠡᠳᠬᠡᠪᠡ᠃ ᠪᠣᠷᠳᠣᠭᠠᠨ ᠤ ᠶᠠᠰᠤ ᠴᠢᠨᠠᠷ ᠤᠨ ᠠᠮᠤᠷ | ᠲᠦᠪᠰᠢᠨ ᠳᠤ ᠬᠢᠨᠠᠯᠲᠠ ᠲᠠᠯᠪᠢᠬᠤ ᠪᠠ ᠰᠤᠭᠤᠴᠢᠨ ᠪᠠᠶᠢᠴᠠᠭᠠᠬᠤ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠵᠦ | ᠂ 12 ᠠᠶᠢᠮᠠᠭ ᠬᠤᠲᠠ ᠶᠢᠨ ᠬᠢᠨᠠᠨ ᠬᠡᠮᠵᠢᠬᠦ ᠠᠵᠢᠯ ᠨᠢ ᠪᠦᠬᠦ ᠣᠷᠣᠨ ᠤ ᠪᠣᠷᠳᠤᠭ᠎ᠠ ᠦᠢᠯᠡᠳᠪᠦᠷᠢᠯᠡᠬᠦ᠂ ᠡᠵᠡᠩᠨᠡᠬᠦ᠂ | ᠬᠡᠷᠡᠭᠯᠡᠬᠦ ᠬᠤᠰᠢᠭᠤ ᠰᠢᠶᠠᠨ ᠢ ᠪᠦᠷᠬᠦᠵᠦ᠂ ᠡᠯ᠎ᠡ ᠱᠠᠲᠤᠨ ᠤ ᠪᠣᠷᠳᠤᠭ᠎ᠠ ᠬᠢᠨᠠᠨ ᠬᠡᠮᠵᠢᠬᠦ ᠪᠠᠶᠢᠭᠤᠯᠤᠮᠵᠢ ᠨᠤᠭᠤᠳ | ᠴᠢᠳᠠᠯ ᠤᠨ ᠴᠢᠨᠡᠭᠡ ᠪᠠᠷ ᠢᠶᠠᠨ ᠠᠵᠢᠯᠯᠠᠵᠤ ᠪᠠᠶᠢᠨ᠎ᠠ᠃ | 2017 ᠣᠨ ᠳᠤ ᠪᠣᠷᠳᠣᠭᠠᠨ ᠤ ᠡᠯ᠎ᠡ ᠱᠠᠲᠤᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ | ᠬᠢᠨᠠᠯᠲᠠ ᠬᠡᠮᠵᠢᠯᠲᠡ ᠪᠠ ᠡᠳᠦᠷ ᠲᠤᠲᠤᠮ ᠤᠨ ᠬᠢᠨᠠᠨ ᠬᠠᠮᠢᠶᠠᠷᠤᠯᠲᠠ ᠪᠠᠨ ᠬᠦᠴᠦᠯᠡᠨ ᠴᠢᠩᠭᠠᠳᠬᠠᠭᠰᠠᠨ ᠠᠴᠠ᠂ | ᠪᠣᠷᠳᠣᠭᠠᠨ ᠤ ᠪᠦᠲᠦᠭᠡᠭᠳᠡᠬᠦᠨ ᠤ ᠶᠠᠰᠤ ᠴᠢᠨᠠᠷ ᠲᠣᠭᠲᠠᠭᠤᠨ ᠮᠥᠷᠲᠡᠭᠡᠨ ᠠᠮᠤᠷ ᠲᠦᠪᠰᠢᠨ ᠤ ᠪᠠᠶᠢᠳᠠᠯ ᠨᠡᠯᠢᠶᠡᠳ | ᠰᠠᠶᠢᠨ ᠪᠠᠶᠢᠨ᠎ᠠ᠃ ᠡᠯ᠎ᠡ ᠲᠥᠷᠥᠯ ᠤᠨ ᠪᠣᠷᠳᠣᠭᠠᠨ ᠤ ᠥᠯᠢᠭᠡᠷ ᠪᠦᠲᠦᠭᠡᠭᠳᠡᠬᠦᠨ ᠪᠠ ᠦᠬᠡᠷ ᠬᠤᠨᠢᠨ ᠤ | ᠰᠢᠭᠡᠰᠦᠨ ᠤ ᠥᠯᠢᠭᠡᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠡᠭᠦᠷᠭᠡ ᠨᠢ ᠥᠩᠭᠡᠷᠡᠭᠰᠡᠨ ᠤ 9155 | ᠪᠦᠯᠦᠭ ᠤᠳᠠᠭ᠎ᠠ ᠠᠴᠠ ᠨᠡᠮᠡᠭᠳᠡᠭᠡᠳ 15795 ᠪᠦᠯᠦᠭ ᠤᠳᠠᠭ᠎ᠠ ᠳᠤ ᠬᠦᠷᠴᠦ᠂ ᠪᠣᠳᠠᠲᠠᠢ ᠰᠤᠭᠤᠴᠢᠨ | ᠪᠠᠶᠢᠴᠠᠭᠠᠭᠰᠠᠨ ᠨᠢ 17931 ᠪᠦᠯᠦᠭ ᠤᠳᠠᠭ᠎ᠠ ᠳᠤ ᠬᠦᠷᠴᠡᠢ᠃ | ᠨᠢᠭᠡ ᠳᠤ᠂ ᠡᠯ᠎ᠡ ᠲᠥᠷᠥᠯ ᠤᠨ ᠪᠣᠷᠳᠣᠭᠠᠨ ᠤ ᠥᠯᠢᠭᠡᠷ ᠪᠦᠲᠦᠭᠡᠭᠳᠡᠬᠦᠨ ᠳᠤ 3540 ᠪᠦᠯᠦᠭ ᠤᠳᠠᠭ᠎ᠠ | ᠰᠤᠭᠤᠴᠢᠨ ᠪᠠᠶᠢᠴᠠᠭᠠᠯᠲᠠ ᠬᠢᠵᠦ᠂ ᠶᠡᠷᠦᠩᠬᠡᠢ ᠬᠢᠷᠢ ᠲᠡᠩᠴᠡᠭᠰᠡᠨ ᠨᠣᠷᠮ᠎ᠠ ᠨᠢ 95.97% ᠳᠤ ᠬᠦᠷᠪᠡ᠃ | ᠲᠡᠭᠦᠨ ᠤ ᠳᠣᠲᠣᠷ᠎ᠠ᠄ ᠪᠣᠷᠳᠣᠭᠠᠨ ᠤ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠳᠤ ᠬᠢᠨᠠᠯᠲᠠ | ᠲᠠᠯᠪᠢᠵᠤ ᠰᠤᠭᠤᠴᠢᠨ ᠪᠠᠶᠢᠴᠠᠭᠠᠳ ᠬᠢᠷᠢ ᠲᠡᠩᠴᠡᠭᠰᠡᠨ ᠨᠣᠷᠮ᠎ᠠ ᠨᠢ 92.97%︔ ᠵᠥᠪᠰᠢᠶᠡᠷᠡᠯ ᠤᠨ ᠦᠨᠡᠮᠯᠡᠯ | ᠣᠯᠣᠭᠰᠠᠨ ᠪᠣᠷᠳᠤᠭ᠎ᠠ ᠦᠢᠯᠡᠳᠪᠦᠷᠢᠯᠡᠬᠦ ᠠᠵᠤ ᠠᠬᠤᠶᠢᠯᠠᠯ ᠳᠤ ᠪᠦᠬᠦ ᠬᠡᠪᠴᠢᠶᠡᠨ ᠤ ᠬᠢᠨᠠᠯᠲᠠ ᠬᠢᠵᠦ ᠰᠤᠭᠤᠴᠢᠨ | ᠪᠠᠶᠢᠴᠠᠭᠠᠳ ᠬᠢᠷᠢ ᠲᠡᠩᠴᠡᠭᠰᠡᠨ ᠨᠣᠷᠮ᠎ᠠ ᠨᠢ 92.99%︔ ᠲᠡᠵᠢᠭᠡᠨ ᠦᠷᠡᠵᠢᠭᠦᠯᠬᠦ ᠭᠤᠭᠴᠤᠭ᠎ᠠ ᠶᠢᠨ | ᠪᠣᠷᠳᠤᠭ᠎ᠠ ᠶᠢᠨ ᠳᠣᠲᠣᠷᠠᠬᠢ ᠴᠠᠭᠠᠵᠠ ᠠᠴᠠ ᠵᠥᠷᠢᠴᠡᠭᠰᠡᠨ ᠨᠡᠮᠡᠯᠲᠡ ᠪᠣᠳᠠᠰ ᠲᠠᠬᠢ ᠬᠢᠨᠠᠯᠲᠠ ᠬᠡᠮᠵᠢᠯᠲᠡ ᠵᠡᠷᠭᠡ | ᠰᠤᠭᠤᠴᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠨᠣᠷᠮ᠎ᠠ ᠨᠢ 100% ᠳᠤ ᠬᠦᠷᠦᠭᠰᠡᠨ ᠪᠠᠶᠢᠨ᠎ᠠ᠃ | ᠬᠤᠶᠠᠷ ᠲᠤ᠂ ᠬᠡᠷᠡᠭᠯᠡᠬᠦ ᠶᠢ ᠴᠠᠭᠠᠵᠠᠯᠠᠭᠰᠠᠨ ︽ᠬᠠᠷ᠎ᠠ ᠮᠢᠬᠠᠯᠠᠭᠤᠯᠬᠤ ᠬᠠᠨᠳᠠ︾ ᠶᠢᠨ ᠲᠥᠷᠥᠯ ᠤᠨ | ᠪᠣᠳᠠᠰ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ 3110 ᠲᠡᠵᠢᠭᠡᠨ ᠦᠷᠡᠵᠢᠭᠦᠯᠬᠦ ᠲᠠᠯᠠᠪᠠᠢ ︵ᠡᠷᠦᠬᠡ︶ ᠳᠤ | ᠬᠢᠨᠠᠯᠲᠠ ᠬᠡᠮᠵᠢᠯᠲᠡ ᠪᠠ ᠰᠤᠭᠤᠴᠢᠨ ᠪᠠᠶᠢᠴᠠᠭᠠᠯᠲᠠ ᠬᠢᠵᠦ᠂ ᠠᠮᠢᠲᠠᠨ ᠤ ᠰᠢᠭᠡᠰᠦᠨ ᠤ ᠥᠯᠢᠭᠡᠷ ᠲᠤ 14391 | ᠪᠦᠯᠦᠭ ᠤᠳᠠᠭ᠎ᠠ ᠰᠤᠭᠤᠴᠢᠨ ᠪᠠᠶᠢᠴᠠᠭᠠᠯᠲᠠ ᠬᠢᠭᠰᠡᠨ ᠳᠤ᠂ ︽ᠬᠠᠷ᠎ᠠ ᠮᠢᠬᠠᠯᠠᠭᠤᠯᠬᠤ ᠬᠠᠨᠳᠠ︾ ᠵᠡᠷᠭᠡ | ᠴᠠᠭᠠᠵᠠ ᠠᠴᠠ ᠵᠥᠷᠢᠴᠡᠭᠰᠡᠨ ᠨᠡᠮᠡᠯᠲᠡ ᠪᠣᠳᠠᠰ ᠢ ᠪᠠᠶᠢᠴᠠᠭᠠᠵᠤ ᠣᠯᠣᠭᠰᠠᠨ ᠦᠭᠡᠢ᠃ | ᠭᠤᠷᠪᠠ ᠳᠤ᠂ ᠪᠣᠷᠳᠣᠭᠠᠨ ᠤ ᠭᠤᠷᠪᠠᠨ ᠱᠠᠲᠤᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠨ ᠬᠢᠨ ︽212︾ ᠲᠣᠭᠤᠷᠢᠨ ᠪᠠᠶᠢᠴᠠᠭᠠᠯᠲᠠ ᠶᠢᠨ ᠳᠦᠷᠢᠮ ᠶᠣᠰᠣᠭᠠᠷ᠂ ᠪᠣᠷᠳᠣᠭᠠᠨ ᠤ | ᠦᠢᠯᠡᠳᠪᠦᠷᠢᠯᠡᠯ᠂ ᠬᠡᠷᠡᠭᠯᠡᠭᠡ ᠪᠠ ᠡᠵᠡᠩᠨᠡᠯᠲᠡ ᠶᠢᠨ ᠭᠤᠭᠴᠤᠭ᠎ᠠ ᠳᠤ ᠪᠦᠬᠦ ᠬᠡᠪᠴᠢᠶ᠎ᠡ ᠪᠠᠷ ᠪᠠᠶᠢᠴᠠᠭᠠᠯᠲᠠ ᠬᠢᠵᠦ᠂ | ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠳᠤ ᠪᠠᠨ ︽ᠬᠡᠪᠰᠢᠵᠢᠭᠦᠯᠬᠦ᠂ ᠮᠥᠷᠳᠡᠨ ᠰᠤᠷᠠᠭᠯᠠᠬᠤ᠂ ᠨᠢᠭᠡᠳᠦᠭᠦᠯᠬᠦ︾ | ᠵᠠᠭᠪᠤᠷ ᠢ ᠪᠦᠷᠢᠯᠳᠦᠭᠦᠯᠪᠡ᠃ ᠨᠡᠶᠢᠲᠡ 11628 ᠭᠠᠷᠤᠢ ᠤᠳᠠᠭ᠎ᠠ ᠲᠣᠭᠤᠷᠢᠨ ᠪᠠᠶᠢᠴᠠᠭᠠᠵᠤ᠂ ᠰᠠᠷ᠎ᠠ ᠪᠦᠷᠢ ᠶᠢᠨ | ᠲᠣᠭᠤᠷᠢᠨ ᠪᠠᠶᠢᠴᠠᠭᠠᠯᠲᠠ ᠨᠢ ᠲᠤᠰ ᠪᠦᠷᠢ 2 ᠤᠳᠠᠭ᠎ᠠ ᠪᠠ 1 ᠤᠳᠠᠭ᠎ᠠ ᠠᠴᠠ ᠳᠡᠭᠡᠭᠰᠢ ᠪᠣᠯᠣᠭᠰᠠᠨ ᠪᠠᠶᠢᠨ᠎ᠠ᠃ | ᠬᠢᠨᠠᠯᠲᠠ ᠬᠢᠬᠦ ᠪᠠ ᠬᠠᠤᠯᠢ ᠬᠡᠷᠡᠭᠵᠢᠭᠦᠯᠬᠦ ᠠᠵᠢᠯᠲᠠᠨ ᠨᠡᠶᠢᠲᠡ 13618 ᠬᠥᠮᠥᠨ ︵ᠤᠳᠠᠭ᠎ᠠ︶ ᠣᠷᠣᠯᠴᠠᠵᠤ᠂ | ᠪᠣᠷᠳᠤᠭ᠎ᠠ ᠦᠢᠯᠡᠳᠪᠦᠷᠢᠯᠡᠵᠦ ᠡᠵᠡᠩᠨᠡᠨ ᠬᠡᠷᠡᠭᠯᠡᠵᠦ ᠪᠠᠶᠢᠭ᠎ᠠ 4843 ᠠᠵᠤ ᠠᠬᠤᠶᠢᠯᠠᠯ ᠳᠤ ᠪᠠᠶᠢᠴᠠᠭᠠᠯᠲᠠ ᠬᠢᠵᠦ᠂ | ᠵᠢᠷᠤᠮᠵᠢᠭᠤᠯᠤᠭᠰᠠᠨ ᠬᠢᠨᠠᠯᠲᠠ ᠬᠠᠮᠢᠶᠠᠷᠤᠯᠲᠠ ᠪᠠ ᠪᠠᠶᠢᠴᠠᠭᠠᠯᠲᠠ ᠬᠡᠮᠵᠢᠯᠲᠡ ᠪᠠᠷ ᠳᠠᠮᠵᠢᠭᠤᠯᠤᠨ᠂ ᠢᠳᠡᠪᠬᠢᠲᠡᠢ | ᠮᠥᠷᠲᠡᠭᠡᠨ ᠰᠠᠨᠠᠭᠠᠴᠢᠯᠠᠭ᠎ᠠ ᠲᠠᠢ ᠪᠠᠷ ᠠᠰᠠᠭᠤᠳᠠᠯ ᠢ ᠢᠯᠡᠷᠡᠭᠦᠯᠦᠨ᠂ ᠭᠠᠵᠠᠷ ᠣᠷᠣᠨᠴᠢ ᠴᠢᠨᠠᠷᠲᠠᠢ᠂ ᠰᠢᠰᠲ᠋ᠧᠮᠴᠢ | ᠴᠢᠨᠠᠷᠲᠠᠢ ᠠᠰᠠᠭᠤᠳᠠᠯ ᠭᠠᠷᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠪᠦᠲᠦᠮᠵᠢᠲᠡᠢ ᠪᠠᠷ ᠪᠠᠶᠢᠴᠠᠭᠠᠨ | ᠴᠣᠬᠢᠯᠲᠠ ᠥᠭᠴᠦ ᠬᠤᠯᠪᠣᠭᠠᠯᠠᠨ ᠬᠥᠳᠡᠯᠦᠯᠴᠡᠵᠦ ᠮᠠᠨ ᠤ ᠣᠷᠣᠨ ᠤ ᠪᠣᠷᠳᠣᠭᠠᠨ ᠤ ᠠᠮᠤᠷ ᠲᠦᠪᠰᠢᠨ ᠢ | ᠪᠠᠲᠤᠯᠠᠭ᠎ᠠ ᠲᠠᠢ ᠪᠣᠯᠭᠠᠭᠰᠠᠨ ᠪᠠᠶᠢᠨ᠎ᠠ᠃ | ᠬᠥᠲᠥᠯᠥᠭᠴᠢ᠄ | ᠵᠠᠬ᠎ᠠ ᠳᠡᠯᠭᠡᠭᠦᠷ ᠲᠤ ᠵᠥᠪᠰᠢᠶᠡᠷᠡᠭᠦᠯᠦᠨ ᠣᠷᠣᠭᠤᠯᠬᠤ ᠳᠤ ᠴᠢᠩᠭ᠎ᠠ ᠪᠠᠶᠢᠬᠤ ᠪᠣᠯ ᠪᠣᠷᠳᠣᠭᠠᠨ ᠤ ᠶᠠᠰᠤ | ᠴᠢᠨᠠᠷ ᠤᠨ ᠠᠮᠤᠷ ᠲᠦᠪᠰᠢᠨ ᠢ ᠤᠷᠢᠳᠴᠢᠯᠠᠨ ᠬᠠᠮᠢᠶᠠᠷᠴᠤ ᠡᠵᠡᠮᠳᠡᠬᠦ ᠶᠢ ᠴᠢᠩᠭᠠᠳᠬᠠᠬᠤ ᠶᠢᠨ ᠵᠠᠩᠭᠢᠯᠠᠭ᠎ᠠ ᠪᠣᠯᠣᠨ᠎ᠠ | ᠂ ᠡᠨᠡ ᠲᠠᠯ᠎ᠠ ᠪᠠᠷ ᠮᠠᠨ ᠤ ᠣᠷᠣᠨ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠠᠪᠤᠭᠰᠠᠨ ᠪᠣᠢ︖ | ᠯᠢᠦ ᠶᠦᠩ ᡁᠢ᠄ | ᠣᠶᠢᠷ᠎ᠠ ᠶᠢᠨ ᠬᠤᠶᠠᠷ ᠵᠢᠯ ᠳᠤ᠂ ᠮᠠᠨ ᠤ ᠣᠷᠣᠨ ︽ᠪᠣᠷᠳᠤᠭ᠎ᠠ ᠪᠠ ᠪᠣᠷᠳᠣᠭᠠᠨ ᠤ ᠨᠡᠮᠡᠯᠲᠡ ᠡᠳ᠋ ᠤᠨ | ᠬᠠᠮᠢᠶᠠᠷᠤᠯᠲᠠ ᠶᠢᠨ ᠳᠦᠷᠢᠮ︾ ᠢᠶᠠᠷ ᠦᠨᠳᠦᠰᠦᠯᠡᠯ ᠪᠣᠯᠭᠠᠵᠤ ᠬᠠᠤᠯᠢ ᠬᠡᠷᠡᠭᠵᠢᠭᠦᠯᠬᠦ ᠠᠵᠢᠯᠯᠠᠭ᠎ᠠ ᠪᠠᠨ | ᠵᠢᠷᠤᠮᠵᠢᠭᠤᠯᠤᠨ᠂ ᠪᠣᠷᠳᠣᠭᠠᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠪᠠ᠃ ᠪᠣᠷᠳᠣᠭᠠᠨ ᠤ ᠵᠠᠰᠠᠭ ᠵᠠᠬᠢᠷᠭᠠᠨ ᠤ ᠵᠥᠪᠰᠢᠶᠡᠷᠡᠯ | ᠬᠠᠮᠢᠶᠠᠷᠤᠯᠲᠠ ᠶᠢᠨ ᠲᠠᠯ᠎ᠠ ᠪᠠᠷ᠂ ᠪᠣᠷᠳᠤᠭ᠎ᠠ ᠪᠠ ᠪᠣᠷᠳᠣᠭᠠᠨ ᠤ ᠨᠡᠮᠡᠯᠲᠡ ᠡᠳ᠋ ᠤᠨ ᠵᠥᠪᠰᠢᠶᠡᠷᠡᠯ ᠢ ᠬᠢᠨᠠᠨ | ᠵᠥᠪᠰᠢᠶᠡᠷᠡᠬᠦ ᠳᠦᠷᠢᠮ᠂ ᠵᠥᠪᠰᠢᠶᠡᠷᠡᠯ ᠤᠨ ᠵᠦᠢᠯᠡᠰ ᠤᠨ ᠬᠤᠪᠢᠷᠠᠭᠤᠯᠤᠯᠲᠠ ᠶᠢ ᠬᠢᠨᠠᠨ ᠵᠥᠪᠰᠢᠶᠡᠷᠡᠬᠦ ᠳᠦᠷᠢᠮ᠂ | ᠵᠥᠪᠰᠢᠶᠡᠷᠡᠬᠦ ᠪᠢᠴᠢᠭ ᠤᠨ ᠳ᠋ᠤᠭᠠᠷᠯᠠᠯ ᠢ ᠬᠢᠨᠠᠨ ᠵᠥᠪᠰᠢᠶᠡᠷᠡᠬᠦ ᠳᠦᠷᠢᠮ᠂ ᠵᠢᠯ ᠤᠨ ᠳᠠᠩᠰᠠᠯᠠᠨ ᠪᠦᠷᠢᠳᠬᠡᠬᠦ ᠵᠢᠴᠢ | ᠨᠠᠶᠢᠳᠠᠨ ᠪᠣᠯᠪᠠᠰᠤᠷᠠᠭᠤᠯᠵᠤ ᠳᠠᠩᠰᠠᠯᠠᠨ ᠪᠦᠷᠢᠳᠬᠡᠬᠦ ᠬᠠᠮᠢᠶᠠᠷᠤᠯᠲᠠ ᠶᠢᠨ ᠳᠦᠷᠢᠮ ᠢ ᠤᠯᠠᠮ ᠴᠢᠨᠠᠭᠰᠢᠳᠠ | ᠪᠦᠷᠢᠨᠰᠢᠭᠦᠯᠦᠨ ᠲᠡᠭᠦᠯᠳᠡᠷᠵᠢᠭᠦᠯᠪᠡ᠃ ᠨᠢᠭᠡ ᠳᠤ᠂ ᠭᠤᠶᠤᠴᠢᠯᠠᠨ ᠮᠡᠳᠡᠭᠦᠯᠬᠦ ᠳᠡᠰ ᠳᠠᠷᠠᠭᠠᠯᠠᠯ ᠪᠠ ᠬᠢᠨᠠᠨ | ᠵᠥᠪᠰᠢᠶᠡᠷᠡᠬᠦ ᠳᠡᠰ ᠳᠠᠷᠠᠭᠠᠯᠠᠯ ᠢ ᠴᠢᠩᠭ᠎ᠠ ᠵᠢᠷᠤᠮᠵᠢᠭᠤᠯᠵᠤ᠂ ᠬᠢᠨᠠᠨ ᠵᠥᠪᠰᠢᠶᠡᠷᠡᠬᠦ ᠳᠦᠷᠢᠮ ᠢ ᠲᠡᠭᠦᠯᠳᠡᠷᠵᠢᠭᠦᠯᠦᠨ᠂ | ᠬᠢᠨᠠᠨ ᠲᠣᠭᠲᠠᠭᠠᠬᠤ ᠰᠠᠬᠢᠯᠭ᠎ᠠ ᠪᠠᠲᠤ ᠨᠢ ᠴᠢᠩᠭ᠎ᠠ ᠲᠣᠳᠣᠷᠬᠠᠢ᠂ ᠬᠢᠨᠠᠨ ᠲᠣᠭᠲᠠᠭᠠᠬᠤ ᠪᠠᠷᠢᠮᠵᠢᠶ᠎ᠠ ᠨᠢ | ᠨᠢᠭᠡᠳᠦᠯᠲᠡᠢ ᠲᠤᠰᠬᠠᠢ ᠮᠡᠷᠭᠡᠵᠢᠯᠲᠡᠨ ᠤ ᠬᠢᠨᠠᠨ ᠬᠠᠷᠭᠤᠭᠤᠯᠬᠤ ᠵᠥᠪᠯᠡᠯ ᠬᠢᠭᠡᠳ ᠲᠤᠰᠬᠠᠢ ᠮᠡᠷᠭᠡᠵᠢᠯᠲᠡᠨ ᠤ | ᠬᠥᠮᠥᠷᠭᠡ ᠶᠢ ᠪᠠᠶᠢᠭᠤᠯᠤᠨ ᠪᠦᠷᠢᠨᠰᠢᠭᠦᠯᠵᠦ᠂ ᠲᠤᠰᠬᠠᠢ ᠮᠡᠷᠭᠡᠵᠢᠯᠲᠡᠨ ᠢ ᠰᠤᠭᠤᠴᠢᠨ ᠰᠢᠯᠢᠬᠦ ᠪᠠ ᠵᠠᠶᠢᠯᠠᠰᠬᠢᠬᠦ | ᠳᠦᠷᠢᠮ ᠢ ᠬᠡᠷᠡᠭᠵᠢᠭᠦᠯᠦᠨ᠂ ᠲᠤᠰᠬᠠᠢ ᠮᠡᠷᠭᠡᠵᠢᠯᠲᠡᠨ ᠤ ᠮᠡᠷᠭᠡᠵᠢᠯ ᠢᠶᠠᠷ ᠡᠵᠡᠮᠳᠡᠬᠦ ᠦᠢᠯᠡᠳᠦᠯ ᠢ ᠭᠦᠢᠴᠡᠳ | ᠪᠠᠳᠠᠷᠠᠭᠤᠯᠵᠠᠢ᠃ ᠬᠤᠶᠠᠷ ᠲᠤ᠂ ᠪᠣᠷᠳᠣᠭᠠᠨ ᠤ ᠬᠠᠤᠯᠢ ᠲᠣᠭᠲᠠᠭᠠᠯ ᠪᠠ ᠲᠠᠷᠢᠶᠠᠯᠠᠩ ᠤᠨ ᠶᠠᠮᠤᠨ ᠤ ᠲᠤᠬᠠᠢ ᠶᠢᠨ | ᠲᠠᠯᠠᠪᠤᠷ ᠲᠤ ᠬᠢᠨᠠᠨ ᠬᠠᠷᠭᠤᠭᠤᠯᠬᠤ ᠶᠡᠷᠦᠩᠬᠡᠶᠢᠯᠡᠭᠰᠡᠨ ᠬᠢᠨᠠᠨ ᠰᠢᠯᠭᠠᠯᠲᠠ ᠶᠢᠨ ᠲᠣᠭᠲᠠᠭᠠᠯ ᠤᠨ ᠴᠢᠩᠭ᠎ᠠ | ᠱᠠᠭᠠᠷᠳᠠᠯᠭ᠎ᠠ ᠶᠣᠰᠣᠭᠠᠷ᠂ ᠲᠥᠷᠥᠯ ᠵᠦᠢᠯ ᠳᠠᠷᠠᠭᠠᠯᠠᠨ ᠲᠣᠬᠠᠢ ᠶᠢᠨ ᠲᠠᠯᠠᠪᠤᠷ ᠲᠤ ᠬᠢᠨᠠᠨ ᠬᠠᠷᠭᠤᠭᠤᠯᠤᠯᠲᠠ ᠬᠢᠵᠡᠢ | ᠃ ᠭᠤᠷᠪᠠ ᠳᠤ᠂ ᠵᠠᠰᠠᠭ ᠵᠠᠬᠢᠷᠭᠠᠨ ᠤ ᠵᠥᠪᠰᠢᠶᠡᠷᠡᠯ ᠢ ᠴᠢᠩᠭᠠᠳᠬᠠᠬᠤ ᠪᠠᠷ ︽ᠳᠦᠷᠢᠮ︾ ᠤᠨ ᠱᠠᠭᠠᠷᠳᠠᠯᠭ᠎ᠠ ᠶᠢ | ᠲᠤᠭᠤᠰᠢᠯᠠᠭᠤᠯᠬᠤ ᠴᠢᠬᠤᠯᠠ ᠠᠷᠭ᠎ᠠ ᠪᠠᠷᠢᠯ ᠪᠣᠯᠭᠠᠬᠤ ᠶᠢ ᠪᠠᠷᠢᠮᠲᠠᠯᠠᠵᠤ᠂ ᠬᠢᠨᠠᠨ ᠬᠠᠷᠭᠤᠭᠤᠯᠬᠤ᠂ ᠬᠢᠨᠠᠨ | ᠵᠥᠪᠰᠢᠶᠡᠷᠡᠬᠦ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠦᠢᠯᠡᠳᠪᠦᠷᠢᠯᠡᠬᠦ ᠵᠥᠪᠰᠢᠶᠡᠷᠡᠯ ᠳᠠᠬᠢ ᠣᠷᠣᠬᠤ ᠶᠢ | ᠵᠥᠪᠰᠢᠶᠡᠷᠡᠬᠦ ᠪᠣᠭᠤᠮᠲᠠ ᠶᠢ ᠴᠢᠩᠭ᠎ᠠ ᠡᠵᠡᠮᠳᠡᠵᠡᠢ᠃ ᠪᠣᠷᠳᠤᠭ᠎ᠠ ᠪᠠ ᠪᠣᠷᠳᠣᠭᠠᠨ ᠤ ᠨᠡᠮᠡᠯᠲᠡ ᠡᠳ᠋ ᠢ | ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠤᠨ ᠭᠤᠶᠤᠴᠢᠯᠠᠨ ᠮᠡᠳᠡᠭᠦᠯᠬᠦ᠂ ᠬᠢᠨᠠᠨ ᠪᠠᠶᠢᠴᠠᠭᠠᠬᠤ᠂ ᠬᠢᠨᠠᠨ | ᠬᠠᠷᠭᠤᠭᠤᠯᠬᠤ ᠵᠡᠷᠭᠡ ᠶᠠᠪᠤᠴᠠ ᠳᠤ ᠶᠠᠮᠠᠷ ᠴᠤ ᠬᠠᠷᠢᠭᠤᠴᠠᠯᠭ᠎ᠠ ᠶᠢᠨ ᠠᠳᠡᠯ ᠭᠠᠷᠤᠭᠰᠠᠨ ᠦᠭᠡᠢ ᠶᠢ ᠦᠨᠡᠨ ᠬᠦ | ᠪᠠᠲᠤᠯᠠᠪᠠ᠃ | ᠬᠥᠲᠥᠯᠥᠭᠴᠢ᠄ | ᠬᠢᠨᠠᠯᠲᠠ ᠲᠠᠯᠪᠢᠵᠤ ᠪᠠᠶᠢᠴᠠᠭᠠᠨ ᠬᠡᠮᠵᠢᠬᠦ ᠪᠣᠯ ᠪᠣᠷᠳᠣᠭᠠᠨ ᠤ ᠶᠠᠰᠤ ᠴᠢᠨᠠᠷ ᠤᠨ ᠠᠮᠤᠷ ᠲᠦᠪᠰᠢᠨ ᠢ | ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠪᠣᠳᠠᠲᠠᠢ ᠬᠢᠨᠠᠯᠲᠠ ᠬᠠᠮᠢᠶᠠᠷᠤᠯᠲᠠ ᠶᠢᠨ ᠶᠠᠪᠤᠴᠠ ᠳᠤ ᠬᠡᠷᠬᠢᠨ | ᠨᠠᠶᠢᠳᠠᠪᠤᠷᠢᠵᠢᠭᠤᠯᠬᠤ ᠪᠣᠢ︖ | ᠯᠢᠦ ᠶᠦᠩ ᡁᠢ᠄ | ᠪᠣᠷᠳᠣᠭᠠᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠶᠢᠴᠠᠭᠠᠯᠲᠠ ᠬᠡᠮᠵᠢᠯᠲᠡ ᠶᠢᠨ ᠲᠠᠯ᠎ᠠ ᠪᠠᠷ᠂ ᠳᠠᠯᠳᠠ | ᠭᠡᠮ ᠢ ᠵᠢᠭᠰᠠᠭᠠᠨ ᠪᠠᠶᠢᠴᠠᠭᠠᠬᠤ ᠲᠦᠭᠰᠢᠭᠦᠷᠢ ᠶᠢ ᠰᠡᠷᠡᠮᠵᠢᠯᠡᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠬᠦᠴᠦᠯᠡᠨ | ᠴᠢᠩᠭᠠᠳᠬᠠᠨ᠎ᠠ︔ ᠪᠣᠷᠳᠣᠭᠠᠨ ᠤ ᠶᠠᠰᠤ ᠴᠢᠨᠠᠷ ᠤᠨ ᠠᠮᠤᠷ ᠲᠦᠪᠰᠢᠨ ᠢ ᠬᠢᠨᠠᠨ ᠬᠡᠮᠵᠢᠬᠦ ᠳᠦᠷᠢᠮ ᠢ ᠪᠦᠷᠢᠨᠰᠢᠭᠦᠯᠵᠦ | ᠂ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠡᠳᠦᠷ ᠲᠤᠲᠤᠮ ᠤᠨ ᠬᠢᠨᠠᠵᠤ | ᠬᠡᠮᠵᠢᠬᠦ ᠠᠵᠢᠯ ᠢ ᠲᠤᠭᠤᠰᠢᠲᠠᠢ ᠨᠠᠶᠢᠳᠠᠪᠤᠷᠢᠵᠢᠭᠤᠯᠬᠤ ᠶᠢ ᠬᠦᠴᠦᠯᠡᠨ ᠴᠢᠩᠭᠠᠳᠬᠠᠨ᠎ᠠ᠃ | ᠨᠢᠭᠡ ᠳᠤ᠂ ︽ᠪᠦᠬᠦᠨ ᠢ ᠬᠠᠮᠤᠷᠬᠤ︾ ᠬᠢᠨᠠᠯᠲᠠ ᠬᠡᠮᠵᠢᠯᠲᠡ ᠶᠢᠨ ᠠᠵᠢᠯᠯᠠᠭ᠎ᠠ ᠶᠠᠪᠤᠭᠤᠯᠵᠤ᠂ ᠪᠣᠷᠳᠣᠭᠠᠨ ᠤ | ᠳᠣᠲᠣᠷ᠎ᠠ ᠬᠡᠷᠡᠭᠯᠡᠬᠦ ᠶᠢ ᠴᠠᠭᠠᠵᠠᠯᠠᠭᠰᠠᠨ ᠪᠣᠳᠠᠰ᠂ ᠬᠡᠪᠢᠭᠴᠢ ᠠᠮᠢᠲᠠᠨ ᠤ ᠪᠣᠷᠳᠤᠭ᠎ᠠ ᠳᠣᠲᠣᠷᠠᠬᠢ ᠦᠬᠡᠷ ᠬᠤᠨᠢᠨ ᠤ | ᠡᠬᠢ ᠢᠷᠡᠯᠲᠡ ᠶᠢᠨ ᠴᠢᠨᠠᠷᠲᠠᠢ ᠪᠦᠷᠢᠯᠳᠦᠬᠦᠨ ᠵᠡᠷᠭᠡ ᠠᠮᠤᠷ ᠲᠦᠪᠰᠢᠨ ᠤ ᠴᠢᠨᠠᠷᠲᠤ ᠭᠦᠢᠴᠡᠳᠬᠡᠯ ᠲᠤᠭ᠎ᠠ ᠬᠢᠭᠡᠳ | ᠪᠣᠷᠳᠣᠭᠠᠨ ᠤ ᠡᠷᠡᠭᠦᠯ ᠬᠠᠮᠠᠭᠠᠯᠠᠯ ᠤᠨ ᠭᠦᠢᠴᠡᠳᠬᠡᠯ ᠲᠣᠭᠠᠨ ᠤ ᠬᠢᠨᠠᠯᠲᠠ ᠬᠡᠮᠵᠢᠯᠲᠡ ᠶᠢ ᠴᠢᠩᠭᠠᠳᠬᠠᠵᠤ᠂ ᠬᠦᠨᠳᠦ | ᠨᠣᠴᠢᠲᠠᠢ ᠬᠢᠷᠢ ᠲᠡᠩᠴᠡᠭᠰᠡᠨ ᠦᠭᠡᠢ ᠪᠦᠲᠦᠭᠡᠭᠳᠡᠬᠦᠨ ᠬᠢᠭᠡᠳ ᠦᠢᠯᠡᠳᠪᠦᠷᠢᠯᠡᠯ ᠡᠵᠡᠩᠨᠡᠯᠲᠡ ᠶᠢᠨ ᠠᠵᠤ | ᠠᠬᠤᠶᠢᠯᠠᠯ ᠳᠤ ︽ᠬᠠᠷ᠎ᠠ ᠳᠠᠩᠰᠠ︾ ᠶᠢᠨ ᠳᠦᠷᠢᠮ ᠢ ᠬᠡᠷᠡᠭᠵᠢᠭᠦᠯᠪᠡ᠃ ᠡᠯ᠎ᠡ ᠲᠥᠷᠥᠯ ᠤᠨ ᠪᠣᠷᠳᠣᠭᠠᠨ ᠤ | ᠥᠯᠢᠭᠡᠷ ᠪᠦᠲᠦᠭᠡᠭᠳᠡᠬᠦᠨ ᠪᠠ ᠦᠬᠡᠷ ᠬᠤᠨᠢᠨ ᠤ ᠰᠢᠭᠡᠰᠦᠨ ᠤ ᠥᠯᠢᠭᠡᠷ ᠲᠤ ᠬᠢᠬᠦ ᠬᠢᠨᠠᠨ ᠬᠡᠮᠵᠢᠯᠲᠡ ᠪᠠ | ᠰᠤᠭᠤᠴᠢᠨ ᠪᠠᠶᠢᠴᠠᠭᠠᠯᠲᠠ ᠨᠢ 15000 ᠪᠦᠯᠦᠭ ᠤᠳᠠᠭ᠎ᠠ ᠠᠴᠠ ᠳᠡᠭᠡᠭᠰᠢ ᠪᠠᠶᠢᠬᠤ ᠬᠡᠷᠡᠭᠲᠡᠢ᠃ | ᠬᠤᠶᠠᠷ ᠲᠤ᠂ ᠳᠠᠯᠳᠠ ᠭᠡᠮ ᠤᠨ ᠵᠢᠭᠰᠠᠭᠠᠨ ᠪᠠᠶᠢᠴᠠᠭᠠᠯᠲᠠ ᠪᠠ ᠲᠦᠭᠰᠢᠭᠦᠷᠢ ᠶᠢᠨ ᠬᠢᠨᠠᠨ ᠬᠡᠮᠵᠢᠯᠲᠡ ᠶᠢ | ᠵᠣᠬᠢᠶᠠᠨ ᠪᠠᠶᠢᠭᠤᠯᠤᠨ ᠥᠷᠨᠢᠭᠦᠯᠵᠦ᠂ ᠪᠣᠷᠳᠤᠭ᠎ᠠ ᠶᠢ ᠬᠡᠷᠡᠭᠯᠡᠬᠦ ᠭᠤᠭᠴᠤᠭ᠎ᠠ ᠳᠤ ᠬᠢᠨᠠᠯᠲᠠ ᠬᠡᠮᠵᠢᠯᠲᠡ ᠬᠢᠬᠦ | ᠡᠷᠴᠢᠮ ᠢ ᠴᠢᠩᠭᠠᠷᠠᠭᠤᠯᠵᠤ᠂ ᠲᠡᠵᠢᠭᠡᠨ ᠦᠷᠡᠵᠢᠭᠦᠯᠬᠦ ᠲᠠᠯᠠᠪᠠᠢ ︵ᠪᠠᠭ᠎ᠠ ᠲᠣᠭᠤᠷᠢᠭ︶ ᠶᠢᠨ ᠥᠪᠡᠰᠦᠪᠡᠨ | ᠲᠣᠬᠢᠷᠠᠭᠤᠯᠤᠭᠰᠠᠨ ᠮᠠᠲ᠋ᠧᠷᠢᠶᠠᠯ ᠳᠤ ᠲᠤᠰᠬᠠᠢ ᠵᠦᠢᠯ ᠤᠨ ᠬᠢᠨᠠᠯᠲᠠ ᠪᠠᠶᠢᠴᠠᠭᠠᠯᠲᠠ ᠬᠢᠨ᠎ᠡ᠃ ᠪᠣᠷᠳᠣᠭᠠᠨ ᠤ | ᠨᠡᠮᠡᠯᠲᠡ ᠡᠳ᠋ ᠤᠨ ᠶᠠᠰᠤ ᠴᠢᠨᠠᠷ ᠤᠨ ᠠᠮᠤᠷ ᠲᠦᠪᠰᠢᠨ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠰᠢᠰᠲ᠋ᠧᠮᠴᠢ ᠴᠢᠨᠠᠷᠲᠠᠢ ᠲᠦᠭᠰᠢᠭᠦᠷᠢ ᠡᠭᠦᠰᠬᠦ ᠠᠴᠠ ᠰᠡᠷᠭᠡᠶᠢᠯᠡᠨ᠂ ︽ᠭᠠᠷᠴᠠᠭ︾ ᠠᠴᠠ ᠭᠠᠳᠠᠨᠠᠬᠢ ᠲᠦᠭᠦᠬᠡᠢ | ᠮᠠᠲ᠋ᠧᠷᠢᠶᠠᠯ ᠢ ᠬᠠᠤᠯᠢ ᠪᠤᠰᠤ ᠪᠠᠷ ᠨᠡᠮᠡᠭᠰᠡᠨ᠂ ᠬᠦᠷᠢᠶ᠎ᠡ ᠬᠡᠪᠴᠢᠶ᠎ᠡ ᠪᠠ ᠬᠡᠮᠵᠢᠶ᠎ᠡ ᠶᠢ ᠬᠡᠲᠦᠷᠡᠭᠦᠯᠦᠨ ᠬᠡᠷᠡᠭᠯᠡᠭᠰᠡᠨ᠂ | ᠱᠣᠰᠢᠭ᠎ᠠ ᠲᠡᠮᠳᠡᠭ ᠨᠢ ᠲᠣᠭᠲᠠᠭᠠᠯ ᠢ ᠵᠥᠷᠢᠴᠡᠭᠰᠡᠨ ᠵᠡᠷᠭᠡ ᠠᠭᠤᠯᠭ᠎ᠠ ᠳᠤ ᠭᠤᠣᠯᠳᠠᠯᠭ᠎ᠠ ᠲᠠᠢ ᠬᠢᠨᠠᠯᠲᠠ | ᠬᠠᠮᠢᠶᠠᠷᠤᠯᠲᠠ ᠬᠢᠨ᠎ᠡ᠃ | ᠭᠤᠷᠪᠠ ᠳᠤ᠂ ᠡᠯ᠎ᠡ ᠠᠶᠢᠮᠠᠭ ᠬᠤᠲᠠ ᠶᠢᠨ ᠬᠢᠨ ᠲᠥᠯᠥᠪᠯᠡᠭᠰᠡᠨ ᠡᠭᠦᠷᠭᠡ ᠪᠠᠨ ᠪᠡᠶᠡᠯᠡᠭᠦᠯᠬᠦ ᠶᠢᠨ ᠬᠠᠮᠲᠤ᠂ | ᠬᠢᠨᠠᠯᠲᠠ ᠬᠡᠮᠵᠢᠯᠲᠡ ᠶᠢᠨ ᠲᠥᠰᠥᠯ ᠲᠠᠢ ᠤᠶᠠᠯᠳᠤᠭᠤᠯᠤᠨ ᠭᠤᠣᠯᠳᠠᠯᠭ᠎ᠠ ᠲᠠᠢ ᠭᠠᠵᠠᠷ ᠣᠷᠣᠨ᠂ ᠵᠠᠩᠭᠢᠯᠠᠭ᠎ᠠ ᠶᠢᠨ | ᠪᠠᠶᠢᠷᠢ ᠳᠤ ᠲᠣᠣᠷ ᠲᠠᠲᠠᠬᠤ ᠮᠠᠶ᠋ᠢᠭ ᠤᠨ ᠵᠢᠭᠰᠠᠭᠠᠨ ᠪᠠᠶᠢᠴᠠᠭᠠᠯᠲᠠ ᠬᠢᠨ᠎ᠡ᠃ ᠲᠦᠭᠰᠢᠭᠦᠷᠢ ᠶᠢᠨ ᠳᠠᠯᠳᠠ ᠭᠡᠮ | ᠣᠷᠣᠰᠢᠵᠤ ᠪᠠᠶᠢᠭ᠎ᠠ ᠬᠢᠨᠠᠨ ᠬᠡᠮᠵᠢᠯᠲᠡ ᠶᠢᠨ ᠲᠥᠷᠥᠯ ᠵᠦᠢᠯ ᠳᠤ ᠭᠤᠣᠯᠳᠠᠯᠭ᠎ᠠ ᠲᠠᠢ ᠪᠠᠷ ᠮᠥᠷᠳᠡᠯᠲᠡ ᠪᠠ ᠬᠢᠨᠠᠨ | ᠬᠡᠮᠵᠢᠯᠲᠡ ᠬᠢᠵᠦ᠂ ᠪᠠᠶᠢᠴᠠᠭᠠᠨ ᠬᠡᠮᠵᠢᠬᠦ ᠳᠠᠪᠲᠠᠮᠵᠢ ᠪᠠᠨ ᠨᠡᠮᠡᠭᠳᠡᠭᠦᠯᠦᠨ᠂ ᠪᠠᠶᠢᠴᠠᠭᠠᠨ ᠬᠡᠮᠵᠢᠬᠦ ᠬᠡᠪᠴᠢᠶ᠎ᠡ ᠪᠠᠨ | ᠥᠷᠭᠡᠳᠬᠡᠵᠦ᠂ ᠴᠠᠭᠠᠵᠠ ᠠᠴᠠ ᠵᠥᠷᠢᠴᠡᠵᠦ ᠨᠡᠮᠡᠯᠲᠡ ᠡᠳ᠋ ᠬᠢᠬᠦ ᠶᠢ ᠵᠠᠰᠠᠬᠤ ᠬᠦᠴᠢᠷ ᠤᠨ ᠡᠬᠢ ᠢᠷᠡᠯᠲᠡ ᠪᠣᠯᠬᠤ | ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠨ᠎ᠡ᠃ ᠬᠠᠤᠯᠢ ᠠᠴᠠ ᠵᠥᠷᠢᠴᠡᠵᠦ ᠨᠡᠮᠡᠯᠲᠡ ᠡᠳ᠋ ᠬᠢᠬᠦ ᠠᠵᠢᠯᠯᠠᠭ᠎ᠠ ᠳᠤ | ᠴᠣᠬᠢᠯᠲᠠ ᠥᠭᠬᠦ ᠪᠠᠷ ᠪᠣᠷᠳᠣᠭᠠᠨ ᠤ ᠶᠠᠰᠤ ᠴᠢᠨᠠᠷ ᠤᠨ ᠠᠮᠤᠷ ᠲᠦᠪᠰᠢᠨ ᠤ ᠦᠨᠳᠦᠰᠦᠨ ᠱᠠᠭᠠᠷᠳᠠᠯᠭ᠎ᠠ ᠪᠣᠯᠭᠠᠨ | ᠲᠤᠭᠤᠰᠢᠲᠠᠢ ᠨᠠᠶᠢᠳᠠᠪᠤᠷᠢᠵᠢᠭᠤᠯᠵᠤ᠂ ᠪᠣᠷᠳᠣᠭᠠᠨ ᠤ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠪᠠ | ᠬᠠᠩᠭᠠᠯᠭ᠎ᠠ ᠬᠡᠷᠡᠭᠴᠡᠭᠡᠨ ᠤ ᠲᠡᠩᠴᠡᠭᠦᠷᠢ ᠶᠢ ᠦᠨᠡᠨ ᠬᠦ ᠪᠠᠲᠤᠯᠠᠵᠤ᠂ ᠪᠣᠷᠳᠣᠭᠠᠨ ᠤ ᠠᠵᠤ ᠠᠬᠤᠶᠢᠯᠠᠯ ᠤᠨ | ᠤᠯᠤᠰ ᠤᠨ ᠳᠣᠲᠣᠭᠠᠳᠤ ᠶᠢᠨ ᠪᠠ ᠣᠯᠠᠨ ᠤᠯᠤᠰ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ | ᠬᠥᠲᠥᠯᠥᠭᠴᠢ᠄ ︽ᠪᠣᠷᠳᠣᠭᠠᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠵᠢᠷᠤᠮᠵᠢᠯ︾ | ᠢ ᠬᠡᠷᠡᠭᠵᠢᠭᠦᠯᠬᠦ ᠪᠣᠯ ᠪᠣᠷᠳᠣᠭᠠᠨ ᠤ ᠠᠮᠤᠷ ᠲᠦᠪᠰᠢᠨ ᠢ ᠪᠠᠲᠤᠯᠠᠬᠤ ᠴᠢᠬᠤᠯᠠ ᠭᠠᠷᠳᠠᠴᠠ ᠪᠣᠯᠣᠨ᠎ᠠ᠃ ᠮᠠᠨ ᠤ | ᠣᠷᠣᠨ ᠬᠡᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠢ︖ | ᠯᠢᠦ ᠶᠦᠩ ᡁᠢ᠄ | ︽ᠪᠣᠷᠳᠣᠭᠠᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠵᠢᠷᠤᠮᠵᠢᠯ︾ ᠢᠶᠠᠷ | ᠪᠣᠷᠳᠣᠭᠠᠨ ᠤ ᠠᠵᠢᠯ ᠲᠥᠷᠥᠯ ᠤᠨ ᠠᠵᠢᠯ ᠶᠠᠪᠤᠳᠠᠯ ᠠᠴᠠ ᠡᠮᠦᠨᠡᠬᠢ᠂ ᠠᠵᠢᠯ ᠶᠠᠪᠤᠳᠠᠯ ᠤᠨ ᠳᠤᠮᠳᠠᠬᠢ᠂ ᠠᠵᠢᠯ | ᠶᠠᠪᠤᠳᠠᠯ ᠤᠨ ᠳᠠᠷᠠᠭᠠᠬᠢ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠴᠢ ᠶᠢ ᠪᠠᠶᠢᠭᠤᠯᠬᠤ | ᠵᠠᠩᠭᠢᠯᠠᠭ᠎ᠠ ᠶᠢᠨ ᠭᠤᠭᠴᠤᠭ᠎ᠠ ᠪᠣᠯᠭᠠᠨ ᠴᠢᠩᠭ᠎ᠠ ᠠᠳᠬᠤᠨ ᠨᠠᠶᠢᠳᠠᠪᠤᠷᠢᠵᠢᠭᠤᠯᠵᠤ᠂ ᠪᠣᠷᠳᠣᠭᠠᠨ ᠤ ᠠᠵᠤ | ᠠᠬᠤᠶᠢᠯᠠᠯ ᠤᠨ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠬᠠᠮᠢᠶᠠᠷᠤᠯᠲᠠ ᠶᠢᠨ | ᠰᠠᠯᠠᠭ᠎ᠠ ᠮᠥᠴᠢᠷ ᠤᠨ ᠬᠢᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠭᠦᠢᠴᠡᠳᠬᠡᠬᠦ ᠶᠢ ᠲᠣᠳᠣᠷᠬᠠᠶᠢᠯᠠᠨ᠎ᠠ᠃ | ᠨᠢᠭᠡ ᠳᠤ᠂ ᠬᠢᠨᠠᠯᠲᠠ ᠲᠠᠯᠪᠢᠯᠲᠠ ᠬᠠᠤᠯᠢ ᠬᠡᠷᠡᠭᠵᠢᠭᠦᠯᠦᠯᠲᠡ ᠶᠢ ᠴᠢᠩᠭᠠᠷᠠᠭᠤᠯᠵᠤ᠂ ᠠᠵᠤ ᠠᠬᠤᠶᠢᠯᠠᠯ ᠤᠨ | ᠬᠠᠤᠯᠢ ᠪᠠᠷ ᠲᠣᠭᠲᠠᠭᠠᠭᠰᠠᠨ ᠡᠭᠦᠷᠭᠡ ᠪᠠᠨ ᠭᠦᠢᠴᠡᠳᠬᠡᠬᠦ ᠶᠢ ᠬᠠᠤᠯᠢ ᠶᠣᠰᠣᠭᠠᠷ ᠰᠢᠮᠳᠠᠭᠤᠯᠤᠨ᠎ᠠ᠃ ᠬᠡᠷᠡᠭᠵᠢᠭᠦᠯᠬᠦ | ᠠᠬᠢᠴᠠ ᠨᠢ ᠬᠤᠴᠣᠷᠴᠤ ᠪᠠᠶᠢᠭ᠎ᠠ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠵᠤ᠂ | ︽ᠵᠢᠷᠤᠮᠵᠢᠯ︾ ᠢ ᠵᠥᠷᠢᠴᠡᠭᠰᠡᠨ ᠠᠵᠢᠯᠯᠠᠭ᠎ᠠ ᠶᠢ ᠨᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ | ᠬᠤᠶᠠᠷ ᠲᠤ᠂ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠠᠵᠤ ᠠᠬᠤᠶᠢᠯᠠᠯ ᠢ ᠡᠭᠦᠳᠦᠨ | ᠪᠠᠶᠢᠭᠤᠯᠬᠤ ᠬᠥᠳᠡᠯᠭᠡᠭᠡᠨ ᠢ ᠥᠷᠨᠢᠭᠦᠯᠬᠦ ᠶᠢᠨ ᠬᠠᠮᠲᠤ᠂ ᠤᠯᠤᠰ ᠤᠨ ᠳᠡᠰ ᠤᠨ ᠵᠢᠱᠢᠶ᠎ᠡ ᠦᠵᠡᠭᠦᠯᠬᠦ ᠠᠵᠤ | ᠠᠬᠤᠶᠢᠯᠠᠯ ᠢ ᠲᠠᠨᠢᠯᠴᠠᠭᠤᠯᠬᠤ ᠪᠠ ᠡᠭᠦᠳᠦᠨ ᠪᠠᠶᠢᠭᠤᠯᠵᠤ᠂ ︽ᠵᠢᠷᠤᠮᠵᠢᠯ︾ ᠢ ᠴᠡᠭ ᠠᠴᠠ ᠪᠦᠬᠦ ᠲᠠᠯ᠎ᠠ ᠬᠦᠷᠲᠡᠯ᠎ᠡ | ᠪᠦᠬᠦ ᠲᠠᠯ᠎ᠠ ᠪᠠᠷ ᠠᠬᠢᠭᠤᠯᠬᠤ ᠶᠢ ᠴᠢᠩᠭᠠᠳᠬᠠᠨ᠎ᠠ᠃ ᠣᠳᠣᠬᠠᠨ ᠳᠤ᠂ ᠡᠯ᠎ᠡ ᠱᠠᠲᠤᠨ ᠤ ᠬᠢᠨ ︽ᠪᠣᠷᠳᠣᠭᠠᠨ ᠤ | ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠵᠢᠷᠤᠮᠵᠢᠯ︾ ᠢ ᠪᠣᠳᠠᠲᠠᠶᠢᠵᠢᠭᠤᠯᠤᠨ | ᠨᠠᠶᠢᠳᠠᠪᠤᠷᠢᠵᠢᠭᠤᠯᠬᠤ ᠶᠢ ᠢᠳᠡᠪᠬᠢᠲᠡᠢ ᠪᠠᠷ ᠠᠬᠢᠭᠤᠯᠬᠤ ᠪᠠᠷ ᠳᠠᠮᠵᠢᠭᠤᠯᠵᠤ᠂ ᠶᠠᠮᠤᠨ ᠤ ᠳᠡᠰ ᠤᠨ 6 ᠵᠢᠱᠢᠶ᠎ᠡ | ᠦᠵᠡᠭᠦᠯᠬᠦ ᠠᠵᠤ ᠠᠬᠤᠶᠢᠯᠠᠯ᠂ ᠥᠪᠡᠷᠲᠡᠭᠡᠨ ᠵᠠᠰᠠᠬᠤ ᠣᠷᠣᠨ ᠤ ᠳᠡᠰ ᠤᠨ 15 ᠵᠢᠱᠢᠶ᠎ᠡ ᠦᠵᠡᠭᠦᠯᠬᠦ ᠠᠵᠤ | ᠠᠬᠤᠶᠢᠯᠠᠯ ᠢ ᠡᠭᠦᠳᠦᠨ ᠪᠠᠶᠢᠭᠤᠯᠪᠠ᠃ | ᠭᠤᠷᠪᠠ ᠳᠤ᠂ ᠵᠢᠱᠢᠶ᠎ᠡ ᠦᠵᠡᠭᠦᠯᠬᠦ ᠠᠵᠤ ᠠᠬᠤᠶᠢᠯᠠᠯ ᠳᠠᠬᠢ ᠳᠠᠷᠠᠭᠠᠴᠢ ᠶᠢᠨ ᠬᠢᠨᠠᠯᠲᠠ ᠲᠠᠯᠪᠢᠯᠲᠠ ᠶᠢ | ᠴᠢᠩᠭᠠᠳᠬᠠᠵᠤ᠂ ᠵᠢᠱᠢᠶ᠎ᠡ ᠦᠵᠡᠭᠦᠯᠬᠦ ᠠᠵᠤ ᠠᠬᠤᠶᠢᠯᠠᠯ ᠳᠤ ᠬᠠᠤᠯᠢ ᠴᠠᠭᠠᠵᠠ ᠲᠣᠭᠲᠠᠭᠠᠯ ᠠᠴᠠ ᠵᠥᠷᠢᠴᠡᠭᠰᠡᠨ | ᠠᠵᠢᠯᠯᠠᠭ᠎ᠠ ᠣᠷᠣᠰᠢᠵᠤ ᠳᠠᠬᠢᠵᠤ ᠵᠢᠱᠢᠶ᠎ᠡ ᠦᠵᠡᠭᠦᠯᠬᠦ ᠦᠢᠯᠡᠳᠦᠯ ᠢᠶᠠᠨ ᠭᠠᠷᠭᠠᠵᠤ ᠴᠢᠳᠠᠬᠤ ᠦᠭᠡᠢ ᠪᠣᠯᠣᠭᠰᠠᠨ ᠢ | ᠢᠯᠡᠷᠡᠭᠦᠯᠪᠡᠯ᠂ ᠴᠠᠭ ᠲᠤᠬᠠᠢ ᠳᠤ ᠨᠢ ᠲᠡᠭᠦᠨ ᠤ ᠵᠢᠱᠢᠶ᠎ᠡ ᠦᠵᠡᠭᠦᠯᠬᠦ ᠠᠵᠤ ᠠᠬᠤᠶᠢᠯᠠᠯ ᠤᠨ ᠴᠣᠯᠠ ᠶᠢ ᠬᠦᠴᠦᠨ | ᠦᠭᠡᠢ ᠪᠣᠯᠭᠠᠨ᠎ᠠ᠃ | ᠳᠥᠷᠪᠠ ᠳᠤ᠂ ︽ᠵᠢᠷᠤᠮᠵᠢᠯ︾ ᠢ ᠬᠡᠷᠡᠭᠵᠢᠭᠦᠯᠬᠦ ᠬᠢᠭᠡᠳ ᠦᠢᠯᠡᠳᠪᠦᠷᠢᠯᠡᠯ ᠤᠨ ᠵᠥᠪᠰᠢᠶᠡᠷᠡᠯ ᠢ ᠬᠢᠨᠠᠨ | ᠬᠠᠷᠭᠤᠭᠤᠯᠬᠤ ᠶᠢ ᠨᠢᠭᠲᠠ ᠤᠶᠠᠯᠳᠤᠭᠤᠯᠵᠤ᠂ ᠬᠠᠮᠢᠶ᠎ᠠ ᠪᠦᠬᠦᠢ ᠮᠠᠲ᠋ᠧᠷᠢᠶᠠᠯ ᠢ ᠬᠠᠩᠭᠠᠭᠰᠠᠨ ᠦᠭᠡᠢ ᠪᠤᠶᠤ | ᠮᠠᠲ᠋ᠧᠷᠢᠶᠠᠯ ᠨᠢ ᠱᠠᠭᠠᠷᠳᠠᠯᠭ᠎ᠠ ᠳᠤ ᠨᠡᠶᠢᠴᠡᠬᠦ ᠦᠭᠡᠢ ᠪᠣᠯ᠂ ᠪᠣᠷᠳᠤᠭ᠎ᠠ ᠦᠢᠯᠡᠳᠪᠦᠷᠢᠯᠡᠬᠦ ᠵᠥᠪᠰᠢᠶᠡᠷᠡᠯ ᠤᠨ | ᠦᠨᠡᠮᠯᠡᠯ ᠢ ᠬᠠᠷᠭᠤᠭᠤᠯᠤᠨ ᠣᠯᠭᠤᠬᠤ ᠦᠭᠡᠢ᠃ | ᠬᠥᠲᠥᠯᠥᠭᠴᠢ᠄ | ᠣᠳᠣᠬᠠᠨ ᠳᠤ᠂ ᠪᠣᠷᠳᠣᠭᠠᠨ ᠤ ᠵᠠᠬ᠎ᠠ ᠳᠡᠯᠭᠡᠭᠦᠷ ᠢ ᠬᠢᠨᠠᠨ ᠬᠠᠮᠢᠶᠠᠷᠬᠤ ᠲᠠᠯ᠎ᠠ ᠪᠠᠷ ᠭᠤᠣᠯᠳᠠᠭᠤ ᠶᠠᠮᠠᠷ ᠶᠠᠮᠠᠷ | ᠠᠷᠭ᠎ᠠ ᠬᠡᠮᠵᠢᠶ᠎ᠡ ᠪᠠᠶᠢᠬᠤ ᠪᠣᠢ︖ | ᠯᠢᠦ ᠶᠦᠩ ᡁᠢ᠄ | ᠪᠣᠷᠳᠣᠭᠠᠨ ᠤ ᠵᠠᠬ᠎ᠠ ᠳᠡᠯᠭᠡᠭᠦᠷ ᠢ ᠬᠢᠨᠠᠨ ᠬᠠᠮᠢᠶᠠᠷᠬᠤ ᠲᠠᠯ᠎ᠠ ᠪᠠᠷ᠂ ᠪᠣᠷᠳᠤᠭ᠎ᠠ ᠶᠢᠨ ᠬᠢᠨᠠᠯᠲᠠ | ᠬᠠᠮᠢᠶᠠᠷᠤᠯᠲᠠ ᠶᠢᠨ ᠠᠵᠢᠯ ᠤᠨ ᠰᠡᠳᠬᠢᠮᠵᠢ ᠪᠠᠨ ᠤᠯᠠᠮ ᠴᠢᠨᠠᠭᠰᠢᠳᠠ ᠬᠤᠪᠢᠷᠠᠭᠤᠯᠵᠤ᠂ ᠪᠣᠷᠳᠤᠭ᠎ᠠ ᠶᠢᠨ | ᠦᠢᠯᠡᠳᠪᠦᠷᠢᠯᠡᠯ᠂ ᠡᠵᠡᠩᠨᠡᠯᠲᠡ ᠪᠠ ᠬᠡᠷᠡᠭᠯᠡᠭᠡ ᠳᠤ ᠬᠢᠨᠠᠯᠲᠠ ᠲᠠᠯᠪᠢᠬᠤ ᠪᠠ ᠬᠢᠨᠠᠨ ᠬᠡᠮᠵᠢᠬᠦ ᠪᠦᠬᠦ | ᠬᠠᠷᠢᠭᠤᠴᠠᠯᠭ᠎ᠠ ᠶᠢ ᠢᠳᠡᠪᠬᠢᠲᠡᠢ ᠭᠦᠢᠴᠡᠳᠬᠡᠨ᠎ᠡ᠃ ᠨᠢᠭᠡ ᠳᠤ᠂ ᠠᠵᠢᠯ ᠤᠨ ᠠᠷᠭ᠎ᠠ ᠪᠠᠨ ᠰᠢᠨᠡᠴᠢᠯᠡᠵᠦ᠂ ᠰᠢᠨ᠎ᠡ | ᠴᠠᠭ ᠤᠨ ᠪᠠᠶᠢᠳᠠᠯ ᠲᠠᠢ ᠰᠠᠨᠠᠭᠠᠴᠢᠯᠠᠭ᠎ᠠ ᠲᠠᠢ ᠪᠠᠷ ᠵᠣᠬᠢᠴᠠᠯᠳᠤᠨ᠂ ︽ᠬᠠᠤᠯᠢ ᠪᠠᠷ ᠲᠣᠭᠲᠠᠭᠠᠭᠰᠠᠨ ᠡᠭᠦᠷᠭᠡ | ᠬᠠᠷᠢᠭᠤᠴᠠᠯᠭ᠎ᠠ ᠶᠢ ᠵᠠᠪᠠᠯ ᠭᠦᠢᠴᠡᠳᠬᠡᠬᠦ᠂ ᠬᠠᠤᠯᠢ ᠠᠴᠠ ᠡᠷᠬᠡ ᠣᠯᠭᠤᠭᠰᠠᠨ ᠦᠭᠡᠢ ᠪᠣᠯ ᠬᠡᠷᠡᠭᠵᠢᠭᠦᠯᠵᠦ ᠪᠣᠯᠬᠤ | ᠦᠭᠡᠢ︾ ᠱᠠᠭᠠᠷᠳᠠᠯᠭ᠎ᠠ ᠶᠣᠰᠣᠭᠠᠷ᠂ ᠪᠣᠷᠳᠣᠭᠠᠨ ᠤ ᠠᠮᠤᠷ ᠲᠦᠪᠰᠢᠨ ᠢ ᠰᠦᠷᠳᠡᠭᠦᠯᠵᠦ ᠪᠠᠶᠢᠭ᠎ᠠ ᠬᠠᠤᠯᠢ ᠠᠴᠠ | ᠵᠥᠷᠢᠴᠡᠭᠰᠡᠨ ᠠᠵᠢᠯᠯᠠᠭ᠎ᠠ ᠳᠤ ᠬᠢᠨᠠᠯᠲᠠ ᠲᠠᠯᠪᠢᠬᠤ ᠪᠠ ᠵᠠᠯᠬᠠᠭᠠᠨ ᠰᠢᠢᠳᠬᠡᠬᠦ ᠡᠷᠴᠢᠮ ᠢ ᠴᠢᠩᠭᠠᠷᠠᠭᠤᠯᠵᠤ᠂ | ᠪᠠᠶᠢᠴᠠᠭᠠᠯᠲᠠ ᠶᠢ ᠬᠦᠨᠳᠦᠳᠬᠡᠵᠦ ᠲᠣᠷᠭᠠᠭᠤᠯᠢ ᠶᠢ ᠬᠥᠩᠭᠡᠪᠴᠢᠯᠡᠬᠦ᠂ ᠵᠥᠪᠬᠡᠨ ᠪᠠᠶᠢᠴᠠᠭᠠᠳ ᠲᠣᠷᠭᠠᠬᠤ ᠦᠭᠡᠢ᠂ | ᠪᠠᠶᠢᠴᠠᠭᠠᠯᠲᠠ ᠣᠯᠠᠨ ᠲᠣᠷᠭᠠᠭᠤᠯᠢ ᠪᠠᠭ᠎ᠠ᠂ ᠲᠣᠷᠭᠠᠭᠤᠯᠢ ᠪᠠᠷ ᠬᠠᠤᠯᠢ ᠶᠢ ᠣᠷᠣᠯᠠᠭᠤᠯᠬᠤ ᠵᠡᠷᠭᠡ ᠦᠵᠡᠭᠳᠡᠯ ᠢ | ᠡᠷᠡᠰ ᠬᠤᠷᠢᠭᠯᠠᠨ᠎ᠠ᠃ ᠬᠤᠶᠠᠷ ᠲᠤ᠂ ︽212︾ ᠲᠣᠭᠤᠷᠢᠨ ᠪᠠᠶᠢᠴᠠᠭᠠᠬᠤ ᠳᠦᠷᠢᠮ ᠶᠣᠰᠣᠭᠠᠷ᠂ ᠪᠠᠶᠢᠴᠠᠭᠠᠨ | ᠴᠣᠬᠢᠯᠲᠠ ᠥᠭᠴᠦ ᠬᠤᠯᠪᠣᠭᠠᠯᠠᠨ ᠬᠥᠳᠡᠯᠦᠯᠴᠡᠬᠦ ᠶᠢ ᠪᠦᠲᠦᠮᠵᠢᠲᠡᠢ ᠥᠷᠨᠢᠭᠦᠯᠵᠦ᠂ ᠡᠬᠢ ᠰᠤᠷᠪᠤᠯᠵᠢ ᠠᠴᠠ ᠨᠢ | ᠪᠠᠶᠢᠴᠠᠭᠠᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠪᠣᠷᠳᠣᠭᠠᠨ ᠤ ᠦᠢᠯᠡᠳᠪᠦᠷᠢᠯᠡᠯ᠂ ᠡᠵᠡᠩᠨᠡᠯᠲᠡ | ᠪᠠ ᠬᠡᠷᠡᠭᠯᠡᠭᠡᠨ ᠤ ᠭᠤᠭᠴᠤᠭ᠎ᠠ ᠶᠢᠨ ᠪᠦᠬᠦ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠪᠠ ᠵᠥᠪᠰᠢᠶᠡᠷᠡᠯ ᠤᠨ ᠦᠨᠡᠮᠯᠡᠯ | ᠣᠯᠣᠭᠰᠠᠨ ᠪᠣᠷᠳᠣᠭᠠᠨ ᠤ ᠠᠵᠤ ᠠᠬᠤᠶᠢᠯᠠᠯ᠂ ᠪᠦᠲᠦᠭᠡᠭᠳᠡᠬᠦᠨ ᠤ ᠮᠥᠷᠳᠡᠨ ᠪᠠᠶᠢᠴᠠᠭᠠᠯᠲᠠ ᠶᠢ ᠲᠠᠰᠤᠷᠠᠯᠲᠠ ᠦᠭᠡᠢ | ᠴᠢᠩᠭᠠᠷᠠᠭᠤᠯᠤᠨ᠎ᠠ᠃ ᠭᠤᠷᠪᠠ ᠳᠤ᠂ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠶᠢ ᠥᠷᠨᠢᠭᠦᠯᠵᠦ᠂ ᠬᠡᠷᠡᠭᠯᠡᠬᠦ ᠶᠢ | ᠴᠠᠭᠠᠵᠠᠯᠠᠭᠰᠠᠨ ᠪᠣᠳᠠᠰ ᠢ ᠬᠠᠤᠯᠢ ᠠᠴᠠ ᠵᠥᠷᠢᠴᠡᠨ ᠨᠡᠮᠡᠭᠰᠡᠨ᠂ ᠡᠷᠡᠭᠦᠯ ᠬᠠᠮᠠᠭᠠᠯᠠᠯ ᠤᠨ ᠭᠦᠢᠴᠡᠳᠬᠡᠯ ᠲᠤᠭ᠎ᠠ ᠨᠢ | ᠪᠠᠷᠢᠮᠵᠢᠶ᠎ᠠ ᠳᠤ ᠬᠦᠷᠬᠦ ᠦᠭᠡᠢ᠂ ᠪᠦᠷᠢᠯᠳᠦᠬᠦᠨ ᠲᠡᠮᠳᠡᠭ ᠨᠢ ᠨᠢᠭᠡᠳᠦᠯ ᠦᠭᠡᠢ ᠵᠡᠷᠭᠡ ᠬᠠᠤᠯᠢ ᠴᠠᠭᠠᠵᠠ ᠬᠠᠤᠯᠢ | ᠲᠣᠭᠲᠠᠭᠠᠯ ᠢ ᠵᠥᠷᠢᠴᠡᠭᠰᠡᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠪᠣᠷᠳᠣᠭᠠᠨ ᠤ | ᠦᠢᠯᠡᠳᠪᠦᠷᠢᠯᠡᠯ ᠤᠨ ᠠᠵᠤ ᠠᠬᠤᠶᠢᠯᠠᠯ ᠳᠤ ᠵᠤᠷᠰᠢᠯᠲᠤ ᠬᠢᠨᠠᠯᠲᠠ ᠬᠡᠮᠵᠢᠯᠲᠡ ᠬᠢᠬᠦ ᠪᠠ ᠣᠯᠠᠨ ᠲᠦᠮᠡᠨ ᠤ | ᠢᠯᠡᠴᠢᠯᠡᠨ ᠮᠡᠳᠡᠭᠦᠯᠦᠭᠰᠡᠨ ᠠᠰᠠᠭᠤᠳᠠᠯ ᠢ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠡᠯ᠎ᠡ ᠱᠠᠲᠤᠨ ᠤ | ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠠᠢ ᠬᠤᠯᠪᠣᠭᠠᠯᠠᠨ ᠬᠥᠳᠡᠯᠦᠯᠴᠡᠬᠦ ᠠᠵᠢᠯ ᠤᠨ ᠲᠣᠭᠲᠠᠴᠠ ᠶᠢ | ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠳᠡᠭᠡᠳᠦ ᠳᠣᠣᠷᠠᠳᠤ ᠱᠠᠲᠤ ᠪᠠᠷ ᠢᠶᠠᠨ ᠪᠠ ᠵᠡᠷᠭᠡᠯᠡᠳᠡᠭᠡ ᠰᠠᠯᠠᠭ᠎ᠠ | ᠮᠥᠴᠢᠷ ᠤᠨ ᠬᠤᠭᠤᠷᠣᠨᠳᠤ ᠪᠠᠨ ᠴᠠᠭ ᠲᠤᠬᠠᠢ ᠳᠤ ᠨᠢ ᠨᠡᠪᠲᠡᠷᠡᠯᠴᠡᠨ ᠣᠶᠢᠯᠠᠭᠠᠯᠴᠠᠨᠠ᠃ ᠳᠥᠷᠪᠡ ᠳᠤ᠂ | ᠬᠥᠮᠥᠵᠢᠭᠦᠯᠦᠯ ᠪᠣᠯᠪᠠᠰᠤᠷᠠᠭᠤᠯᠤᠯ ᠤᠨ ᠳᠦᠷᠢᠮ ᠢ ᠪᠠᠶᠢᠭᠤᠯᠵᠤ᠂ ᠬᠢᠨᠠᠨ ᠬᠠᠮᠢᠶᠠᠷᠬᠤ ᠠᠵᠢᠯᠲᠠᠳ ᠤᠨ | ᠲᠤᠬᠠᠶᠢᠯᠠᠭᠰᠠᠨ ᠠᠵᠢᠯ ᠤᠨ ᠬᠢᠷᠢ ᠲᠦᠪᠰᠢᠨ᠂ ᠤᠯᠤᠰ ᠲᠥᠷᠥ ᠦᠵᠡᠯ ᠰᠠᠨᠠᠭᠠᠨ ᠤ ᠬᠥᠮᠥᠵᠢᠯ ᠪᠠ ᠬᠠᠤᠯᠢ | ᠴᠠᠭᠠᠵᠠ ᠶᠢᠨ ᠮᠡᠳᠡᠯᠭᠡ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠦᠨᠳᠦᠰᠦᠨ ᠱᠠᠲᠤᠨ ᠤ ᠬᠢᠨᠠᠨ ᠬᠠᠮᠢᠶᠠᠷᠬᠤ | ᠠᠵᠢᠯᠲᠠᠳ ᠤᠨ ᠠᠰᠠᠭᠤᠳᠠᠯ ᠢ ᠢᠯᠡᠷᠡᠭᠦᠯᠬᠦ ᠪᠠ ᠬᠡᠷᠡᠭ ᠢ ᠪᠠᠶᠢᠴᠠᠭᠠᠨ ᠰᠢᠢᠳᠪᠦᠷᠢᠯᠡᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ | ᠬᠥᠲᠥᠯᠥᠭᠴᠢ᠄ | ᠡᠭᠦᠨ ᠠᠴᠠ ᠬᠤᠶᠢᠰᠢᠳᠠ ᠮᠠᠨ ᠤ ᠣᠷᠣᠨ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠪᠠᠶᠢᠭᠠᠳ ᠬᠢᠨᠠᠯᠲᠠ | ᠬᠠᠮᠢᠶᠠᠷᠤᠯᠲᠠ ᠪᠠᠨ ᠲᠠᠰᠤᠷᠠᠯᠲᠠ ᠦᠭᠡᠢ ᠴᠢᠩᠭᠠᠷᠠᠭᠤᠯᠵᠤ᠂ ᠪᠣᠷᠳᠣᠭᠠᠨ ᠤ ᠠᠮᠤᠷ ᠲᠦᠪᠰᠢᠨ ᠢ ᠪᠠᠲᠤᠯᠠᠬᠤ ᠪᠣᠢ︖ | | ᠯᠢᠦ ᠶᠦᠩ ᡁᠢ᠄ | ᠳᠠᠷᠠᠭᠠᠴᠢ ᠶᠢᠨ ᠠᠯᠬᠤᠮ ᠳᠤ ᠪᠢᠳᠡ ᠭᠤᠣᠯᠳᠠᠭᠤ ᠦᠢᠯᠡᠳᠪᠦᠷᠢᠯᠡᠬᠦ ᠪᠠ ᠬᠠᠮᠢᠶᠠᠷᠬᠤ ᠬᠤᠶᠠᠷ ᠲᠠᠯ᠎ᠠ ᠠᠴᠠ | ᠭᠠᠷᠳᠠᠵᠤ᠂ ︽ᠰᠤᠭᠤᠴᠢᠯᠲᠠ᠂ ᠪᠠᠶᠢᠴᠠᠭᠠᠯᠲᠠ᠂ ᠬᠢᠨᠠᠯᠲᠠ᠂ ᠬᠠᠮᠢᠶᠠᠷᠤᠯᠲᠠ︾ ᠶᠢ ᠪᠦᠲᠦᠮᠵᠢᠲᠡᠢ ᠭᠦᠢᠴᠡᠳᠬᠡᠵᠦ᠂ | ᠪᠣᠷᠳᠣᠭᠠᠨ ᠤ ᠶᠠᠰᠤ ᠴᠢᠨᠠᠷ ᠤᠨ ᠠᠮᠤᠷ ᠲᠦᠪᠰᠢᠨ ᠢ ᠬᠢᠨᠠᠨ ᠬᠠᠮᠢᠶᠠᠷᠴᠤ ᠬᠢᠨᠠᠨ ᠬᠡᠮᠵᠢᠬᠦ ᠡᠷᠴᠢᠮ ᠢ ᠴᠢᠩᠭᠠᠷᠠᠭᠤᠯᠵᠤ | ᠂ ᠪᠣᠷᠳᠣᠭᠠᠨ ᠤ ᠠᠮᠤᠷ ᠲᠦᠪᠰᠢᠨ ᠢ ᠪᠠᠲᠤᠯᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ | ᠨᠢᠭᠡ ᠳᠤ᠂ ᠪᠣᠷᠳᠣᠭᠠᠨ ᠤ ᠠᠵᠢᠯ ᠲᠥᠷᠥᠯ ᠤᠨ ᠬᠠᠮᠢᠶᠠᠷᠤᠯᠲᠠ ᠪᠠ ᠬᠠᠤᠯᠢ ᠶᠣᠰᠣᠭᠠᠷ ᠵᠠᠰᠠᠬᠤ ᠠᠵᠢᠯ ᠢ | ᠰᠠᠶᠢᠲᠤᠷ ᠬᠢᠨ᠎ᠡ᠃ ᠪᠠᠶᠢᠴᠠᠭᠠᠨ ᠴᠣᠬᠢᠯᠲᠠ ᠥᠭᠴᠦ ᠬᠤᠯᠪᠣᠭᠠᠯᠠᠨ ᠬᠥᠳᠡᠯᠦᠯᠴᠡᠬᠦ ᠶᠢ ᠪᠦᠲᠦᠮᠵᠢᠲᠡᠢ ᠥᠷᠨᠢᠭᠦᠯᠵᠦ᠂ | ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠤ ᠠᠬᠤᠶᠢᠯᠠᠯ ᠢ ᠴᠢᠩᠭ᠎ᠠ ᠪᠠᠶᠢᠴᠠᠭᠠᠨ ᠰᠢᠢᠳᠬᠡᠨ᠎ᠡ᠃ | ᠪᠣᠷᠳᠣᠭᠠᠨ ᠤ ᠦᠢᠯᠡᠳᠪᠦᠷᠢᠯᠡᠯ᠂ ᠡᠵᠡᠩᠨᠡᠯᠲᠡ ᠪᠠ ᠬᠡᠷᠡᠭᠯᠡᠭᠡᠨ ᠤ ᠭᠤᠭᠴᠤᠭ᠎ᠠ ᠶᠢᠨ ᠪᠦᠬᠦ ᠶᠠᠪᠤᠴᠠ ᠳᠠᠬᠢ ᠬᠢᠨᠠᠯᠲᠠ | ᠬᠠᠮᠢᠶᠠᠷᠤᠯᠲᠠ ᠪᠠ ᠵᠥᠪᠰᠢᠶᠡᠷᠡᠯ ᠤᠨ ᠦᠨᠡᠮᠯᠡᠯ ᠣᠯᠣᠭᠰᠠᠨ ᠪᠣᠷᠳᠣᠭᠠᠨ ᠤ ᠠᠵᠤ ᠠᠬᠤᠶᠢᠯᠠᠯ᠂ ᠪᠦᠲᠦᠭᠡᠭᠳᠡᠬᠦᠨ ᠤ | ᠮᠥᠷᠳᠡᠨ ᠪᠠᠶᠢᠴᠠᠭᠠᠬᠤ ᠠᠵᠢᠯ ᠢ ᠲᠠᠰᠤᠷᠠᠯᠲᠠ ᠦᠭᠡᠢ ᠴᠢᠩᠭᠠᠷᠠᠭᠤᠯᠤᠨ᠎ᠠ᠃ ᠪᠣᠷᠳᠣᠭᠠᠨ ᠤ ᠠᠮᠤᠷ ᠲᠦᠪᠰᠢᠨ ᠢ | ᠬᠢᠨᠠᠨ ᠬᠠᠮᠢᠶᠠᠷᠬᠤ ︽212︾ ᠲᠣᠭᠤᠷᠢᠨ ᠪᠠᠶᠢᠴᠠᠭᠠᠬᠤ ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠎ᠠ᠃ | ᠪᠣᠷᠳᠣᠭᠠᠨ ᠤ ᠠᠵᠢᠯ ᠲᠥᠷᠥᠯ ᠤᠨ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠪᠣᠭᠤᠮᠲᠠ ᠶᠢ ᠴᠢᠩᠭ᠎ᠠ | ᠡᠵᠡᠮᠳᠡᠵᠦ᠂ ᠠᠵᠢᠯ ᠶᠠᠪᠤᠳᠠᠯ ᠤᠨ ᠡᠮᠦᠨᠡᠬᠢ ᠬᠠᠮᠢᠶᠠᠷᠤᠯᠲᠠ ᠡᠵᠡᠮᠳᠡᠯ ᠢ ᠴᠢᠩᠭᠠᠳᠬᠠᠨ᠂ ᠠᠵᠢᠯ ᠶᠠᠪᠤᠳᠠᠯ ᠤᠨ | ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠬᠠᠤᠯᠢ | ᠬᠡᠷᠡᠭᠵᠢᠭᠦᠯᠬᠦ ᠪᠣᠯᠪᠠᠰᠤᠷᠠᠭᠤᠯᠤᠯ᠂ ᠵᠢᠯᠣᠭᠤᠳᠤᠯᠭ᠎ᠠ᠂ ᠬᠢᠨᠠᠯᠲᠠ ᠶᠢ ᠴᠢᠩᠭᠠᠳᠬᠠᠵᠤ᠂ ᠪᠠᠶᠢᠴᠠᠭᠠᠨ ᠴᠣᠬᠢᠯᠲᠠ | ᠥᠭᠴᠦ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ | ᠬᠤᠶᠠᠷ ᠲᠤ᠂ ︽ᠪᠣᠷᠳᠣᠭᠠᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠵᠢᠷᠤᠮᠵᠢᠯ︾ ᠢ | ᠶᠡᠭᠡ ᠪᠠᠷ ᠠᠬᠢᠭᠤᠯᠤᠨ᠎ᠠ᠃ ᠪᠣᠷᠳᠤᠭ᠎ᠠ ᠦᠢᠯᠡᠳᠪᠦᠷᠢᠯᠡᠬᠦ ᠠᠵᠤ ᠠᠬᠤᠶᠢᠯᠠᠯ ᠤᠨ ︽ᠵᠢᠷᠤᠮᠵᠢᠯ︾ ᠤᠨ | ᠬᠡᠷᠡᠭᠵᠢᠭᠦᠯᠦᠯᠲᠡ ᠳᠤ ᠪᠦᠬᠦ ᠲᠠᠯ᠎ᠠ ᠶᠢ ᠬᠠᠮᠤᠷᠤᠭᠰᠠᠨ ᠲᠤᠰᠬᠠᠢ ᠵᠦᠢᠯ ᠤᠨ ᠬᠠᠤᠯᠢ ᠬᠡᠷᠡᠭᠵᠢᠭᠦᠯᠬᠦ ᠪᠠᠶᠢᠴᠠᠭᠠᠯᠲᠠ | ᠬᠢᠵᠦ᠂ ᠪᠣᠷᠳᠣᠭᠠᠨ ᠤ ᠦᠢᠯᠡᠳᠪᠦᠷᠢᠯᠡᠯ ᠤᠨ ᠪᠦᠬᠦ ᠶᠠᠪᠤᠴᠠ ᠳᠠᠬᠢ ᠶᠠᠰᠤ ᠴᠢᠨᠠᠷ ᠤᠨ ᠠᠮᠤᠷ ᠲᠦᠪᠰᠢᠨ ᠤ | ᠬᠠᠮᠢᠶᠠᠷᠤᠯᠲᠠ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ᠃ ᠤᠯᠤᠰ ᠤᠨ ᠳᠡᠰ ᠤᠨ | ᠵᠢᠱᠢᠶ᠎ᠡ ᠦᠵᠡᠭᠦᠯᠬᠦ ᠪᠠᠷ ᠡᠭᠦᠳᠦᠨ ᠪᠠᠶᠢᠭᠤᠯᠤᠭᠰᠠᠨ ᠠᠵᠤ ᠠᠬᠤᠶᠢᠯᠠᠯ ᠢ ᠢᠳᠡᠪᠬᠢᠲᠡᠢ ᠲᠠᠨᠢᠯᠴᠠᠭᠤᠯᠤᠨ᠎ᠠ᠃ ᠵᠢᠱᠢᠶ᠎ᠡ | ᠦᠵᠡᠭᠦᠯᠬᠦ ᠪᠠᠷ ᠡᠭᠦᠳᠦᠨ ᠪᠠᠶᠢᠭᠤᠯᠬᠤ ᠠᠵᠢᠯᠯᠠᠭ᠎ᠠ ᠶᠢ ︽ᠪᠣᠷᠳᠣᠭᠠᠨ ᠤ ᠶᠠᠰᠤ ᠴᠢᠨᠠᠷ ᠤᠨ ᠠᠮᠤᠷ ᠲᠦᠪᠰᠢᠨ ᠤ | ᠬᠠᠮᠢᠶᠠᠷᠤᠯᠲᠠ ᠶᠢᠨ ᠵᠢᠷᠤᠮᠵᠢᠯ︾ ᠤᠨ ᠬᠡᠷᠡᠭᠵᠢᠭᠦᠯᠦᠯᠲᠡ ᠶᠢ ᠠᠬᠢᠭᠤᠯᠬᠤ ᠨᠢᠭᠡᠨ ᠴᠢᠬᠤᠯᠠ ᠠᠷᠭ᠎ᠠ ᠬᠡᠮᠵᠢᠶ᠎ᠡ | ᠪᠣᠯᠭᠠᠵᠤ᠂ ᠪᠣᠷᠳᠣᠭᠠᠨ ᠤ ᠠᠵᠤ ᠠᠬᠤᠶᠢᠯᠠᠯ ᠤᠨ ᠬᠡᠪ ᠴᠢᠨᠠᠷ ᠢ ᠤᠯᠠᠮ ᠴᠢᠨᠠᠭᠰᠢᠳᠠ ᠳᠡᠭᠡᠭᠰᠢᠯᠡᠭᠦᠯᠦᠨ᠎ᠡ᠃ | ᠭᠤᠷᠪᠠ ᠳᠤ᠂ ᠪᠣᠷᠳᠣᠭᠠᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠡᠮᠵᠢᠯᠲᠡ ᠶᠢ | ᠴᠢᠩᠭᠠᠳᠬᠠᠨ᠎ᠠ᠃ ᠪᠣᠷᠳᠣᠭᠠᠨ ᠤ ᠳᠣᠲᠣᠷᠠᠬᠢ ᠬᠡᠷᠡᠭᠯᠡᠬᠦ ᠶᠢ ᠴᠠᠭᠠᠵᠠᠯᠠᠭᠰᠠᠨ ᠪᠣᠳᠠᠰ᠂ ᠬᠡᠪᠢᠭᠴᠢ ᠠᠮᠢᠲᠠᠨ ᠤ | ᠪᠣᠷᠳᠤᠭ᠎ᠠ ᠳᠣᠲᠣᠷᠠᠬᠢ ᠦᠬᠡᠷ ᠬᠤᠨᠢᠨ ᠤ ᠰᠤᠷᠪᠤᠯᠵᠢ ᠶᠢᠨ ᠴᠢᠨᠠᠷᠲᠠᠢ ᠪᠦᠷᠢᠯᠳᠦᠬᠦᠨ ᠵᠡᠷᠭᠡ ᠠᠮᠤᠷ ᠲᠦᠪᠰᠢᠨ ᠤ | ᠴᠢᠨᠠᠷᠲᠤ ᠭᠦᠢᠴᠡᠳᠬᠡᠯ ᠲᠤᠭ᠎ᠠ ᠬᠢᠭᠡᠳ ᠪᠣᠷᠳᠣᠭᠠᠨ ᠤ ᠡᠷᠡᠭᠦᠯ ᠬᠠᠮᠠᠭᠠᠯᠠᠯ ᠤᠨ ᠭᠦᠢᠴᠡᠳᠬᠡᠯ ᠲᠤᠭ᠎ᠠ ᠳᠠᠬᠢ | ᠬᠢᠨᠠᠯᠲᠠ ᠬᠡᠮᠵᠢᠯᠲᠡ ᠶᠢ ᠴᠢᠩᠭᠠᠳᠬᠠᠵᠤ᠂ ᠬᠢᠷᠢ ᠲᠡᠩᠴᠡᠬᠦ ᠦᠭᠡᠢ ᠪᠦᠲᠦᠭᠡᠭᠳᠡᠬᠦᠨ ᠵᠢᠴᠢ ᠲᠡᠭᠦᠨ ᠤ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢ ᠬᠠᠤᠯᠢ ᠶᠣᠰᠣᠭᠠᠷ ᠮᠡᠳᠡᠭᠡᠯᠡᠨ ᠨᠡᠪᠲᠡᠷᠡᠭᠦᠯᠬᠦ ᠶᠢᠨ ᠬᠠᠮᠲᠤ | ᠪᠠᠶᠢᠴᠠᠭᠠᠨ ᠰᠢᠢᠳᠪᠦᠷᠢᠯᠡᠵᠦ᠂ ᠬᠦᠨᠳᠦ ᠨᠣᠴᠢᠲᠠᠢ ᠬᠢᠷᠢ ᠲᠡᠩᠴᠡᠬᠦ ᠦᠭᠡᠢ ᠪᠦᠲᠦᠭᠡᠭᠳᠡᠬᠦᠨ ᠵᠢᠴᠢ ᠲᠡᠭᠦᠨ ᠢ | ᠦᠢᠯᠡᠳᠪᠦᠷᠢᠯᠡᠵᠦ ᠡᠵᠡᠩᠨᠡᠭᠰᠡᠨ ᠠᠵᠤ ᠠᠬᠤᠶᠢᠯᠠᠯ ᠳᠤ ︽ᠬᠠᠷ᠎ᠠ ᠳᠠᠩᠰᠠ︾ ᠶᠢᠨ ᠳᠦᠷᠢᠮ ᠢ ᠬᠡᠷᠡᠭᠵᠢᠭᠦᠯᠦᠨ᠎ᠡ᠃ | ᠵᠢᠯ ᠤᠨ ᠪᠣᠷᠳᠣᠭᠠᠨ ᠤ ᠶᠠᠰᠤ ᠴᠢᠨᠠᠷ ᠤᠨ ᠠᠮᠤᠷ ᠲᠦᠪᠰᠢᠨ ᠳᠤ ᠬᠢᠨᠠᠯᠲᠠ ᠲᠠᠯᠪᠢᠵᠤ ᠬᠢᠨᠠᠨ ᠬᠡᠮᠵᠢᠬᠦ | ᠲᠥᠯᠥᠪᠯᠡᠭᠡ ᠶᠢᠨ ᠡᠭᠦᠷᠭᠡ ᠪᠠ ︽ᠬᠠᠷ᠎ᠠ ᠮᠢᠬᠠᠯᠠᠭᠤᠯᠬᠤ ᠬᠠᠨᠳᠠ︾ ᠶᠢ ᠵᠢᠭᠰᠠᠭᠠᠨ ᠪᠠᠶᠢᠴᠠᠭᠠᠬᠤ ᠡᠭᠦᠷᠭᠡ ᠶᠢ | ᠪᠡᠶᠡᠯᠡᠭᠦᠯᠵᠦ᠂ ᠲᠦᠭᠰᠢᠭᠦᠷᠢ ᠶᠢᠨ ᠳᠠᠯᠳᠠ ᠭᠡᠮ ᠣᠷᠣᠰᠢᠵᠤ ᠪᠠᠶᠢᠭ᠎ᠠ ᠪᠠᠶᠢᠴᠠᠭᠠᠨ ᠬᠡᠮᠵᠢᠭᠰᠡᠨ ᠲᠥᠷᠥᠯ ᠵᠦᠢᠯ ᠳᠤ | ᠭᠤᠣᠯᠳᠠᠯᠭ᠎ᠠ ᠲᠠᠢ ᠪᠠᠷ ᠮᠥᠷᠳᠡᠯᠲᠡ ᠪᠠ ᠪᠠᠶᠢᠴᠠᠭᠠᠯᠲᠠ ᠬᠡᠮᠵᠢᠯᠲᠡ ᠬᠢᠨ᠎ᠡ᠃ | ᠳᠥᠷᠪᠡ ᠳᠤ᠂ ︽ᠬᠠᠷ᠎ᠠ ᠮᠢᠬᠠᠯᠠᠭᠤᠯᠬᠤ ᠬᠠᠨᠳᠠ︾ ᠶᠢᠨ ᠲᠤᠰᠬᠠᠢ ᠵᠦᠢᠯ ᠤᠨ ᠴᠡᠭᠴᠡᠯᠡᠨ ᠵᠠᠰᠠᠯᠲᠠ ᠶᠢ | ᠭᠤᠣᠯᠳᠠᠯᠭ᠎ᠠ ᠲᠠᠢ ᠥᠷᠨᠢᠭᠦᠯᠦᠨ᠎ᠡ᠃ ᠠᠮᠢᠳᠤ ᠭᠠᠭ᠋ᠠᠢ᠂ ᠢᠳᠡᠰᠢᠨ ᠤ ᠦᠬᠡᠷ᠂ ᠢᠳᠡᠰᠢᠨ ᠤ ᠬᠤᠨᠢᠨ ᠤ ᠠᠵᠤ | ᠦᠢᠯᠡᠰ ᠤᠨ ᠡᠯ᠎ᠡ ᠭᠤᠭᠴᠤᠭ᠎ᠠ ᠳᠤ ᠬᠢᠨᠠᠯᠲᠠ ᠬᠠᠮᠢᠶᠠᠷᠤᠯᠲᠠ ᠶᠠᠪᠤᠭᠤᠯᠬᠤ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ | ᠴᠢᠩᠭᠠᠳᠬᠠᠨ᠎ᠠ᠃ ᠭᠤᠣᠯᠳᠠᠯᠭ᠎ᠠ ᠲᠠᠢ ᠭᠠᠵᠠᠷ ᠣᠷᠣᠨ᠂ ᠵᠠᠩᠭᠢᠯᠠᠭ᠎ᠠ ᠶᠢᠨ ᠭᠤᠭᠴᠤᠭ᠎ᠠ ᠪᠠ ᠴᠢᠬᠤᠯᠠ ᠴᠠᠭ | ᠦᠶ᠎ᠡ ᠳᠤ ᠬᠠᠨᠳᠤᠭᠤᠯᠤᠨ᠂ ᠬᠡᠰᠡᠭᠯᠡᠨ ᠲᠣᠣᠷᠵᠢᠭᠤᠯᠤᠭᠰᠠᠨ ᠬᠠᠮᠢᠶᠠᠷᠤᠯᠲᠠ ᠶᠠᠪᠤᠭᠤᠯᠵᠤ᠂ ᠬᠢᠨᠠᠯᠲᠠ ᠲᠠᠯᠪᠢᠵᠤ | ᠪᠠᠶᠢᠴᠠᠭᠠᠯᠲᠠ ᠬᠢᠬᠦ ᠪᠠ ᠬᠢᠨᠠᠨ ᠬᠡᠮᠵᠢᠬᠦ ᠡᠷᠴᠢᠮ ᠢ ᠴᠢᠩᠭᠠᠷᠠᠭᠤᠯᠤᠨ᠎ᠠ᠃ ᠬᠠᠤᠯᠢ ᠠᠴᠠ ᠵᠥᠷᠢᠴᠡᠭᠰᠡᠨ ᠬᠡᠷᠡᠭ ᠢ | ᠢᠯᠡᠷᠡᠭᠦᠯᠪᠡᠯ ᠴᠠᠭ ᠲᠤᠬᠠᠢ ᠳᠤ ᠨᠢ ᠳᠣᠲᠣᠭᠠᠳᠤ ᠶᠢ ᠬᠠᠮᠠᠭᠠᠯᠠᠬᠤ ᠳᠤ ᠰᠢᠯᠵᠢᠭᠦᠯᠦᠨ ᠲᠤᠰᠢᠶᠠᠵᠤ᠂ ᠵᠠᠢ ᠵᠠᠪᠰᠠᠷ | ᠦᠭᠡᠢ ᠵᠣᠯᠭᠠᠭᠤᠯᠬᠤ ᠶᠢ ᠦᠨᠡᠨ ᠬᠦ ᠪᠠᠲᠤᠯᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠭᠡᠳ | ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢ ᠵᠣᠯᠭᠠᠭᠤᠯᠤᠭᠰᠠᠨ ᠪᠠᠶᠢᠴᠠᠭᠠᠵᠤ ᠰᠢᠢᠳᠪᠦᠷᠢᠯᠡᠬᠦ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ︽ᠬᠠᠷ᠎ᠠ ᠮᠢᠬᠠᠯᠠᠭᠤᠯᠬᠤ ᠬᠠᠨᠳᠠ︾ ᠶᠢ ᠴᠡᠭᠴᠡᠯᠡᠨ ᠵᠠᠰᠠᠬᠤ ᠠᠵᠢᠯ ᠢ | ᠬᠠᠮᠲᠤ ᠪᠠᠷ ᠰᠠᠶᠢᠲᠤᠷ ᠬᠢᠨ᠎ᠡ᠃ | ᠬᠥᠲᠥᠯᠥᠭᠴᠢ᠄ | ᠵᠠ ᠰᠠᠶᠢᠨ ᠪᠣᠯᠣᠯ᠎ᠠ᠂ ᠯᠢᠦ ᠲᠢᠩᠬᠢᠮ ᠤᠨ ᠳᠠᠷᠤᠭ᠎ᠠ ᠶᠢᠨ ᠬᠦᠯᠢᠴᠡᠩᠭᠦᠢ ᠪᠠᠷ ᠲᠠᠶᠢᠯᠤᠮᠵᠢ ᠬᠢᠭᠰᠡᠨ ᠳᠤ ᠮᠠᠰᠢ | ᠪᠠᠶᠠᠷᠯᠠᠵᠤ ᠪᠠᠶᠢᠨ᠎ᠠ᠂ ᠴᠠᠭ ᠤᠨ ᠬᠠᠷᠠᠭ᠎ᠠ ᠠᠴᠠ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ | ᠥᠨᠳᠥᠷᠯᠡᠬᠦ ᠪᠣᠯᠣᠯ᠎ᠠ᠂ ᠲᠠᠷᠠᠭᠠᠴᠢ ᠶᠢᠨ ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕ | |