ᠰᠤᠷᠪᠤᠯᠵᠢᠯᠠᠭᠰᠠᠨ ᠴᠠᠭ᠄ 2018 ᠣᠨ ᠤ 2 ᠳ᠋ᠤᠭᠠᠷ ᠰᠠᠷ᠎ᠠ ᠶᠢᠨ 23 ᠤ ᠡᠳᠦᠷ ᠤᠨ ᠦᠳᠡ ᠶᠢᠨ | ᠬᠤᠶᠢᠨᠠᠬᠢ 15 ᠴᠠᠭ | ᠰᠤᠷᠪᠤᠯᠵᠢᠯᠠᠭ᠎ᠠ ᠬᠦᠯᠢᠶᠡᠭᠴᠢ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠲᠢᠩᠬᠢᠮ ᠤᠨ ᠳᠡᠳ᠋ ᠲᠣᠭᠤᠷᠢᠨ ᠪᠠᠶᠢᠴᠠᠭᠠᠭᠴᠢ ᠶᠦᠨ ᠲᠣᠤ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠡᠮᠦᠨᠡᠬᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠤᠳᠤᠷᠢᠳᠬᠤ ᠳᠤᠭᠤᠶᠢᠯᠠᠩ ᠤᠨ ᠬᠤᠷᠢᠨ ᠨᠠᠢᠮᠠᠳᠤᠭᠠᠷ ᠤᠳᠠᠭᠠᠨ ᠤ ᠬᠤᠷᠠᠯ ᠠᠴᠠ ᠬᠢᠨᠠᠨ | ᠵᠥᠪᠯᠡᠵᠦ ᠪᠠᠲᠤᠯᠠᠭᠠᠳ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠬᠠᠮᠲᠤᠷᠠᠨ ︽ | ᠮᠡᠳᠡᠯᠭᠡ ᠶᠢᠨ ᠥᠷᠲᠡᠭ ᠢ ᠨᠡᠮᠡᠭᠳᠡᠭᠦᠯᠬᠦ ᠪᠠᠷ ᠤᠳᠤᠷᠢᠳᠤᠮᠵᠢ ᠪᠣᠯᠭᠠᠭᠰᠠᠨ ᠬᠤᠪᠢᠶᠠᠷᠢᠯᠠᠯᠲᠠ ᠶᠢᠨ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠬᠦ ᠲᠤᠬᠠᠢ ᠬᠡᠷᠡᠭᠵᠢᠭᠦᠯᠬᠦ ᠰᠠᠨᠠᠯ︾ ︵ᠲᠢᠩᠬᠢᠮ ᠲᠠᠷᠬᠠᠭᠠᠭᠰᠠᠨ ︹2017︺ 29 | ᠳ᠋ᠦ᠋ᠭᠡᠷ ᠲᠣᠭᠠᠲᠤ︶ ᠢ ᠳᠠᠷᠤᠮᠠᠯᠯᠠᠨ ᠲᠠᠷᠬᠠᠭᠠᠭᠰᠠᠨ ᠤ ᠬᠠᠮᠲᠤ᠂ ᠡᠯ᠎ᠡ ᠠᠶᠢᠮᠠᠭ ᠬᠤᠲᠠ᠂ ᠡᠯ᠎ᠡ ᠰᠠᠯᠠᠭ᠎ᠠ | ᠮᠥᠴᠢᠷ ᠤᠨ ᠬᠢᠨ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠭᠰᠠᠨ | ᠪᠠᠶᠢᠨ᠎ᠠ᠃ ᠥᠪᠥᠷ ᠮᠣᠩᠭᠤᠯ ᠤᠨ ᠡᠳᠦᠷ ᠤᠨ ᠰᠣᠨᠢᠨ ᠨᠢᠭᠡᠨᠲᠡ 1 ᠳ᠋ᠦ᠋ᠭᠡᠷ ᠰᠠᠷ᠎ᠠ ᠶᠢᠨ 10 ᠤ ᠡᠳᠦᠷ ᠲᠥᠷᠥ ᠶᠢᠨ | ᠪᠣᠳᠣᠯᠭ᠎ᠠ ᠶᠢᠨ ᠪᠦᠬᠦ ᠵᠣᠬᠢᠶᠠᠯ ᠢ ᠨᠡᠶᠢᠲᠡᠯᠡᠵᠡᠢ᠃ ᠲᠤᠰ ᠬᠡᠷᠡᠭᠵᠢᠭᠦᠯᠬᠦ ᠰᠠᠨᠠᠯ ᠪᠣᠯ ᠮᠠᠨ ᠤ ᠣᠷᠣᠨ ᠤ ᠰᠢᠨ᠎ᠡ ᠶᠢ | ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠰᠢᠨᠵᠢᠯᠡᠬᠦ | ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠬᠢᠴᠠ ᠳᠠᠬᠢ ᠨᠢᠭᠡᠨ ᠴᠢᠬᠤᠯᠠ | ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠪᠠᠶᠢᠵᠤ᠂ ᠥᠷᠭᠡᠨ ᠣᠯᠠᠨ ᠰᠢᠨᠵᠢᠯᠡᠬᠦ ᠤᠬᠠᠭᠠᠨ ᠤ | ᠰᠤᠳᠤᠯᠭᠠᠨ ᠤ ᠠᠵᠢᠯᠲᠠᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ ᠪᠠᠶᠢᠳᠠᠭ᠃ | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠢ | ᠭᠥᠯᠢᠶᠡᠨ ᠠᠪᠴᠤ ᠦᠵᠡᠭᠰᠡᠨ ᠳᠤ ᠴᠢᠨᠢ ᠪᠠᠶᠠᠷᠯᠠᠯ᠎ᠠ᠃ ᠥᠨᠥᠳᠥᠷ ᠮᠠᠨ ᠤ ᠤᠷᠢᠵᠤ ᠠᠪᠴᠢᠷᠠᠭᠰᠠᠨ ᠵᠣᠴᠢᠨ ᠪᠣᠯ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠳᠡᠳ᠋ | ᠲᠣᠭᠤᠷᠢᠨ ᠪᠠᠶᠢᠴᠠᠭᠠᠭᠴᠢ ᠶᠦᠨ ᠲᠣᠤ ᠪᠣᠯᠣᠨ᠎ᠠ᠃ ᠶᠦᠨ ᠲᠢᠩᠬᠢᠮ ᠤᠨ ᠳᠠᠷᠤᠭ᠎ᠠ ᠶᠢ ᠪᠠᠶᠠᠷᠯᠠᠨ ᠤᠭᠲᠤᠵᠤ | ᠪᠠᠶᠢᠨ᠎ᠠ᠃ | ᠶᠦᠨ ᠲᠣᠤ᠄ ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠠᠳᠡ ᠲᠠ | ᠪᠦᠬᠦᠨ ᠲᠠᠢ ᠰᠠᠨᠠᠯ ᠢᠶᠠᠨ ᠰᠣᠯᠢᠯᠴᠠᠬᠤ ᠪᠣᠯᠣᠭᠰᠠᠨ ᠳᠠᠭᠠᠨ ᠮᠠᠰᠢ ᠪᠠᠶᠠᠷᠲᠠᠢ ᠪᠠᠶᠢᠨ᠎ᠠ᠃ ᠡᠨᠡ ᠬᠦ ᠲᠣᠬᠢᠶᠠᠯ ᠢᠶᠠᠷ᠂ | ᠪᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠡᠮᠦᠨ᠎ᠡ ᠠᠴᠠ ᠰᠢᠨᠵᠢᠯᠡᠬᠦ | ᠤᠬᠠᠭᠠᠨ ᠮᠡᠷᠭᠡᠵᠢᠯ ᠤᠨ ᠠᠵᠢᠯ ᠢ ᠢᠮᠠᠭᠲᠠ ᠬᠠᠷᠠᠭᠠᠯᠵᠠᠨ ᠳᠡᠮᠵᠢᠭᠰᠡᠭᠡᠷ ᠢᠷᠡᠭᠰᠡᠨ ᠰᠦᠯᠵᠢᠶᠡᠨ ᠤ ᠠᠨᠳᠠ | ᠨᠠᠷ ᠲᠤ ᠪᠠᠨ ᠴᠢᠩ ᠰᠡᠳᠬᠢᠯ ᠤᠨ ᠪᠠᠶᠠᠷ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ᠃ | ᠬᠥᠲᠥᠯᠥᠭᠴᠢ᠄ ᠡᠩ ᠲᠡᠷᠢᠭᠦᠨ ᠳᠤ ᠲᠠ ︽ᠬᠡᠷᠡᠭᠵᠢᠭᠦᠯᠬᠦ ᠰᠠᠨᠠᠯ︾ ᠤᠨ ᠨᠡᠶᠢᠲᠡᠯᠡᠭᠳᠡᠭᠰᠡᠨ ᠠᠬᠤᠢ | ᠪᠠᠶᠢᠳᠠᠯ ᠢ ᠪᠢᠳᠠᠨ ᠳᠤ ᠶᠠᠷᠢᠭᠠᠳ ᠥᠭᠭᠦᠨ᠎ᠡ ᠦᠦ︖ | ᠶᠦᠨ ᠲᠣᠤ᠄ ᠲᠡᠭᠡᠶ᠎ᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ | ᠬᠤᠷᠢᠶ᠎ᠠ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢ ᠤᠯᠤᠰ ᠤᠨ ᠬᠥᠭᠵᠢᠯᠲᠡ ᠶᠢᠨ ᠪᠦᠬᠦ | ᠲᠠᠯ᠎ᠠ ᠶᠢᠨ ᠭᠤᠣᠯ ᠪᠠᠶᠢᠷᠢᠨ ᠳᠤ ᠲᠠᠯᠪᠢᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠶᠢ ᠶᠡᠭᠡ ᠪᠠᠷ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ | ᠲᠣᠭᠲᠠᠴᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠪᠡ᠃ ᠲᠡᠭᠦᠨ ᠤ ᠳᠣᠲᠣᠷ᠎ᠠ᠂ ᠮᠡᠳᠡᠯᠭᠡ ᠶᠢᠨ | ᠥᠷᠲᠡᠭ ᠢ ᠨᠡᠮᠡᠭᠳᠡᠭᠦᠯᠬᠦ ᠪᠠᠷ ᠤᠳᠤᠷᠢᠳᠤᠮᠵᠢ ᠪᠣᠯᠭᠠᠭᠰᠠᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠦᠭᠰᠡᠨ ᠨᠢ ᠲᠥᠪ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠤᠳᠤᠷᠢᠳᠬᠤ | ᠳᠤᠭᠤᠶᠢᠯᠠᠩ ᠤᠨ ᠲᠣᠭᠲᠠᠭᠠᠭᠰᠠᠨ ᠨᠢᠭᠡᠨ ᠭᠤᠣᠯᠳᠠᠯᠭᠠᠲᠤ ᠥᠭᠡᠷᠡᠴᠢᠯᠡᠯᠲᠡ ᠶᠢᠨ ᠡᠭᠦᠷᠭᠡ ᠪᠣᠯᠣᠨ᠎ᠠ᠃ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠠᠯᠪᠠᠨ ᠲᠢᠩᠬᠢᠮ ᠠᠴᠠ ︽ᠮᠡᠳᠡᠯᠭᠡ ᠶᠢᠨ ᠥᠷᠲᠡᠭ ᠢ ᠨᠡᠮᠡᠭᠳᠡᠭᠦᠯᠬᠦ ᠪᠠᠷ ᠤᠳᠤᠷᠢᠳᠤᠮᠵᠢ ᠪᠣᠯᠭᠠᠭᠰᠠᠨ | ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠤᠬᠠᠢ ᠰᠠᠨᠠᠯ ᠤᠳ︾ ᠢ ᠳᠠᠷᠤᠮᠠᠯᠯᠠᠨ | ᠲᠠᠷᠬᠠᠭᠠᠭᠰᠠᠨ ᠤ ᠬᠠᠮᠲᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠢ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠭᠰᠠᠨ | ᠪᠠᠶᠢᠨ᠎ᠠ᠃ ᠮᠡᠳᠡᠯᠭᠡ ᠶᠢᠨ ᠥᠷᠲᠡᠭ ᠢ ᠨᠡᠮᠡᠭᠳᠡᠭᠦᠯᠬᠦ ᠪᠠᠷ ᠤᠳᠤᠷᠢᠳᠤᠮᠵᠢ ᠪᠣᠯᠭᠠᠭᠰᠠᠨ ᠬᠤᠪᠢᠶᠠᠷᠢᠯᠠᠯᠲᠠ ᠶᠢᠨ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠳᠤ᠂ ᠭᠤᠣᠯᠳᠠᠯᠭ᠎ᠠ ᠨᠢ ᠰᠢᠨᠵᠢᠯᠡᠬᠦ ᠤᠬᠠᠭᠠᠨ ᠮᠡᠷᠭᠡᠵᠢᠯ ᠤᠨ | ᠴᠢᠳᠠᠪᠤᠷᠢᠲᠠᠨ ᠤ ᠠᠵᠢᠯ ᠤᠨ ᠥᠭᠡᠷᠡᠴᠢᠯᠡᠯᠲᠡ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠰᠢᠨ᠎ᠡ ᠶᠢ | ᠡᠭᠦᠳᠬᠦ ᠪᠠᠷ ᠬᠥᠳᠡᠯᠭᠡᠭᠦᠷ ᠪᠣᠯᠭᠠᠬᠤ ᠨᠢ ᠮᠥᠨ ᠴᠢᠨᠠᠷ ᠳᠡᠭᠡᠷ᠎ᠡ ᠪᠠᠨ ᠴᠢᠳᠠᠪᠤᠷᠢᠲᠠᠨ ᠢᠶᠠᠷ ᠬᠥᠳᠡᠯᠭᠡᠭᠦᠷ ᠪᠣᠯᠭᠠᠬᠤ | ᠶᠠᠪᠤᠳᠠᠯ ᠮᠥᠨ᠂ ᠬᠥᠮᠥᠨ ᠤ ᠬᠦᠴᠦᠨ ᠤ ᠬᠥᠷᠥᠩᠭᠡ ᠪᠣᠯ ᠬᠠᠮᠤᠭ ᠤᠨ ᠴᠢᠬᠤᠯᠠ ᠬᠥᠷᠥᠩᠭᠡ ᠮᠥᠨ᠂ ᠰᠢᠨ᠎ᠡ ᠶᠢ | ᠡᠭᠦᠳᠬᠦ ᠠᠯᠢᠪᠠ ᠠᠵᠢᠯᠯᠠᠭ᠎ᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢ ᠪᠦᠷ ᠬᠥᠮᠥᠨ ᠬᠢᠵᠦ | ᠪᠠᠶᠢᠳᠠᠭ ᠪᠣᠯᠬᠤᠷ᠂ ᠣᠷᠣᠯᠭ᠎ᠠ ᠶᠢᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢᠨ ᠤᠷᠮᠠᠰᠢᠭᠤᠯᠬᠤ | ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠬᠤ ᠪᠠᠷ ᠳᠠᠮᠵᠢᠭᠤᠯᠤᠨ᠂ ᠣᠶᠣᠨ ᠤ ᠬᠥᠳᠡᠯᠮᠦᠷᠢ ᠳᠤ ᠵᠦᠢ | ᠵᠣᠬᠢᠰᠲᠠᠢ ᠬᠠᠷᠢᠭᠤ ᠠᠰᠢᠭ ᠬᠦᠷᠲᠡᠭᠡᠬᠦ ᠬᠡᠷᠡᠭᠲᠡᠢ ᠭᠡᠵᠦ ᠵᠢᠭᠠᠭᠰᠠᠨ ᠪᠠᠶᠢᠨ᠎ᠠ᠃ ᠤᠷᠲᠤ ᠬᠤᠭᠤᠴᠠᠭᠠᠨ ᠤ ᠲᠤᠷᠰᠢ᠂ | ᠮᠠᠨ ᠤ ᠤᠯᠤᠰ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠬᠡᠷᠡᠭᠯᠡᠬᠦ ᠲᠠᠯ᠎ᠠ ᠪᠠᠷ ᠪᠣᠳᠠᠳᠤ ᠬᠤᠪᠢ ᠨᠡᠮᠡᠷᠢ | ᠬᠢᠭᠡᠳ ᠣᠷᠣᠯᠭ᠎ᠠ ᠶᠢᠨ ᠬᠤᠪᠢᠶᠠᠷᠢᠯᠠᠯᠲᠠ ᠨᠢ ᠪᠦᠷᠢᠮᠦᠰᠦᠨ ᠲᠣᠬᠢᠷᠠᠯᠴᠠᠬᠤ ᠦᠭᠡᠢ᠂ ᠰᠲ᠋ᠣᠺ ᠤᠨ ᠡᠷᠬᠡ ᠪᠠᠷ | ᠤᠷᠮᠠᠰᠢᠭᠤᠯᠬᠤ ᠵᠡᠷᠭᠡ ᠰᠢᠨ᠎ᠡ ᠡᠭᠦᠳᠦᠯᠲᠡ ᠳᠤ ᠤᠷᠲᠤ ᠬᠤᠭᠤᠴᠠᠭᠠᠨ ᠤ ᠤᠷᠮᠠᠰᠢᠭᠤᠯᠬᠤ ᠦᠢᠯᠡᠳᠦᠯ ᠲᠠᠢ | ᠲᠥᠷᠥ ᠶᠢᠨ ᠪᠣᠳᠣᠯᠭ᠎ᠠ ᠪᠠᠷ ᠳᠤᠲᠠᠮᠠᠭ᠂ ᠳᠣᠲᠣᠭᠠᠳᠤ ᠶᠢᠨ ᠬᠤᠪᠢᠶᠠᠷᠢᠯᠠᠯᠲᠠ ᠶᠢᠨ ᠤᠷᠮᠠᠰᠢᠭᠤᠯᠬᠤ ᠲᠣᠭᠲᠠᠴᠠ ᠨᠢ | ᠭᠦᠢᠴᠡᠳ ᠪᠤᠰᠤ ᠵᠡᠷᠭᠡ ᠲᠣᠪᠤᠶᠢᠮ᠎ᠠ ᠠᠰᠠᠭᠤᠳᠠᠯ ᠣᠷᠣᠰᠢᠵᠤ ᠪᠠᠶᠢᠨ᠎ᠠ᠃ ᠪᠠᠷᠠᠭᠤᠨ ᠬᠡᠰᠡᠭ ᠤᠨ ᠬᠥᠭᠵᠢᠯᠲᠡ ᠪᠠᠷ | ᠬᠤᠴᠣᠷᠤᠩᠭᠤᠢ ᠭᠠᠵᠠᠷ ᠣᠷᠣᠨ ᠪᠣᠯᠬᠤ ᠥᠪᠥᠷ ᠮᠣᠩᠭᠤᠯ ᠳᠤ ᠡᠳᠡᠭᠡᠷ ᠠᠰᠠᠭᠤᠳᠠᠯ ᠨᠡᠩ ᠲᠣᠪᠤᠶᠢᠮ᠎ᠠ ᠪᠠᠶᠢᠵᠤ᠂ | ᠥᠷᠭᠡᠨ ᠣᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠰᠢᠨ᠎ᠡ ᠶᠢ ᠡᠭᠦᠳᠦᠨ ᠵᠣᠬᠢᠶᠠᠨ ᠪᠦᠲᠦᠭᠡᠬᠦ | ᠢᠳᠡᠪᠬᠢᠵᠢᠯ ᠢ ᠲᠦᠢᠯ ᠤᠨ ᠶᠡᠭᠡ ᠪᠠᠷ ᠨᠥᠯᠥᠭᠡᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠪᠠ | ᠰᠢᠨ᠎ᠡ ᠶᠢ ᠡᠭᠦᠳᠬᠦ ᠬᠥᠭᠵᠢᠯᠲᠡ ᠶᠢ ᠬᠦᠯᠢᠶᠡᠰᠦᠯᠡᠭᠰᠡᠨ ᠪᠠᠶᠢᠨ᠎ᠠ᠃ ᠡᠭᠦᠨ ᠳᠤ᠂ ᠶᠡᠷᠦᠩᠬᠡᠢ ᠱᠦᠵᠢ ᠰᠢ ᠶᠢᠨ ᠫᠢᠩ | ᠥᠪᠥᠷ ᠮᠣᠩᠭᠤᠯ ᠳᠤ ᠰᠢᠨᠵᠢᠯᠡᠨ ᠪᠠᠶᠢᠴᠠᠭᠠᠯᠲᠠ ᠬᠢᠬᠦ ᠦᠶ᠎ᠡ ᠳᠤ᠂ ᠰᠢᠨ᠎ᠡ ᠶᠢ ᠡᠭᠦᠳᠬᠦ ᠣᠷᠴᠢᠨ ᠲᠣᠭᠤᠷᠢᠨ ᠢ | ᠰᠢᠯᠢᠳᠡᠭᠵᠢᠭᠦᠯᠵᠦ᠂ ᠰᠢᠨ᠎ᠡ ᠶᠢ ᠡᠭᠦᠳᠬᠦ ᠪᠠᠶᠢᠭᠤᠯᠤᠯ ᠢ ᠪᠦᠷᠢᠨᠰᠢᠭᠦᠯᠦᠨ᠂ ᠰᠢᠨ᠎ᠡ ᠶᠢ ᠡᠭᠦᠳᠬᠦ ᠪᠠᠷ | ᠤᠷᠮᠠᠰᠢᠭᠤᠯᠬᠤ ᠶᠢ ᠴᠢᠩᠭᠠᠷᠠᠭᠤᠯᠵᠤ᠂ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠥᠵᠢᠭᠦᠯᠬᠦ ᠪᠠ ᠲᠠᠲᠠᠨ | ᠣᠷᠣᠭᠤᠯᠵᠤ᠂ ᠨᠡᠭᠡᠭᠡᠯᠲᠡ ᠬᠢᠭᠰᠡᠳ᠂ ᠰᠢᠨ᠎ᠡ ᠶᠢ ᠡᠭᠦᠳᠦᠭᠰᠡᠳ ᠲᠤ ᠰᠢᠨ᠎ᠡ ᠶᠢ ᠡᠭᠦᠳᠦᠭᠰᠡᠨ ᠠᠰᠢᠭ ᠣᠷᠣᠯᠭ᠎ᠠ ᠶᠢ | ᠵᠦᠢ ᠵᠣᠬᠢᠰᠲᠠᠢ ᠬᠦᠷᠲᠡᠭᠡᠵᠦ᠂ ᠰᠢᠨ᠎ᠡ ᠶᠢ ᠡᠭᠦᠳᠬᠦ ᠳᠤ ᠠᠰᠢᠭᠲᠠᠢ ᠰᠠᠶᠢᠨ ᠰᠠᠶᠢᠬᠠᠨ ᠨᠡᠶᠢᠭᠡᠮ ᠤᠨ ᠠᠭᠤᠷ | ᠠᠮᠢᠰᠬᠤᠯ ᠢ ᠪᠣᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ | ᠶᠦᠨ ᠲᠣᠤ᠄ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠲᠤᠭᠤᠰᠢᠯᠠᠭᠤᠯᠵᠤ᠂ ᠤᠯᠤᠰ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠳᠡᠭᠡᠳᠦ ᠬᠡᠮᠵᠢᠶᠡᠨ ᠤ ᠴᠢᠬᠤᠯᠠᠴᠢᠯᠠᠯ | ᠪᠠ ᠳᠠᠷᠤᠢ ᠲᠦᠷᠭᠡᠨ ᠪᠠᠶᠢᠷᠢᠯᠠᠭᠤᠯᠤᠯᠲᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠲᠢᠩᠬᠢᠮ ᠲᠦᠷᠦᠭᠦᠯᠡᠨ ᠥᠪᠡᠷᠲᠡᠭᠡᠨ ᠵᠠᠰᠠᠬᠤ ᠣᠷᠣᠨ ᠤ ︽ᠬᠡᠷᠡᠭᠵᠢᠭᠦᠯᠬᠦ ᠰᠠᠨᠠᠯ︾ ᠢ ᠲᠤᠭᠤᠷᠪᠢᠬᠤ | ᠠᠵᠢᠯ ᠢ ᠥᠷᠨᠢᠭᠦᠯᠪᠡ᠃ ᠪᠢᠳᠠ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠪᠠ ᠬᠤᠯᠪᠣᠭᠳᠠᠯ ᠪᠦᠬᠦᠢ ᠮᠤᠵᠢ | ᠬᠤᠲᠠ ᠶᠢᠨ ᠪᠢᠴᠢᠭ ᠮᠠᠲ᠋ᠧᠷᠢᠶᠠᠯ ᠲᠤᠭᠤᠷᠪᠢᠬᠤ ᠰᠠᠯᠠᠭ᠎ᠠ ᠮᠥᠴᠢᠷ ᠤᠨ ᠠᠮᠵᠢᠯᠲᠠ ᠲᠠᠢ ᠲᠤᠷᠰᠢᠯᠭ᠎ᠠ ᠶᠢ ᠪᠠᠶᠢᠴᠠᠭᠠᠨ | ᠰᠤᠳᠤᠯᠬᠤ ᠪᠠ ᠰᠤᠷᠤᠯᠴᠠᠭᠰᠠᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ | ᠬᠦᠷᠢᠶᠡᠯᠡᠩ ᠲᠠᠰᠤᠭ ᠪᠠ ᠭᠤᠣᠯᠳᠠᠯᠭᠠᠲᠤ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠬᠤ ᠪᠠ | ᠶᠠᠷᠢᠯᠴᠠᠨ ᠰᠣᠯᠢᠯᠴᠠᠵᠤ᠂ ᠤᠯᠤᠰ ᠤᠨ ᠲᠥᠷᠥ ᠶᠢᠨ ᠪᠣᠳᠣᠯᠭ᠎ᠠ ᠶᠢᠨ ᠵᠣᠷᠢᠭ ᠰᠠᠨᠠᠭᠠᠨ ᠤ ᠮᠥᠨ ᠴᠢᠨᠠᠷ ᠪᠠ | ᠮᠡᠳᠡᠯᠭᠡ ᠶᠢᠨ ᠥᠷᠲᠡᠭ ᠢ ᠨᠡᠮᠡᠭᠳᠡᠭᠦᠯᠬᠦ ᠪᠠᠷ ᠤᠳᠤᠷᠢᠳᠤᠮᠵᠢ ᠪᠣᠯᠭᠠᠭᠰᠠᠨ ᠬᠤᠪᠢᠶᠠᠷᠢᠯᠠᠯᠲᠠ ᠶᠢᠨ ᠲᠥᠷᠥ ᠶᠢᠨ | ᠪᠣᠳᠣᠯᠭ᠎ᠠ ᠶᠢᠨ ᠥᠭᠡᠷᠡᠴᠢᠯᠡᠯᠲᠡ ᠶᠢᠨ ᠭᠤᠣᠯᠳᠠᠯᠭ᠎ᠠ ᠶᠢ ᠭᠦᠨᠵᠡᠭᠡᠢ ᠣᠶᠢᠯᠠᠭᠠᠵᠤ᠂ ᠮᠠᠨ ᠤ ᠣᠷᠣᠨ ᠤ ᠰᠢᠨᠵᠢᠯᠡᠬᠦ | ᠤᠬᠠᠭᠠᠨ ᠤ ᠰᠤᠳᠤᠯᠭᠠᠨ ᠤ ᠠᠵᠢᠯᠲᠠᠳ ᠤᠨ ᠰᠢᠨ᠎ᠡ ᠶᠢ ᠡᠭᠦᠳᠦᠨ ᠵᠣᠬᠢᠶᠠᠨ ᠪᠦᠲᠦᠭᠡᠬᠦ ᠢᠳᠡᠪᠬᠢᠵᠢᠯ ᠢ | ᠬᠦᠯᠢᠶᠡᠰᠦᠯᠡᠵᠦ ᠪᠠᠶᠢᠭ᠎ᠠ ᠡᠯ᠎ᠡ ᠵᠦᠢᠯ ᠤᠨ ᠬᠤᠪᠢᠶᠠᠷᠢᠯᠠᠯᠲᠠ ᠶᠢᠨ ᠠᠰᠠᠭᠤᠳᠠᠯ ᠢ ᠪᠦᠬᠦ ᠲᠠᠯ᠎ᠠ ᠪᠠᠷ ᠡᠵᠡᠮᠰᠢᠵᠡᠢ᠃ | ᠪᠢᠴᠢᠭ ᠮᠠᠲ᠋ᠧᠷᠢᠶᠠᠯ ᠢ ᠲᠣᠭᠲᠠᠭᠠᠬᠤ ᠶᠠᠪᠤᠴᠠ ᠳᠤ᠂ ᠪᠢᠳᠡ ᠥᠪᠡᠷᠲᠡᠭᠡᠨ ᠵᠠᠰᠠᠬᠤ ᠣᠷᠣᠨ ᠤ ᠬᠥᠮᠥᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠰᠤᠷᠭᠠᠨ | ᠬᠥᠮᠥᠵᠢᠯ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠨ ᠬᠠᠮᠢᠶᠠᠷᠤᠯᠲᠠ ᠶᠢᠨ ᠵᠥᠪᠯᠡᠯ᠂ | ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ | ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠣᠯᠠᠨ ᠤᠳᠠᠭ᠎ᠠ ᠰᠠᠨᠠᠯ ᠬᠤᠷᠢᠶᠠᠵᠤ᠂ ᠪᠤᠰᠤᠳ ᠮᠤᠵᠢ | ᠬᠤᠲᠠ ᠶᠢᠨ ᠲᠥᠷᠥ ᠶᠢᠨ ᠪᠣᠳᠣᠯᠭ᠎ᠠ ᠶᠢᠨ ᠵᠦᠢᠯ ᠵᠤᠷᠪᠤᠰ ᠢᠶᠠᠷ ᠯᠠᠪᠯᠠᠯᠲᠠ ᠪᠣᠯᠭᠠᠨ᠂ ᠳᠠᠬᠢᠨ ᠳᠠᠪᠲᠠᠨ ᠵᠠᠰᠠᠯᠲᠠ | ᠣᠷᠣᠭᠤᠯᠵᠤ ᠲᠡᠭᠦᠯᠳᠡᠷᠵᠢᠭᠦᠯᠦᠭᠡᠳ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠤᠳᠤᠷᠢᠳᠬᠤ ᠳᠤᠭᠤᠶᠢᠯᠠᠩ ᠢᠶᠠᠷ ᠰᠤᠳᠤᠯᠤᠭᠤᠯᠤᠨ | ᠪᠠᠲᠤᠯᠠᠭᠤᠯᠤᠭᠰᠠᠨ ᠤ ᠳᠠᠷᠠᠭ᠎ᠠ ᠳᠠᠷᠤᠮᠠᠯᠯᠠᠨ ᠲᠠᠷᠠᠭᠠᠭᠰᠠᠨ ᠪᠠᠶᠢᠨ᠎ᠠ᠃ ︽ᠬᠡᠷᠡᠭᠵᠢᠭᠦᠯᠬᠦ ᠰᠠᠨᠠᠯ︾ ᠨᠢ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠭᠦᠢᠴᠡᠳ ᠢᠯᠡᠷᠡᠭᠦᠯᠵᠦ᠂ ᠮᠠᠨ ᠤ ᠣᠷᠣᠨ ᠤ ᠪᠣᠳᠠᠳᠤ | ᠪᠠᠶᠢᠳᠠᠯ ᠲᠠᠢ ᠪᠦᠷᠢᠮᠦᠰᠦᠨ ᠨᠡᠶᠢᠴᠡᠵᠦ᠂ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠥᠷᠲᠡᠭ ᠢ | ᠨᠡᠮᠡᠭᠳᠡᠭᠦᠯᠬᠦ ᠪᠠᠷ ᠤᠳᠤᠷᠢᠳᠤᠮᠵᠢ ᠪᠣᠯᠭᠠᠭᠰᠠᠨ ᠬᠤᠪᠢᠶᠠᠷᠢᠯᠠᠯᠲᠠ ᠶᠢᠨ ᠳᠦᠷᠢᠮ ᠤᠨ ᠥᠭᠡᠷᠡᠴᠢᠯᠡᠯᠲᠡ ᠳᠤ ᠪᠦᠬᠦ | ᠲᠠᠯ᠎ᠠ ᠪᠠᠷ ᠲᠣᠬᠢᠷᠠᠭᠤᠯᠤᠯᠲᠠ ᠬᠢᠵᠦ᠂ ᠦᠵᠡᠯ ᠰᠠᠨᠠᠭ᠎ᠠ ᠪᠠᠨ ᠴᠢᠯᠦᠭᠡᠯᠡᠨ᠂ ᠪᠦᠬᠦ ᠣᠷᠣᠨ ᠤ ᠥᠷᠭᠡᠨ ᠣᠯᠠᠨ | ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠠ ᠡᠭᠦᠳᠦᠨ ᠪᠦᠲᠦᠭᠡᠬᠦ | ᠴᠢᠨᠠᠷ ᠢ ᠭᠦᠢᠴᠡᠳ ᠳᠠᠶᠢᠴᠢᠯᠠᠭᠰᠠᠨ ᠨᠢᠭᠡᠨ ᠴᠢᠬᠤᠯᠠ ᠪᠢᠴᠢᠭ ᠮᠠᠲ᠋ᠧᠷᠢᠶᠠᠯ ᠪᠠᠶᠢᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠬᠦᠴᠦᠷᠬᠡᠭ ᠣᠷᠣᠨ᠂ ᠴᠢᠳᠠᠪᠤᠷᠢᠲᠠᠨ ᠤ ᠬᠦᠴᠦᠷᠬᠡᠭ ᠣᠷᠣᠨ ᠤ ᠪᠠᠶᠢᠭᠤᠯᠤᠯᠲᠠ ᠶᠢ ᠪᠠᠲᠤᠯᠠᠵᠤ᠂ | ᠰᠢᠨ᠎ᠡ ᠶᠢ ᠡᠭᠦᠳᠬᠦ ᠬᠡᠯᠪᠡᠷᠢ ᠶᠢᠨ ᠥᠪᠥᠷ ᠮᠣᠩᠭᠤᠯ ᠢ ᠪᠠᠶᠢᠭᠤᠯᠤᠨ ᠪᠦᠲᠦᠭᠡᠬᠦ ᠰᠢᠢᠳᠪᠦᠷᠢᠲᠦ ᠢᠯᠠᠯᠲᠠ ᠶᠢ | ᠣᠯᠬᠤ ᠳᠤ ᠬᠦᠨᠳᠦ ᠴᠢᠬᠤᠯᠠ ᠠᠴᠢ ᠬᠤᠯᠪᠣᠭᠳᠠᠯ ᠲᠠᠢ ᠭᠡᠵᠦ ᠬᠡᠯᠡᠵᠦ ᠪᠣᠯᠣᠨ᠎ᠠ᠃ | ᠬᠥᠲᠥᠯᠥᠭᠴᠢ᠄ ︽ᠬᠡᠷᠡᠭᠵᠢᠭᠦᠯᠬᠦ ᠰᠠᠨᠠᠯ︾ ᠨᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ | ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠶᠢᠨ ᠠᠵᠢᠯ ᠤᠨ ᠠᠮᠵᠢᠯᠲᠠ ᠪᠦᠲᠦᠮᠵᠢ ᠶᠢᠨ | ᠴᠠᠯᠢᠩ ᠤᠨ ᠳᠦᠷᠢᠮ ᠤᠨ ᠲᠠᠯ᠎ᠠ ᠪᠠᠷ ᠶᠠᠮᠠᠷ ᠶᠠᠮᠠᠷ ᠲᠣᠭᠲᠠᠭᠠᠯ ᠭᠠᠷᠭᠠᠭᠰᠠᠨ ᠪᠣᠢ︖ | ᠶᠦᠨ ᠲᠣᠤ᠄ ᠭᠦᠨᠵᠡᠭᠡᠢ ᠪᠠᠶᠢᠴᠠᠭᠠᠨ ᠰᠤᠳᠤᠯᠤᠯᠲᠠ ᠬᠢᠬᠦ ᠪᠠᠷ ᠳᠠᠮᠵᠢᠭᠤᠯᠵᠤ᠂ ᠪᠢᠳᠡ ᠰᠢᠨᠵᠢᠯᠡᠬᠦ | ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠶᠢᠨ ᠠᠵᠢᠯ ᠤᠨ ᠠᠮᠵᠢᠯᠲᠠ | ᠪᠦᠲᠦᠮᠵᠢ ᠶᠢᠨ ᠴᠠᠯᠢᠩ ᠤᠨ ᠳᠦᠷᠢᠮ ᠤᠨ ᠲᠠᠯ᠎ᠠ ᠪᠠᠷ ᠳᠣᠣᠷᠠᠬᠢ ᠮᠡᠲᠦ ᠶᠢᠨ ᠠᠰᠠᠭᠤᠳᠠᠯ ᠣᠷᠣᠰᠢᠵᠤ ᠪᠠᠶᠢᠬᠤ ᠶᠢ | ᠣᠶᠢᠯᠠᠭᠠᠪᠠ᠂ ᠲᠤᠬᠠᠶᠢᠯᠠᠪᠠᠯ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠢ ᠬᠡᠮᠵᠢᠶ᠎ᠡ ᠬᠡᠲᠦᠷᠬᠡᠢ | ᠳᠣᠣᠷ᠎ᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠥᠮᠥᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ | ᠪᠦᠲᠦᠭᠡᠯ ᠢ ᠤᠯᠠᠷᠢᠭᠤᠯᠬᠤ ᠵᠡᠷᠭᠡ ᠠᠵᠢᠯᠯᠠᠭ᠎ᠠ ᠬᠢᠭᠡᠳ ᠣᠯᠣᠭᠰᠠᠨ ᠣᠷᠣᠯᠭ᠎ᠠ ᠨᠢ ᠨᠢᠭᠡᠴᠡ ᠶᠢᠨ ᠠᠵᠢᠯ ᠤᠨ | ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠢ ᠲᠤᠭ᠎ᠠ ᠶᠢᠨ ᠬᠢᠵᠠᠭᠠᠷᠯᠠᠯ ᠢ ᠬᠦᠷᠲᠡᠵᠦ᠂ ᠨᠢᠭᠡᠴᠡ ᠨᠦᠭᠦᠳ ᠲᠤ | ᠥᠪᠡᠷ ᠢᠶᠠᠨ ᠡᠵᠡᠨ ᠮᠡᠳᠡᠵᠦ ᠬᠤᠪᠢᠶᠠᠷᠢᠯᠠᠬᠤ ᠡᠷᠬᠡ ᠳᠤᠲᠠᠭᠳᠠᠵᠤ᠂ ᠱᠠᠩᠨᠠᠯ ᠤᠨ ᠴᠢᠨᠠᠷᠲᠠᠢ ᠠᠵᠢᠯ ᠤᠨ ᠠᠮᠵᠢᠯᠲᠠ | ᠪᠦᠲᠦᠮᠵᠢ ᠶᠢᠨ ᠴᠠᠯᠢᠩ ᠢ ᠲᠡᠭᠰᠢᠳᠬᠡᠵᠦ ᠣᠯᠭᠤᠬᠤ᠂ ︽ᠮᠠᠩᠵᠠᠨ ᠲᠣᠭᠤᠭ᠎ᠠ ᠠᠴᠠ ᠪᠤᠳᠠᠭ᠎ᠠ ᠢᠳᠡᠬᠦ︾ ᠪᠠᠶᠢᠳᠠᠯ | ᠣᠷᠣᠰᠢᠵᠤ ᠪᠠᠶᠢᠨ᠎ᠠ᠃ ᠳᠡᠭᠡᠷᠡᠬᠢ ᠠᠰᠠᠭᠤᠳᠠᠯ ᠳᠤ ᠬᠠᠨᠳᠤᠭᠤᠯᠤᠨ᠂ ︽ᠬᠡᠷᠡᠭᠵᠢᠭᠦᠯᠬᠦ ᠰᠠᠨᠠᠯ︾ ᠳᠤ᠄ ᠰᠢᠨᠵᠢᠯᠡᠬᠦ | ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠶᠢᠨ ᠠᠵᠢᠯ ᠤᠨ ᠠᠮᠵᠢᠯᠲᠠ | ᠪᠦᠲᠦᠮᠵᠢ ᠶᠢᠨ ᠴᠠᠯᠢᠩ ᠤᠨ ᠶᠡᠷᠦᠩᠬᠡᠢ ᠬᠡᠮᠵᠢᠶ᠎ᠡ ᠶᠢ ᠦᠨᠳᠦᠰᠦᠨ ᠪᠠᠷᠢᠮᠵᠢᠶᠠᠲᠤ ᠱᠤᠭᠤᠮ ᠤᠨ 3 ᠳᠠᠬᠢᠨ ᠤ | ᠳᠣᠲᠣᠷ᠎ᠠ ᠬᠠᠷᠭᠤᠭᠤᠯᠤᠨ ᠲᠣᠭᠲᠠᠭᠠᠵᠤ ᠪᠣᠯᠣᠨ᠎ᠠ᠂ ᠳᠠᠷᠤᠢ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ | ᠬᠠᠮᠤᠭ ᠤᠨ ᠳᠡᠭᠡᠳᠦ ᠡᠵᠡᠮᠳᠡᠯ ᠤᠨ ᠱᠤᠭᠤᠮ ᠢ ᠣᠳᠣ ᠶᠢᠨ ᠬᠡᠷᠡᠭᠵᠢᠭᠦᠯᠵᠦ ᠪᠠᠶᠢᠭ᠎ᠠ ᠦᠨᠳᠦᠰᠦᠨ ᠪᠠᠷᠢᠮᠵᠢᠶᠠᠲᠤ | ᠱᠤᠭᠤᠮ ᠤᠨ 2.5 ᠳᠠᠬᠢᠨ ᠠᠴᠠ ᠳᠡᠭᠡᠭᠰᠢᠯᠡᠭᠦᠯᠦᠭᠡᠳ 3 ᠳᠠᠬᠢᠨ ᠪᠣᠯᠭᠠᠵᠤ ᠪᠣᠯᠣᠨ᠎ᠠ᠃ ᠮᠡᠳᠡᠯᠭᠡ ᠮᠡᠷᠭᠡᠵᠢᠯ | ᠴᠢᠭᠵᠢᠭᠦᠦ᠂ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠲᠥᠪᠯᠡᠷᠡᠭᠰᠡᠨ ᠨᠢᠭᠡᠴᠡ ᠳᠤ᠂ ᠲᠣᠭᠲᠠᠭᠠᠯ ᠶᠣᠰᠣᠭᠠᠷ | ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠢ ᠬᠡᠮᠵᠢᠶ᠎ᠡ ᠶᠢ ᠬᠠᠷᠭᠤᠭᠤᠯᠤᠨ ᠲᠣᠭᠲᠠᠭᠠᠬᠤ | ᠦᠶ᠎ᠡ ᠳᠤ ᠬᠠᠷᠠᠭᠠᠯᠵᠠᠯ ᠦᠵᠡᠭᠦᠯᠵᠦ ᠪᠣᠯᠣᠨ᠎ᠠ᠃ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ᠂ ᠮᠡᠷᠭᠡᠵᠢᠯ ᠤᠨ ᠨᠡᠭᠡᠭᠡᠨ ᠠᠰᠢᠭᠯᠠᠯᠲᠠ | ᠂ ᠮᠡᠷᠭᠡᠵᠢᠯ ᠤᠨ ᠵᠥᠪᠯᠡᠯᠭᠡ ᠥᠭᠬᠦ᠂ ᠬᠡᠮᠵᠢᠨ ᠲᠤᠷᠰᠢᠵᠤ ᠵᠠᠳᠠᠯᠤᠯᠲᠠ ᠬᠢᠬᠦ᠂ ᠮᠡᠷᠭᠡᠵᠢᠯ ᠤᠨ ᠦᠢᠯᠡᠴᠢᠯᠡᠭᠡ ᠵᠡᠷᠭᠡ | ᠠᠵᠢᠯᠯᠠᠭ᠎ᠠ ᠥᠷᠨᠢᠭᠦᠯᠦᠭᠡᠳ ᠣᠯᠣᠭᠰᠠᠨ ᠬᠥᠯᠥᠰᠦ ᠣᠯᠭᠤᠮᠵᠢ᠂ ᠱᠠᠩᠨᠠᠯ᠂ ᠤᠯᠤᠰ ᠪᠠ ᠥᠪᠡᠷᠲᠡᠭᠡᠨ ᠵᠠᠰᠠᠬᠤ | ᠣᠷᠣᠨ ᠤ ᠡᠯ᠎ᠡ ᠲᠥᠷᠥᠯ ᠤᠨ ᠭᠤᠣᠯᠳᠠᠯᠭᠠᠲᠤ ᠴᠢᠳᠠᠪᠤᠷᠢᠲᠠᠨ ᠤ ᠢᠨᠵᠧᠨᠧᠷᠢᠩ ᠤᠨ ᠬᠥᠮᠥᠰ ᠤᠨ ᠲᠣᠭᠲᠠᠭᠠᠯ | ᠶᠣᠰᠣᠭᠠᠷ ᠬᠦᠷᠲᠡᠬᠦ ᠠᠮᠢᠳᠤᠷᠠᠯ ᠤᠨ ᠨᠥᠬᠦᠪᠦᠷᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ | ᠠᠮᠵᠢᠯᠲᠠ ᠪᠦᠲᠦᠮᠵᠢ ᠶᠢᠨ ᠣᠷᠣᠯᠭ᠎ᠠ ᠶᠢ ᠨᠢᠭᠡᠴᠡ ᠶᠢᠨ ᠬᠢᠨᠢ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ | ᠶᠡᠷᠦᠩᠬᠡᠢ ᠲᠣᠭᠠᠨ ᠤ ᠰᠠᠭᠤᠷᠢ ᠲᠤᠭ᠎ᠠ ᠳᠤ ᠣᠷᠣᠭᠤᠯᠬᠤ ᠦᠭᠡᠢ᠃ ᠠᠵᠢᠯ ᠤᠨ ᠠᠮᠵᠢᠯᠲᠠ ᠪᠦᠲᠦᠮᠵᠢ ᠶᠢᠨ | ᠴᠠᠯᠢᠩ ᠢ ᠬᠤᠪᠢᠶᠠᠷᠢᠯᠠᠬᠤ ᠳᠤ ᠨᠢᠭᠡᠴᠡ ᠠᠴᠠ ᠨᠢ ᠡᠵᠡᠨ ᠮᠡᠳᠡᠨ ᠲᠣᠭᠲᠠᠭᠠᠵᠤ᠂ ᠱᠠᠩᠨᠠᠯ ᠤᠨ ᠴᠢᠨᠠᠷᠲᠠᠢ ᠠᠵᠢᠯ ᠤᠨ | ᠠᠮᠵᠢᠯᠲᠠ ᠪᠦᠲᠦᠮᠵᠢ ᠶᠢᠨ ᠴᠠᠯᠢᠩ ᠢ ᠨᠢᠭᠡᠴᠡ ᠠᠴᠠ ᠨᠢ ᠰᠢᠯᠭᠠᠨ ᠬᠢᠨᠠᠭᠰᠠᠨ ᠦᠷ᠎ᠡ ᠳ᠋ᠦᠩ ᠢ ᠦᠨᠳᠦᠰᠦᠯᠡᠨ | ᠵᠣᠬᠢᠰᠲᠠᠢ ᠪᠠᠷ ᠳᠡᠰ ᠬᠤᠪᠢᠶᠠᠨ ᠬᠤᠪᠢᠶᠠᠷᠢᠯᠠᠵᠤ᠂ ᠲᠡᠭᠰᠢᠳᠬᠡᠨ ᠬᠤᠪᠢᠶᠠᠷᠢᠯᠠᠵᠤ ᠪᠣᠯᠬᠤ ᠦᠭᠡᠢ ᠭᠡᠵᠦ | ᠳᠤᠷᠠᠳᠤᠭᠰᠠᠨ ᠪᠠᠶᠢᠨ᠎ᠠ᠃ | ᠬᠥᠲᠥᠯᠥᠭᠴᠢ᠄ ︽ᠬᠡᠷᠡᠭᠵᠢᠭᠦᠯᠬᠦ ᠰᠠᠨᠠᠯ︾ ᠨᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ | ᠶᠡᠭᠡ ᠳᠡᠭᠡᠳᠦ ᠰᠤᠷᠭᠠᠭᠤᠯᠢ ᠶᠢᠨ ᠳᠣᠲᠣᠭᠠᠳᠤ ᠶᠢᠨ ᠣᠷᠣᠯᠭ᠎ᠠ ᠶᠢᠨ ᠬᠤᠪᠢᠶᠠᠷᠢᠯᠠᠯᠲᠠ ᠶᠢᠨ ᠲᠠᠯ᠎ᠠ ᠪᠠᠷ ᠶᠠᠮᠠᠷ ᠶᠠᠮᠠᠷ | ᠱᠠᠭᠠᠷᠳᠠᠯᠭ᠎ᠠ ᠲᠠᠢ ᠪᠣᠢ︖ | ᠶᠦᠨ ᠲᠣᠤ᠄ ︽ᠬᠡᠷᠡᠭᠵᠢᠭᠦᠯᠬᠦ ᠰᠠᠨᠠᠯ︾ ᠳᠤ᠄ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ | ᠶᠡᠭᠡ ᠳᠡᠭᠡᠳᠦ ᠰᠤᠷᠭᠠᠭᠤᠯᠢ ᠶᠢᠨ ᠬᠢᠨ ᠪᠣᠳᠠᠲᠠᠢ ᠦᠵᠡᠭᠦᠯᠦᠭᠰᠡᠨ ᠬᠤᠪᠢ ᠨᠡᠮᠡᠷᠢ ᠪᠠᠷ ᠦᠨᠡᠯᠡᠬᠦ ᠪᠠᠷᠢᠮᠵᠢᠶ᠎ᠠ ᠪᠣᠯᠭᠠᠬᠤ | ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢᠨ ᠬᠠᠷᠠᠯᠲᠠ ᠲᠠᠢ ᠬᠠᠷᠢᠯᠴᠠᠨ ᠨᠢᠭᠡᠳᠦᠭᠦᠯᠬᠦ᠂ ᠠᠵᠢᠯ ᠤᠨ | ᠲᠣᠪᠤᠶᠢᠮ᠎ᠠ ᠠᠮᠵᠢᠯᠲᠠ ᠪᠦᠲᠦᠮᠵᠢ ᠪᠠᠷ ᠤᠳᠤᠷᠢᠳᠤᠮᠵᠢ ᠪᠣᠯᠭᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠴᠢᠳᠠᠪᠤᠷᠢᠲᠠᠨ ᠤ ᠣᠷᠣᠯᠭ᠎ᠠ ᠶᠢᠨ ᠬᠤᠪᠢᠶᠠᠷᠢᠯᠠᠯᠲᠠ ᠪᠠᠷ ᠤᠷᠮᠠᠰᠢᠭᠤᠯᠬᠤ ᠠᠷᠭ᠎ᠠ ᠬᠡᠮᠵᠢᠶ᠎ᠡ ᠶᠢ | ᠲᠣᠭᠲᠠᠭᠠᠵᠤ᠂ ᠵᠢᠭᠠᠨ ᠰᠤᠷᠭᠠᠯᠲᠠᠳ᠂ ᠰᠢᠨᠵᠢᠯᠡᠬᠦ ᠤᠬᠠᠭᠠᠨ ᠤ ᠰᠤᠳᠤᠯᠭᠠᠲᠠᠳ᠂ ᠲᠤᠷᠰᠢᠯᠲᠠ ᠶᠢᠨ ᠲᠥᠯᠥᠪᠯᠡᠭᠡ | ᠬᠢᠭᠡᠳ ᠨᠡᠭᠡᠭᠡᠨ ᠠᠰᠢᠭᠯᠠᠯᠲᠠ ᠶᠢᠨ ᠬᠥᠮᠥᠰ᠂ ᠲᠤᠰᠠᠯᠠᠬᠤ ᠠᠵᠢᠯᠲᠠᠳ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠦᠷ᠎ᠡ ᠪᠦᠲᠦᠭᠡᠯ ᠢ ᠤᠯᠠᠷᠢᠭᠤᠯᠬᠤ ᠠᠵᠢᠯᠲᠠᠳ ᠵᠡᠷᠭᠡ ᠶᠢᠨ ᠣᠷᠣᠯᠭ᠎ᠠ ᠶᠢᠨ ᠬᠤᠪᠢᠶᠠᠷᠢᠯᠠᠯᠲᠠ ᠶᠢᠨ ᠬᠠᠷᠢᠴᠠᠭ᠎ᠠ ᠶᠢ | ᠵᠣᠬᠢᠰᠲᠠᠢ ᠲᠣᠬᠢᠷᠠᠭᠤᠯᠬᠤ ᠬᠡᠷᠡᠭᠲᠡᠢ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠬᠢᠭᠡᠳ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠵᠤ ᠪᠦᠷᠢᠯᠳᠦᠭᠰᠡᠨ ᠰᠲ᠋ᠣᠺ ᠤᠨ ᠡᠷᠬᠡ᠂ ᠠᠵᠢᠯ ᠤᠨ | ᠪᠠᠶᠢᠷᠢ ᠶᠢᠨ ᠠᠰᠢᠭ ᠣᠯᠵᠠᠪᠤᠷᠢ ᠬᠤᠪᠢᠶᠠᠷᠢᠯᠠᠬᠤ ᠵᠡᠷᠭᠡ ᠲᠠᠯ᠎ᠠ ᠶᠢᠨ ᠤᠷᠮᠠᠰᠢᠭᠤᠯᠬᠤ ᠡᠷᠴᠢᠮ ᠢ ᠴᠢᠩᠭᠠᠷᠠᠭᠤᠯᠬᠤ | ᠬᠡᠷᠡᠭᠲᠡᠢ᠃ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠶᠢᠨ ᠬᠢᠨ | ᠪᠠᠴᠢᠮ ᠱᠠᠭᠠᠷᠳᠠᠭᠳᠠᠵᠤ ᠪᠠᠶᠢᠭ᠎ᠠ ᠬᠤᠪᠣᠷ ᠴᠤᠬᠠᠭ ᠳᠡᠭᠡᠳᠦ ᠳᠡᠰ ᠳᠠᠪᠬᠤᠷᠭ᠎ᠠ ᠶᠢᠨ ᠰᠢᠨᠵᠢᠯᠡᠬᠦ ᠤᠬᠠᠭᠠᠨ ᠤ | ᠰᠤᠳᠤᠯᠭᠠᠲᠠᠳ ᠢ ᠲᠠᠲᠠᠨ ᠣᠷᠣᠭᠤᠯᠵᠤ᠂ ᠬᠡᠯᠡᠯᠴᠡᠭᠡᠷ ᠤᠨ ᠴᠠᠯᠢᠩ᠂ ᠵᠢᠯ ᠤᠨ ᠴᠠᠯᠢᠩ ᠤᠨ ᠳᠦᠷᠢᠮ ᠪᠤᠶᠤ | ᠲᠥᠷᠥᠯ ᠵᠦᠢᠯ ᠤᠨ ᠴᠠᠯᠢᠩ ᠵᠡᠷᠭᠡ ᠣᠯᠠᠨ ᠵᠦᠢᠯ ᠤᠨ ᠬᠤᠪᠢᠶᠠᠷᠢᠯᠠᠬᠤ ᠠᠷᠭ᠎ᠠ ᠶᠢ ᠬᠡᠷᠡᠭᠯᠡᠵᠦ ᠪᠣᠯᠣᠨ᠎ᠠ᠃ ᠠᠳᠠᠯᠢ | ᠪᠤᠰᠤ ᠲᠥᠷᠥᠯ ᠬᠡᠯᠪᠡᠷᠢ ᠶᠢᠨ ᠰᠤᠳᠤᠯᠭᠠᠲᠠᠳ ᠤᠨ ᠰᠢᠯᠭᠠᠨ ᠬᠢᠨᠠᠬᠤ ᠦᠶᠡᠯᠡᠯ ᠤᠨ ᠬᠤᠭᠤᠴᠠᠭ᠎ᠠ ᠶᠢ ᠰᠢᠨᠵᠢᠯᠡᠬᠦ | ᠤᠬᠠᠭᠠᠴᠢ ᠪᠠᠷ ᠲᠣᠬᠢᠷᠠᠭᠤᠯᠵᠤ᠂ ᠤᠷᠲᠤ ᠬᠤᠭᠤᠴᠠᠭ᠎ᠠ ᠪᠠᠷ ᠤᠷᠮᠠᠰᠢᠭᠤᠯᠤᠨ ᠵᠣᠷᠢᠭᠵᠢᠭᠤᠯᠬᠤ ᠤᠳᠤᠷᠢᠳᠤᠮᠵᠢ ᠶᠢ | ᠪᠦᠷᠢᠳᠦᠭᠦᠯᠦᠨ᠎ᠡ᠃ | ᠬᠥᠲᠥᠯᠥᠭᠴᠢ᠄ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ | ᠠᠬᠢᠭᠤᠯᠬᠤ ᠪᠣᠯ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠢᠳᠡᠪᠬᠢᠵᠢᠯ ᠢ ᠬᠥᠭᠵᠢᠭᠡᠵᠦ᠂ | ᠲᠡᠳᠡᠨᠦᠰ ᠤᠨ ᠣᠷᠣᠯᠭ᠎ᠠ ᠶᠢ ᠨᠡᠮᠡᠭᠳᠡᠭᠦᠯᠬᠦ ᠴᠢᠬᠤᠯᠠ ᠠᠷᠭ᠎ᠠ ᠵᠠᠮ ᠪᠣᠯᠣᠨ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ | ᠦᠷ᠎ᠡ ᠪᠦᠲᠦᠭᠡᠯ ᠢ ᠤᠯᠠᠷᠢᠭᠤᠯᠬᠤ ᠲᠣᠭᠲᠠᠴᠠ ᠶᠢᠨ ᠲᠠᠯ᠎ᠠ ᠪᠠᠷ ᠬᠡᠷᠬᠢᠨ ᠲᠣᠭᠲᠠᠭᠠᠭᠰᠠᠨ ᠪᠣᠢ︖ | ᠶᠦᠨ ᠲᠣᠤ᠄ ᠨᠢᠭᠡ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠡᠷᠡᠭᠯᠡᠬᠦ᠂ | ᠰᠢᠢᠳᠪᠦᠷᠢᠯᠡᠬᠦ ᠪᠠ ᠠᠰᠢᠭ ᠣᠷᠣᠯᠭ᠎ᠠ ᠭᠡᠬᠦ ︽ᠭᠤᠷᠪᠠᠨ ᠡᠷᠬᠡ︾ ᠶᠢ ᠳᠣᠷᠣᠭᠰᠢ ᠪᠠᠭᠤᠯᠭᠠᠨ᠎ᠠ᠃ ᠬᠤᠶᠠᠷ ᠲᠤ᠂ | ᠡᠳ᠋ ᠤᠨ ᠵᠠᠰᠠᠭ ᠪᠡᠯᠡ ᠮᠥᠩᠭᠦᠨ ᠤ ᠳᠡᠮᠵᠢᠯᠭᠡ ᠪᠠᠷ ᠪᠦᠷᠢᠯᠳᠦᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠭᠤᠷᠪᠠᠳᠠᠭᠴᠢ ᠡᠲᠡᠭᠡᠳ ᠤᠨ ᠦᠨᠡᠯᠡᠨ ᠵᠢᠱᠢᠯᠲᠡ ᠪᠠ ᠦᠨ᠎ᠡ ᠲᠣᠭᠲᠠᠭᠠᠯᠲᠠ ᠪᠠᠷ ᠳᠠᠮᠵᠢᠨ ᠵᠠᠬ᠎ᠠ | ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠲᠠᠢ ᠪᠣᠯ᠂ 2 ᠵᠢᠯ ᠤᠨ ᠳᠣᠲᠣᠷ᠎ᠠ ᠤᠯᠠᠷᠢᠭᠤᠯᠬᠤ ᠬᠡᠷᠡᠭᠲᠡᠢ᠃ | ᠭᠤᠷᠪᠠ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠮᠡᠳᠡᠭᠦᠯᠬᠦ | ᠳᠦᠷᠢᠮ ᠢ ᠲᠣᠭᠲᠠᠭᠠᠨ᠎ᠠ᠃ ᠳᠥᠷᠪᠡ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢ | ᠨᠢᠭᠡᠳᠦᠯᠲᠡᠢ ᠪᠠᠷ ᠢᠯᠡ ᠪᠣᠯᠭᠠᠨ ᠵᠠᠷᠯᠠᠬᠤ ᠳᠦᠷᠢᠮ ᠢ ᠬᠡᠷᠡᠭᠵᠢᠭᠦᠯᠦᠨ᠎ᠡ᠃ ᠲᠠᠪᠤ ᠳᠤ᠂ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠤᠨ ᠲᠣᠮᠣ ᠳ᠋ᠠᠶᠢᠲ᠋ᠠ ᠶᠢᠨ ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ᠣᠷᠣᠨ | ᠪᠦᠰᠡ ᠶᠢᠨ ᠴᠢᠨᠠᠷᠲᠠᠢ ᠮᠡᠷᠭᠡᠵᠢᠯ ᠤᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠣᠯᠢᠯᠴᠠᠭᠠᠨ ᠤ ᠲᠠᠪᠴᠠᠩ ᠤᠳ ᠢ | ᠬᠥᠲᠥᠯᠥᠨ ᠵᠢᠯᠣᠭᠤᠳᠴᠤ ᠪᠠᠶᠢᠭᠤᠯᠤᠨ᠎ᠠ᠃ | ᠬᠥᠲᠥᠯᠥᠭᠴᠢ᠄ ︽ᠬᠡᠷᠡᠭᠵᠢᠭᠦᠯᠬᠦ ᠰᠠᠨᠠᠯ︾ ᠨᠢ ᠰᠢᠨᠵᠢᠯᠡᠬᠦ ᠤᠬᠠᠭᠠᠨ ᠤ ᠰᠤᠳᠤᠯᠭᠠᠲᠠᠳ ᠲᠠᠬᠢ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠠᠰᠢᠭ ᠣᠷᠣᠯᠭ᠎ᠠ ᠶᠢᠨ ᠤᠷᠮᠠᠰᠢᠭᠤᠯᠬᠤ ᠦᠢᠯᠡᠳᠦᠯ ᠢ ᠬᠡᠷᠬᠢᠨ | ᠴᠢᠩᠭᠠᠷᠠᠭᠤᠯᠬᠤ ᠪᠣᠢ︖ | ᠶᠦᠨ ᠲᠣᠤ᠄ ᠨᠢᠭᠡ ᠳᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ | ᠰᠤᠷᠭᠠᠭᠤᠯᠢ ᠶᠢᠨ ᠬᠢᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠵᠤ ᠣᠯᠣᠭᠰᠠᠨ ᠠᠰᠢᠭ ᠣᠷᠣᠯᠭ᠎ᠠ ᠶᠢ | ᠲᠤᠰᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠪᠡᠶᠡᠯᠡᠭᠦᠯᠬᠦ ᠪᠠ ᠤᠯᠠᠷᠢᠭᠤᠯᠬᠤ ᠳᠤ | ᠴᠢᠬᠤᠯᠠ ᠬᠤᠪᠢ ᠨᠡᠮᠡᠷᠢ ᠦᠵᠡᠭᠦᠯᠦᠭᠰᠡᠨ ᠬᠥᠮᠥᠰ ᠢ ᠱᠠᠩᠨᠠᠨ ᠬᠥᠬᠢᠭᠦᠯᠬᠦ ᠳᠤ ᠬᠡᠷᠡᠭᠯᠡᠵᠦ᠂ ᠭᠡᠷ᠎ᠡ ᠶᠢᠨ | ᠲᠣᠬᠢᠷᠠᠯᠴᠠᠭ᠎ᠠ ᠪᠠᠶᠢᠪᠠᠯ᠂ ᠭᠡᠷ᠎ᠡ ᠶᠢᠨ ᠲᠣᠬᠢᠷᠠᠯᠴᠠᠭ᠎ᠠ ᠶᠣᠰᠣᠭᠠᠷ ᠶᠠᠪᠤᠭᠤᠯᠤᠨ᠎ᠠ᠃ ᠬᠤᠶᠠᠷ ᠲᠤ᠂ ᠭᠡᠷ᠎ᠡ ᠪᠠᠷ | ᠬᠡᠯᠡᠯᠴᠡᠨ ᠲᠣᠬᠢᠷᠠᠯᠴᠠᠭᠰᠠᠨ ᠦᠭᠡᠢ ᠪᠣᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢᠶᠠᠨ ᠰᠢᠯᠵᠢᠭᠦᠯᠦᠨ ᠤᠯᠠᠷᠢᠭᠤᠯᠤᠭᠰᠠᠨ ᠠᠰᠢᠭ ᠣᠷᠣᠯᠭ᠎ᠠ | ᠳᠤᠮᠳᠠ ᠠᠴᠠ ᠣᠯᠬᠤ ᠱᠠᠩᠨᠠᠯ ᠪᠠ ᠬᠥᠯᠥᠰᠦ ᠣᠯᠭᠤᠮᠵᠢ ᠶᠢᠨ ᠬᠠᠷᠢᠴᠠᠯ ᠢ ᠲᠣᠳᠣᠷᠬᠠᠶᠢᠯᠠᠵᠤ᠂ ᠲᠤᠰᠢᠶᠠᠯ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠬᠦ᠂ ᠪᠤᠰᠤᠳ ᠬᠥᠮᠥᠨ ᠤ ᠬᠡᠷᠡᠭᠯᠡᠬᠦ ᠶᠢ | ᠵᠥᠪᠰᠢᠶᠡᠷᠡᠬᠦ ᠪᠤᠶᠤ ᠦᠨ᠎ᠡ ᠲᠣᠭᠲᠠᠭᠠᠨ ᠪᠡᠯᠡ ᠣᠷᠣᠭᠤᠯᠤᠭᠰᠠᠨ ᠪᠣᠯ᠂ ᠱᠠᠩᠨᠠᠯ ᠤᠨ ᠬᠠᠷᠢᠴᠠᠯ ᠨᠢ ᠲᠤᠰ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠬᠦ ᠪᠠ ᠵᠥᠪᠰᠢᠶᠡᠷᠡᠭᠰᠡᠨ ᠠᠴᠠ ᠣᠯᠣᠭᠰᠠᠨ | ᠴᠡᠪᠡᠷ ᠣᠷᠣᠯᠭ᠎ᠠ ᠪᠤᠶᠤ ᠦᠨ᠎ᠡ ᠲᠣᠭᠲᠠᠭᠠᠭᠰᠠᠨ ᠠᠴᠠ ᠪᠦᠷᠢᠯᠳᠦᠭᠰᠡᠨ ᠰᠲ᠋ᠣᠺ ᠤᠨ 70% ᠠᠴᠠ ᠳᠣᠣᠷ᠎ᠠ ᠪᠠᠶᠢᠵᠤ | ᠪᠣᠯᠬᠤ ᠦᠭᠡᠢ᠂ ᠥᠪᠡᠷ ᠢᠶᠠᠨ ᠬᠡᠷᠡᠭᠵᠢᠭᠦᠯᠦᠭᠰᠡᠨ ᠪᠤᠶᠤ ᠪᠤᠰᠤᠳ ᠲᠠᠢ ᠬᠠᠮᠲᠤᠷᠠᠨ ᠬᠡᠷᠡᠭᠵᠢᠭᠦᠯᠦᠭᠰᠡᠨ ᠪᠣᠯ᠂ | ᠬᠡᠷᠡᠭᠵᠢᠭᠦᠯᠵᠦ ᠤᠯᠠᠷᠢᠭᠤᠯᠤᠭᠠᠳ ᠠᠮᠵᠢᠯᠲᠠ ᠣᠯᠣᠭᠰᠠᠨ ᠤ ᠳᠠᠷᠠᠭ᠎ᠠ ᠵᠠᠯᠭᠠᠭ᠎ᠠ ᠪᠠᠷ 5 ᠵᠢᠯ᠂ ᠵᠢᠯ ᠪᠦᠷᠢ ᠲᠤᠰ | ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠡᠷᠡᠭᠵᠢᠭᠦᠯᠦᠭᠰᠡᠨ ᠡᠵᠡᠩᠨᠡᠯᠲᠡ ᠶᠢᠨ ᠠᠰᠢᠭ | ᠣᠷᠣᠯᠭ᠎ᠠ ᠠᠴᠠ 5% ᠠᠴᠠ ᠳᠡᠭᠡᠭᠰᠢ ᠬᠠᠷᠢᠴᠠᠯ ᠢᠶᠠᠷ ᠭᠠᠷᠭᠠᠨ ᠠᠪᠴᠤ ᠱᠠᠩᠨᠠᠨ ᠬᠥᠬᠢᠭᠦᠯᠬᠦ ᠳᠤ ᠬᠡᠷᠡᠭᠯᠡᠨ᠎ᠡ᠃ | ᠭᠤᠷᠪᠠ ᠳᠤ᠂ ᠤᠳᠤᠷᠢᠳᠬᠤ ᠬᠥᠮᠥᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ | ᠤᠯᠠᠷᠢᠭᠤᠯᠤᠯᠲᠠ ᠶᠢᠨ ᠱᠠᠩᠨᠠᠯ ᠢ ᠵᠢᠷᠤᠮᠵᠢᠭᠤᠯᠪᠠ᠃ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ | ᠳᠡᠭᠡᠳᠦ ᠰᠤᠷᠭᠠᠭᠤᠯᠢ ᠶᠢᠨ ᠭᠤᠣᠯ ᠤᠳᠤᠷᠢᠳᠤᠯᠭ᠎ᠠ ᠬᠡᠷᠪᠡ ᠰᠢᠨᠵᠢᠯᠡᠬᠦ ᠤᠬᠠᠭᠠᠨ ᠤ ᠰᠤᠳᠤᠯᠤᠯᠲᠠ ᠬᠢᠵᠦ ᠪᠠᠶᠢᠪᠠᠯ᠂ | ᠲᠣᠭᠲᠠᠭᠠᠯ ᠶᠣᠰᠣᠭᠠᠷ ᠪᠡᠯᠡᠨ ᠵᠣᠭᠤᠰ ᠤᠨ ᠱᠠᠩᠨᠠᠯ ᠣᠯᠵᠤ ᠪᠣᠯᠣᠨ᠎ᠠ᠂ ᠵᠠᠷᠴᠢᠮ ᠳᠡᠭᠡᠷ᠎ᠡ ᠪᠠᠨ ᠰᠲ᠋ᠣᠺ ᠤᠨ | ᠡᠷᠬᠡ ᠶᠢᠨ ᠱᠠᠩᠨᠠᠯ ᠣᠯᠵᠤ ᠪᠣᠯᠬᠤ ᠦᠭᠡᠢ᠃ ᠣᠳᠣ ᠶᠢᠨ ᠲᠤᠰᠢᠶᠠᠯ ᠢᠶᠠᠨ ᠡᠭᠦᠷᠭᠡᠯᠡᠬᠦ ᠠᠴᠠ ᠡᠮᠦᠨ᠎ᠡ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢᠶᠠᠨ ᠤᠯᠠᠷᠢᠭᠤᠯᠵᠤ ᠣᠯᠣᠭᠰᠠᠨ ᠰᠲ᠋ᠣᠺ ᠤᠨ ᠡᠷᠬᠡ ᠪᠠᠨ ᠲᠤᠰᠢᠶᠠᠯ | ᠡᠭᠦᠷᠭᠡᠯᠡᠭᠰᠡᠨ ᠤ ᠳᠠᠷᠠᠭ᠎ᠠ ᠲᠣᠭᠲᠠᠭᠰᠠᠨ ᠴᠠᠭ ᠤᠨ ᠬᠢᠵᠠᠭᠠᠷ ᠲᠤ ᠰᠢᠯᠵᠢᠭᠦᠯᠦᠨ ᠥᠭᠭᠦᠨ᠎ᠡ᠂ ᠬᠤᠭᠤᠴᠠᠭ᠎ᠠ ᠨᠢ | ᠬᠡᠲᠦᠷᠡᠭᠰᠡᠨ ᠪᠣᠯᠪᠠᠴᠤ ᠰᠢᠯᠵᠢᠭᠦᠯᠵᠦ ᠥᠭᠭᠦᠭᠡᠳᠦᠢ ᠪᠣᠯ᠂ ᠲᠤᠰᠢᠶᠠᠯ ᠡᠭᠦᠷᠭᠡᠯᠡᠬᠦ ᠬᠤᠭᠤᠴᠠᠭᠠᠨ ᠳᠤ | ᠠᠷᠠᠯᠵᠢᠶᠠᠯᠠᠬᠤ ᠶᠢ ᠨᠢ ᠬᠢᠵᠠᠭᠠᠷᠯᠠᠨ᠎ᠠ᠃ ᠪᠤᠰᠤᠳ ᠤᠳᠤᠷᠢᠳᠬᠤ ᠲᠤᠰᠢᠶᠠᠯ ᠡᠭᠦᠷᠭᠡᠯᠡᠵᠦ ᠪᠠᠶᠢᠭ᠎ᠠ ᠰᠢᠨᠵᠢᠯᠡᠬᠦ | ᠤᠬᠠᠭᠠᠨ ᠮᠡᠷᠭᠡᠵᠢᠯ ᠤᠨ ᠠᠵᠢᠯᠲᠠᠨ ᠨᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠭᠤᠣᠯ | ᠭᠦᠢᠴᠡᠳᠬᠡᠭᠴᠢ ᠪᠣᠯ᠂ ᠬᠠᠤᠯᠢ ᠶᠣᠰᠣᠭᠠᠷ ᠪᠡᠯᠡᠨ ᠵᠣᠭᠤᠰ᠂ ᠰᠲ᠋ᠣᠺ ᠤᠨ ᠡᠷᠬᠡ ᠪᠤᠶᠤ ᠪᠡᠯᠡ ᠭᠠᠷᠭᠠᠭᠰᠠᠨ | ᠬᠠᠷᠢᠴᠠᠯ ᠵᠡᠷᠭᠡ ᠱᠠᠩᠨᠠᠯ ᠪᠠ ᠬᠥᠯᠥᠰᠦ ᠣᠯᠭᠤᠮᠵᠢ ᠣᠯᠵᠤ ᠪᠣᠯᠣᠨ᠎ᠠ᠃ | ᠬᠥᠲᠥᠯᠥᠭᠴᠢ᠄ ᠲᠥᠷᠥ ᠶᠢᠨ ᠪᠣᠳᠣᠯᠭ᠎ᠠ ᠳᠤ ᠶᠠᠭᠤᠨ ᠤ ᠤᠴᠢᠷ ᠠᠴᠠ ᠰᠢᠨᠵᠢᠯᠡᠬᠦ ᠤᠬᠠᠭᠠᠨ ᠤ | ᠰᠤᠳᠤᠯᠭᠠᠨ ᠤ ᠪᠠᠶᠢᠭᠤᠯᠤᠮᠵᠢ ᠪᠠ ᠶᠡᠭᠡ ᠳᠡᠭᠡᠳᠦ ᠰᠤᠷᠭᠠᠭᠤᠯᠢ ᠶᠢᠨ ᠭᠤᠣᠯ ᠤᠳᠤᠷᠢᠳᠤᠯᠭ᠎ᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢᠨ ᠱᠠᠩᠨᠠᠯ ᠳᠤ ᠬᠢᠵᠠᠭᠠᠷᠯᠠᠯ ᠲᠣᠭᠲᠠᠭᠠᠭᠰᠠᠨ | ᠪᠣᠢ︖ ᠦᠨᠳᠦᠰᠦᠯᠡᠯ ᠨᠢ ᠶᠠᠭᠤ ᠪᠣᠢ︖ ᠭᠤᠣᠯ ᠤᠳᠤᠷᠢᠳᠤᠯᠭ᠎ᠠ ᠳᠤ ᠵᠡᠷᠭᠡ ᠳᠡᠰ ᠤᠨ ᠬᠢᠵᠠᠭᠠᠷᠯᠠᠯ ᠪᠠᠶᠢᠨ᠎ᠠ | ᠦᠦ︖ | ᠶᠦᠨ ᠲᠣᠤ᠄ ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶᠠᠯᠠᠭᠳᠠᠬᠤ ᠶᠡᠭᠡ ᠳᠡᠭᠡᠳᠦ | ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠵᠢᠴᠢ ᠠᠶᠢᠮᠠᠭ ᠬᠤᠲᠠ᠂ ᠬᠤᠰᠢᠭᠤ | ᠰᠢᠶᠠᠨ ᠤ ᠡᠯ᠎ᠡ ᠱᠠᠲᠤᠨ ᠤ ᠵᠠᠰᠠᠭ ᠤᠨ ᠣᠷᠳᠣᠨ ᠤ ᠬᠠᠷᠢᠶ᠎ᠠ ᠪᠦᠬᠦᠢ ᠶᠡᠭᠡ ᠳᠡᠭᠡᠳᠦ ᠰᠤᠷᠭᠠᠭᠤᠯᠢ ᠪᠠ ᠰᠤᠳᠤᠯᠤᠨ | ᠨᠡᠭᠡᠭᠡᠬᠦ ᠪᠠᠶᠢᠭᠤᠯᠤᠮᠵᠢ ᠳᠤ ᠪᠦᠷ ᠵᠣᠬᠢᠬᠤ ᠵᠠᠰᠠᠭ ᠵᠠᠬᠢᠷᠭᠠᠨ ᠤ ᠵᠡᠷᠭᠡ ᠳᠡᠰ ᠪᠠᠶᠢᠵᠤ᠂ ᠶᠡᠭᠡ ᠰᠤᠷᠭᠠᠭᠤᠯᠢ ᠶᠢᠨ | ᠵᠠᠬᠢᠷᠤᠯ᠂ ᠳᠡᠭᠡᠳᠦ ᠰᠤᠷᠭᠠᠭᠤᠯᠢ ᠶᠢᠨ ᠳᠠᠷᠤᠭ᠎ᠠ ᠨᠢ ᠪᠦᠷ ᠲᠣᠬᠢᠷᠠᠯᠴᠠᠭᠰᠠᠨ ᠵᠠᠰᠠᠭ ᠵᠠᠬᠢᠷᠭᠠᠨ ᠤ ᠵᠡᠷᠭᠡ ᠳᠡᠰ ᠲᠠᠢ | ᠤᠳᠤᠷᠢᠳᠬᠤ ᠺᠠᠳ᠋ᠷ ᠪᠠᠶᠢᠵᠤ᠂ ᠲᠡᠳᠡᠨᠦᠰ ᠤᠨ ᠳᠣᠲᠣᠷ᠎ᠠ ᠨᠡᠯᠢᠶᠡᠳ ᠣᠯᠠᠨ ᠬᠥᠮᠥᠨ ᠨᠢ ᠪᠦᠷ ᠰᠢᠨᠵᠢᠯᠡᠬᠦ | ᠤᠬᠠᠭᠠᠨ ᠤ ᠰᠤᠳᠤᠯᠭᠠᠨ ᠤ ᠬᠠᠮᠢᠶᠠᠷᠤᠯᠲᠠ ᠶᠢᠨ ᠳᠠᠪᠬᠤᠷ ᠡᠭᠦᠷᠭᠡ ᠶᠢ ᠡᠭᠦᠷᠭᠡᠯᠡᠵᠦ᠂ ᠵᠠᠰᠠᠭ ᠵᠠᠬᠢᠷᠭᠠᠨ ᠤ ᠡᠭᠦᠷᠭᠡ | ᠲᠤᠰᠢᠶᠠᠯ ᠢ ᠡᠭᠦᠷᠭᠡᠯᠡᠵᠦ ᠪᠠᠶᠢᠬᠤ ᠪᠠᠷ ᠪᠠᠷᠠᠬᠤ ᠦᠭᠡᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ | ᠴᠤ ᠬᠠᠷᠢᠭᠤᠴᠠᠵᠤ ᠪᠠᠶᠢᠨ᠎ᠠ᠃ ᠡᠳᠡᠭᠡᠷ ᠤᠳᠤᠷᠢᠳᠤᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠤᠨ ᠤᠯᠠᠷᠢᠭᠤᠯᠤᠯᠲᠠ ᠶᠢᠨ ᠱᠠᠩᠨᠠᠯ ᠢ ᠵᠢᠷᠤᠮᠵᠢᠭᠤᠯᠬᠤ ᠶᠢᠨ ᠲᠥᠯᠥᠭᠡ᠂ ︽ᠬᠡᠷᠡᠭᠵᠢᠭᠦᠯᠬᠦ ᠰᠠᠨᠠᠯ︾ ᠳᠤ᠂ | ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠶᠢᠨ ᠭᠤᠣᠯ ᠤᠳᠤᠷᠢᠳᠤᠯᠭ᠎ᠠ | ︵ᠳᠣᠲᠣᠭᠠᠳᠤ ᠳᠤ ᠪᠠᠨ ᠲᠣᠬᠢᠷᠠᠭᠤᠯᠤᠭᠰᠠᠨ ᠪᠠᠶᠢᠭᠤᠯᠤᠮᠵᠢ ᠪᠠᠭᠲᠠᠬᠤ ᠦᠭᠡᠢ︶ ᠪᠣᠯ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠤᠨ ᠭᠤᠣᠯ ᠭᠦᠢᠴᠡᠳᠬᠡᠭᠴᠢ ᠪᠤᠶᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠤᠯᠠᠷᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠪᠣᠯ᠂ ᠲᠣᠭᠲᠠᠭᠠᠯ ᠶᠣᠰᠣᠭᠠᠷ ᠪᠡᠯᠡᠨ | ᠵᠣᠭᠤᠰ ᠤᠨ ᠱᠠᠩᠨᠠᠯ ᠣᠯᠵᠤ ᠪᠣᠯᠣᠨ᠎ᠠ᠃ ᠵᠠᠷᠴᠢᠮ ᠳᠡᠭᠡᠷ᠎ᠡ ᠪᠠᠨ ᠰᠲ᠋ᠣᠺ ᠤᠨ ᠡᠷᠬᠡ ᠶᠢᠨ ᠱᠠᠩᠨᠠᠯ ᠣᠯᠵᠤ ᠪᠣᠯᠬᠤ | ᠦᠭᠡᠢ᠃ ᠶᠠᠭᠤᠨ ᠳᠤ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠠ ᠶᠡᠭᠡ ᠳᠡᠭᠡᠳᠦ ᠰᠤᠷᠭᠠᠭᠤᠯᠢ ᠶᠢᠨ | ᠭᠤᠣᠯ ᠤᠳᠤᠷᠢᠳᠤᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢᠨ | ᠱᠠᠩᠨᠠᠯ ᠳᠤ ᠬᠢᠵᠠᠭᠠᠷᠯᠠᠯ ᠲᠣᠭᠲᠠᠭᠠᠭᠰᠠᠨ ᠪᠣᠢ︖ ᠭᠡᠪᠡᠯ ᠭᠤᠣᠯ ᠰᠢᠯᠲᠠᠭᠠᠨ ᠨᠢ ᠨᠢᠭᠡᠴᠡ ᠶᠢᠨ ᠭᠤᠣᠯ | ᠤᠳᠤᠷᠢᠳᠤᠯᠭ᠎ᠠ ᠶᠢ ᠬᠤᠪᠢ ᠬᠥᠮᠥᠨ ᠤ ᠦᠷ᠎ᠡ ᠪᠦᠲᠦᠭᠡᠯ ᠤᠨ ᠤᠯᠠᠷᠢᠭᠤᠯᠤᠯᠲᠠ ᠵᠦᠭ ᠬᠥᠲᠥᠯᠥᠨ ᠵᠢᠯᠣᠭᠤᠳᠴᠤ | ᠪᠣᠯᠬᠤ ᠦᠭᠡᠢ ᠠᠴᠠ ᠪᠣᠯᠵᠠᠢ᠃ ᠨᠢᠭᠡ ᠨᠢᠭᠡᠴᠡ ᠶᠢᠨ ᠭᠤᠣᠯ ᠤᠳᠤᠷᠢᠳᠤᠯᠭ᠎ᠠ ᠨᠢ ᠨᠢᠭᠡᠴᠡ ᠶᠢᠨ ᠢᠶᠠᠨ ᠪᠦᠬᠦᠯᠢ | ᠴᠣᠭᠴᠠ ᠶᠢᠨ ᠬᠥᠭᠵᠢᠯᠲᠡ ᠪᠠ ᠨᠢᠭᠡᠴᠡ ᠶᠢᠨ ᠢᠶᠠᠨ ᠪᠦᠬᠦ ᠠᠵᠢᠯᠲᠠᠨ᠂ ᠵᠢᠴᠢ ᠤᠯᠤᠰ ᠠᠴᠠ ᠲᠡᠭᠦᠨ ᠳᠤ | ᠣᠯᠭᠤᠭᠰᠠᠨ ᠡᠭᠦᠷᠭᠡ ᠴᠢᠳᠠᠮᠵᠢ᠂ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠵᠡᠷᠭᠡ ᠲᠠᠯ᠎ᠠ ᠪᠠᠷ ᠪᠦᠬᠦ ᠲᠠᠯ᠎ᠠ ᠶᠢᠨ᠂ | ᠭᠤᠣᠯ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠳᠠᠭ᠂ ᠡᠨᠡ ᠨᠢ ᠲᠡᠷᠢᠭᠦᠨ ᠴᠢᠬᠤᠯᠠ ᠬᠠᠷᠢᠭᠤᠴᠠᠯᠭ᠎ᠠ ᠪᠠᠶᠢᠵᠤ᠂ ᠨᠢᠭᠡ | ᠨᠢᠭᠡᠴᠡ ᠶᠢᠨ ᠭᠤᠣᠯ ᠤᠳᠤᠷᠢᠳᠤᠯᠭ᠎ᠠ ᠶᠢ ᠬᠤᠪᠢ ᠬᠥᠮᠥᠨ ᠤ ᠦᠷ᠎ᠡ ᠪᠦᠲᠦᠭᠡᠯ ᠤᠨ ᠡᠭᠦᠰᠦᠯ᠂ ᠤᠯᠠᠷᠢᠭᠤᠯᠤᠯᠲᠠ᠂ | ᠠᠰᠢᠭ ᠣᠷᠣᠯᠭ᠎ᠠ ᠶᠢᠨ ᠲᠠᠯ᠎ᠠ ᠪᠠᠷ ᠬᠥᠲᠥᠯᠵᠦ ᠪᠣᠯᠬᠤ ᠦᠭᠡᠢ᠂ ᠡᠨᠡ ᠨᠢ ᠤᠳᠤᠷᠢᠳᠤᠯᠭ᠎ᠠ ᠶᠢᠨ ᠡᠭᠦᠷᠭᠡᠯᠡᠪᠡᠰᠦ | ᠵᠣᠬᠢᠬᠤ ᠬᠠᠷᠢᠭᠤᠴᠠᠯᠭ᠎ᠠ ᠪᠣᠯᠣᠨ᠎ᠠ᠃ ᠢᠩᠭᠢᠵᠦ ᠲᠣᠭᠲᠠᠭᠠᠭᠰᠠᠨ ᠲᠥᠷᠥ ᠶᠢᠨ ᠪᠣᠳᠣᠯᠭ᠎ᠠ ᠶᠢᠨ ᠦᠨᠳᠦᠰᠦᠯᠡᠯ ᠪᠣᠯ᠄ | ᠲᠥᠷᠥ ᠶᠢᠨ ᠶᠠᠪᠤᠳᠠᠯ ᠤᠨ ᠬᠤᠷᠢᠶ᠎ᠠ ᠶᠢᠨ ︽︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠬᠠᠤᠯᠢ﹀ ᠶᠢ ᠬᠡᠷᠡᠭᠵᠢᠭᠦᠯᠬᠦ ᠲᠣᠭᠲᠠᠭᠠᠯ ᠤᠳ︾ ︵ | ᠤᠯᠤᠰ ᠲᠠᠷᠬᠠᠭᠠᠭᠰᠠᠨ︹2016︺16 ᠳ᠋ᠤᠭᠠᠷ ᠲᠣᠭᠠᠲᠤ︶ ᠲᠤ ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ ᠪᠠ ᠶᠡᠭᠡ ᠳᠡᠭᠡᠳᠦ ᠰᠤᠷᠭᠠᠭᠤᠯᠢ ᠶᠢᠨ ᠭᠤᠣᠯ ᠤᠳᠤᠷᠢᠳᠤᠯᠭ᠎ᠠ᠂ ᠵᠢᠴᠢ ᠳᠡᠭᠡᠷ᠎ᠡ ᠶᠠᠷᠢᠭᠰᠠᠨ ᠠᠵᠢᠯ | ᠦᠢᠯᠡᠰ ᠤᠨ ᠨᠢᠭᠡᠴᠡ ᠶᠢᠨ ᠬᠠᠷᠢᠶᠠᠨ ᠳᠠᠬᠢ ᠲᠤᠰᠠᠭᠠᠷ ᠬᠠᠤᠯᠢ ᠶᠢᠨ ᠡᠷᠬᠡᠲᠡᠨ ᠤ ᠬᠢᠷᠢ ᠭᠡᠮ ᠪᠦᠬᠦᠢ ᠨᠢᠭᠡᠴᠡ ᠶᠢᠨ | ᠭᠤᠣᠯ ᠤᠳᠤᠷᠢᠳᠤᠯᠭ᠎ᠠ ᠵᠠᠷᠴᠢᠮ ᠳᠡᠭᠡᠷ᠎ᠡ ᠪᠠᠨ ᠰᠲ᠋ᠣᠺ ᠤᠨ ᠡᠷᠬᠡ ᠶᠢᠨ ᠤᠷᠮᠠᠰᠢᠭᠤᠯᠤᠯ ᠣᠯᠵᠤ ᠪᠣᠯᠬᠤ ᠦᠭᠡᠢ | ᠭᠡᠵᠦ ᠲᠣᠭᠲᠠᠭᠠᠵᠠᠢ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ︽ᠮᠡᠳᠡᠯᠭᠡ ᠶᠢᠨ ᠥᠷᠲᠡᠭ ᠢ ᠨᠡᠮᠡᠭᠳᠡᠭᠦᠯᠬᠦ ᠪᠠᠷ | ᠤᠳᠤᠷᠢᠳᠤᠮᠵᠢ ᠪᠣᠯᠭᠠᠭᠰᠠᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠤᠬᠠᠢ ᠰᠠᠨᠠᠯ ᠤᠳ︾ | ︵ᠲᠢᠩᠬᠢᠮ ᠦᠰᠦᠭ ︹20016︺ 35 ᠳ᠋ᠤᠭᠠᠷ ᠲᠣᠭᠠᠲᠤ︶ ᠲᠤ ᠭᠤᠣᠯ ᠤᠳᠤᠷᠢᠳᠤᠯᠭ᠎ᠠ ᠶᠢᠨ ᠣᠳᠣ ᠶᠢᠨ | ᠡᠭᠦᠷᠭᠡ ᠲᠤᠰᠢᠶᠠᠯ ᠢᠶᠠᠨ ᠡᠭᠦᠷᠭᠡᠯᠡᠬᠦ ᠠᠴᠠ ᠡᠮᠦᠨ᠎ᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢᠶᠠᠨ | ᠤᠯᠠᠷᠢᠭᠤᠯᠵᠤ ᠣᠯᠣᠭᠰᠠᠨ ᠰᠲ᠋ᠣᠺ ᠤᠨ ᠡᠷᠬᠡ ᠪᠠᠨ ᠲᠤᠰᠢᠶᠠᠯ ᠡᠭᠦᠷᠭᠡᠯᠡᠭᠰᠡᠨ ᠤ ᠳᠠᠷᠠᠭ᠎ᠠ ᠲᠣᠭᠲᠠᠭᠰᠠᠨ ᠴᠠᠭ ᠤᠨ | ᠬᠢᠵᠠᠭᠠᠷ ᠲᠤ ᠰᠢᠯᠵᠢᠭᠦᠯᠦᠨ ᠥᠭᠬᠦ ᠬᠡᠷᠡᠭᠲᠡᠢ᠂ ᠬᠤᠭᠤᠴᠠᠭ᠎ᠠ ᠨᠢ ᠬᠡᠲᠦᠷᠡᠭᠡᠳ ᠰᠢᠯᠵᠢᠭᠦᠯᠦᠨ ᠥᠭᠭᠦᠭᠡᠳᠦᠢ ᠪᠣᠯ᠂ | ᠲᠤᠰᠢᠶᠠᠯ ᠡᠭᠦᠷᠭᠡᠯᠡᠬᠦ ᠬᠤᠭᠤᠴᠠᠭᠠᠨ ᠳᠣᠲᠣᠷ᠎ᠠ ᠪᠠᠨ ᠠᠷᠠᠯᠵᠢᠶᠠᠯᠠᠬᠤ ᠶᠢ ᠬᠢᠵᠠᠭᠠᠷᠯᠠᠨ᠎ᠠ ᠭᠡᠵᠦ ᠲᠣᠭᠲᠠᠭᠠᠵᠠᠢ᠃ | ᠶᠦᠨ ᠲᠣᠤ᠄ ᠭᠤᠣᠯ ᠤᠳᠤᠷᠢᠳᠤᠯᠭ᠎ᠠ ᠶᠢ ᠵᠠᠭᠠᠭᠯᠠᠨ ᠲᠣᠭᠲᠠᠭᠠᠬᠤ ᠲᠤᠬᠠᠢ ᠠᠰᠠᠭᠤᠳᠠᠯ᠃ ᠲᠤᠰ | ᠲᠥᠷᠥ ᠶᠢᠨ ᠪᠣᠳᠣᠯᠭ᠎ᠠ ᠳᠤ ᠵᠢᠭᠠᠭᠰᠠᠨ ᠭᠤᠣᠯ ᠤᠳᠤᠷᠢᠳᠤᠯᠭ᠎ᠠ ᠭᠡᠳᠡᠭ ᠨᠢ ᠥᠪᠡᠷᠲᠡᠭᠡᠨ ᠵᠠᠰᠠᠬᠤ ᠣᠷᠣᠨ ᠤ | ᠰᠢᠭᠤᠳ ᠬᠠᠷᠢᠶᠠᠯᠠᠭᠳᠠᠬᠤ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠠ ᠶᠡᠭᠡ ᠳᠡᠭᠡᠳᠦ ᠰᠤᠷᠭᠠᠭᠤᠯᠢ | ᠳᠣᠲᠣᠭᠠᠳᠤ ᠳᠤ ᠪᠠᠨ ᠲᠣᠬᠢᠷᠠᠭᠤᠯᠤᠭᠰᠠᠨ ᠪᠠᠶᠢᠭᠤᠯᠤᠮᠵᠢ ᠪᠠᠭᠲᠠᠬᠤ ᠦᠭᠡᠢ︶ ᠶᠢᠨ ᠭᠤᠣᠯ ᠤᠳᠤᠷᠢᠳᠤᠯᠭ᠎ᠠ᠂ ᠵᠢᠴᠢ | ᠳᠡᠭᠡᠷ᠎ᠡ ᠶᠠᠷᠢᠭᠰᠠᠨ ᠠᠵᠢᠯ ᠦᠢᠯᠡᠰ ᠤᠨ ᠨᠢᠭᠡᠴᠡ ᠶᠢᠨ ᠬᠠᠷᠢᠶᠠᠨ ᠳᠠᠬᠢ ᠲᠤᠰᠠᠭᠠᠷ ᠬᠠᠤᠯᠢ ᠶᠢᠨ ᠡᠷᠬᠡᠲᠡᠨ ᠤ ᠬᠢᠷᠢ | ᠭᠡᠮ ᠪᠦᠬᠦᠢ ᠨᠢᠭᠡᠴᠡ ᠶᠢᠨ ᠭᠤᠣᠯ ᠤᠳᠤᠷᠢᠳᠤᠯᠭ᠎ᠠ ᠶᠢ ᠵᠢᠭᠠᠵᠤ ᠪᠠᠶᠢᠨ᠎ᠠ᠃ ᠳᠠᠷᠤᠢ ᠥᠪᠡᠷᠲᠡᠭᠡᠨ ᠵᠠᠰᠠᠬᠤ | ᠣᠷᠣᠨ ᠤ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ | ᠨᠢᠭᠡᠳᠦᠭᠡᠷ ᠤᠳᠤᠷᠢᠳᠤᠯᠭ᠎ᠠ᠂ ᠬᠠᠤᠯᠢ ᠶᠢᠨ ᠡᠷᠬᠡᠲᠡᠨ ᠤ ᠲᠥᠯᠥᠭᠡᠯᠡᠭᠴᠢ᠂ ᠵᠢᠴᠢ ᠥᠪᠡᠷᠲᠡᠭᠡᠨ ᠵᠠᠰᠠᠬᠤ ᠣᠷᠣᠨ ᠤ | ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠲᠠᠰᠤᠭ ᠤᠨ ᠬᠠᠷᠢᠶᠠᠨ ᠳᠠᠬᠢ | ᠲᠤᠰᠠᠭᠠᠷ ᠬᠠᠤᠯᠢ ᠶᠢᠨ ᠡᠷᠬᠡᠲᠡᠨ ᠤ ᠬᠢᠷᠢ ᠭᠡᠮ ᠪᠦᠬᠦᠢ ᠨᠢᠭᠡᠴᠡ᠂ ᠵᠢᠱᠢᠶᠡᠯᠡᠪᠡᠯ ᠬᠤᠪᠢᠶᠠᠷᠢ ᠳᠡᠭᠡᠳᠦ ᠰᠤᠷᠭᠠᠭᠤᠯᠢ᠂ | ᠬᠤᠪᠢᠶᠠᠷᠢ ᠰᠤᠷᠭᠠᠭᠤᠯᠢ ᠵᠡᠷᠭᠡ ᠨᠢᠭᠡᠴᠡ ᠶᠢᠨ ᠨᠢᠭᠡᠳᠦᠭᠡᠷ ᠤᠳᠤᠷᠢᠳᠤᠯᠭ᠎ᠠ ᠪᠠ ᠬᠠᠤᠯᠢ ᠶᠢᠨ ᠡᠷᠬᠡᠲᠡᠨ ᠢ | ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠣᠷᠣᠭᠤᠯᠤᠨ᠎ᠠ᠃ ᠠᠶᠢᠮᠠᠭ ᠬᠤᠲᠠ ᠠᠴᠠ ᠳᠣᠷᠣᠭᠰᠢᠬᠢ ᠰᠢᠭᠤᠳ | ᠬᠠᠷᠢᠶ᠎ᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠠ ᠶᠡᠭᠡ ᠳᠡᠭᠡᠳᠦ ᠰᠤᠷᠭᠠᠭᠤᠯᠢ ᠶᠢᠨ ᠭᠤᠣᠯ | ᠤᠳᠤᠷᠢᠳᠤᠯᠭ᠎ᠠ ᠶᠢᠨ ᠬᠡᠪᠴᠢᠶ᠎ᠡ ᠳᠤ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ ᠪᠤᠰᠤᠳ ᠤᠳᠤᠷᠢᠳᠬᠤ ᠲᠤᠰᠢᠶᠠᠯ | ᠡᠭᠦᠷᠭᠡᠯᠡᠵᠦ ᠪᠠᠶᠢᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠨᠢ ᠰᠢᠨᠵᠢᠯᠡᠬᠦ ᠤᠬᠠᠭᠠᠨ ᠮᠡᠷᠭᠡᠵᠢᠯ ᠤᠨ | ᠦᠷ᠎ᠡ ᠪᠦᠲᠦᠭᠡᠯ ᠤᠨ ᠭᠤᠣᠯ ᠭᠦᠢᠴᠡᠳᠬᠡᠭᠴᠢ ᠪᠣᠯ᠂ ᠬᠠᠤᠯᠢ ᠶᠣᠰᠣᠭᠠᠷ ᠪᠡᠯᠡᠨ ᠵᠣᠭᠤᠰ᠂ ᠰᠲ᠋ᠣᠺ ᠤᠨ ᠡᠷᠬᠡ | ᠪᠤᠶᠤ ᠪᠡᠯᠡ ᠭᠠᠷᠭᠠᠭᠰᠠᠨ ᠬᠠᠷᠢᠴᠠᠯ ᠵᠡᠷᠭᠡ ᠱᠠᠩᠨᠠᠯ ᠪᠠ ᠬᠥᠯᠥᠰᠦ ᠣᠯᠭᠤᠮᠵᠢ ᠣᠯᠵᠤ ᠪᠣᠯᠣᠨ᠎ᠠ᠃ᠶᠠᠷᠢᠶᠠᠨ ᠦᠭᠡᠢ᠂ | ︽ᠬᠡᠷᠡᠭᠵᠢᠭᠦᠯᠬᠦ ᠰᠠᠨᠠᠯ︾ ᠳᠤ ᠪᠠᠰᠠ᠄ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ | ᠰᠤᠷᠭᠠᠭᠤᠯᠢ ᠶᠢᠨ ᠭᠤᠣᠯ ᠤᠳᠤᠷᠢᠳᠤᠯᠭ᠎ᠠ ᠨᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠭᠤᠣᠯ | ᠭᠦᠢᠴᠡᠳᠬᠡᠭᠴᠢ ᠪᠤᠶᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠳᠤ ᠴᠢᠬᠤᠯᠠ | ᠬᠤᠪᠢ ᠨᠡᠮᠡᠷᠢ ᠦᠵᠡᠭᠦᠯᠦᠭᠰᠡᠨ ᠪᠠᠶᠢᠪᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ | ᠤᠯᠠᠷᠢᠭᠤᠯᠤᠯᠲᠠ ᠶᠢ ᠠᠬᠢᠭᠤᠯᠬᠤ ᠬᠠᠤᠯᠢ ᠶᠢᠨ ᠲᠣᠭᠲᠠᠭᠠᠯ ᠶᠣᠰᠣᠭᠠᠷ ᠪᠡᠯᠡᠨ ᠵᠣᠭᠤᠰ ᠤᠨ ᠱᠠᠩᠨᠠᠯ ᠣᠯᠵᠤ | ᠪᠣᠯᠣᠨ᠎ᠠ᠂ ᠭᠤᠣᠯ ᠤᠳᠤᠷᠢᠳᠤᠯᠭ᠎ᠠ ᠶᠢᠨ ᠲᠤᠰᠢᠶᠠᠯ ᠡᠭᠦᠷᠭᠡᠯᠡᠬᠦ ᠬᠤᠭᠤᠴᠠᠭᠠᠨ ᠳᠤ ᠪᠠᠨ ᠰᠲ᠋ᠣᠺ ᠤᠨ ᠡᠷᠬᠡ ᠶᠢᠨ | ᠠᠷᠠᠯᠵᠢᠶ᠎ᠠ ᠨᠢ ᠬᠢᠵᠠᠭᠠᠷᠯᠠᠭᠳᠠᠪᠠᠯ᠂ ᠭᠤᠣᠯ ᠤᠳᠤᠷᠢᠳᠤᠯᠭ᠎ᠠ ᠶᠢᠨ ᠲᠤᠰᠢᠶᠠᠯ ᠡᠭᠦᠷᠭᠡᠯᠡᠬᠦ ᠦᠭᠡᠢ ᠪᠣᠯᠣᠭᠰᠠᠨ ᠨᠢᠭᠡ | ᠵᠢᠯ ᠤᠨ ᠳᠠᠷᠠᠭ᠎ᠠ ᠬᠢᠵᠠᠭᠠᠷᠯᠠᠯ ᠢ ᠨᠢ ᠲᠠᠶᠢᠯᠤᠨ᠎ᠠ᠃ | ᠬᠥᠲᠥᠯᠥᠭᠴᠢ᠄ ︽ᠬᠡᠷᠡᠭᠵᠢᠭᠦᠯᠬᠦ ᠰᠠᠨᠠᠯ︾ ᠳᠤ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ | ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠢ ᠬᠡᠷᠬᠢᠨ ᠤᠷᠮᠠᠰᠢᠭᠤᠯᠤᠭᠰᠠᠨ ᠪᠣᠢ︖ | ᠶᠦᠨ ᠲᠣᠤ᠄ ︽ᠬᠡᠷᠡᠭᠵᠢᠭᠦᠯᠬᠦ ᠰᠠᠨᠠᠯ︾ ᠳᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠣᠷᠣᠯᠭ᠎ᠠ ᠶᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ᠂ ᠰᠢᠨ᠎ᠡ ᠶᠢ ᠡᠭᠦᠳᠬᠦ ᠠᠵᠢᠯ ᠤᠨ ᠠᠮᠵᠢᠯᠲᠠ ᠪᠦᠲᠦᠮᠵᠢ ᠲᠠᠢ ᠬᠤᠯᠪᠣᠭᠳᠠᠭᠤᠯᠬᠤ ᠱᠠᠩᠨᠠᠯ ᠤᠨ ᠳᠦᠷᠢᠮ ᠢ | ᠲᠡᠭᠦᠯᠳᠡᠷᠵᠢᠭᠦᠯᠪᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠰᠲ᠋ᠣᠺ ᠤᠨ ᠡᠷᠬᠡ ᠪᠠᠨ ᠬᠤᠳᠠᠯᠳᠤᠬᠤ᠂ | ᠰᠲ᠋ᠣᠺ ᠤᠨ ᠡᠷᠬᠡ ᠪᠠᠷ ᠱᠠᠩᠨᠠᠬᠤ᠂ ᠰᠲ᠋ᠣᠺ ᠤᠨ ᠡᠷᠬᠡ ᠶᠢᠨ ᠬᠤᠭᠤᠴᠠᠭᠠᠲᠤ ᠡᠷᠬᠡ ᠵᠡᠷᠭᠡ ᠠᠷᠭ᠎ᠠ ᠬᠡᠯᠪᠡᠷᠢ᠂ | ᠡᠰᠡᠬᠦᠯ᠎ᠡ ᠲᠥᠷᠥᠯ ᠵᠦᠢᠯ ᠤᠨ ᠠᠰᠢᠭ ᠣᠷᠣᠯᠭ᠎ᠠ ᠪᠠᠷ ᠠᠰᠢᠭ ᠣᠯᠵᠠᠪᠤᠷᠢ ᠬᠤᠪᠢᠶᠠᠬᠤ᠂ ᠠᠵᠢᠯ ᠤᠨ ᠪᠠᠶᠢᠷᠢ | ᠳᠡᠭᠡᠷ᠎ᠡ ᠨᠢ ᠠᠰᠢᠭ ᠣᠯᠵᠠᠪᠤᠷᠢ ᠬᠤᠪᠢᠶᠠᠬᠤ ᠵᠡᠷᠭᠡ ᠠᠰᠢᠭ ᠣᠯᠵᠠᠪᠤᠷᠢ ᠬᠤᠪᠢᠶᠠᠬᠤ ᠵᠡᠷᠭᠡ ᠠᠷᠭ᠎ᠠ ᠬᠡᠯᠪᠡᠷᠢ ᠶᠢ | ᠬᠡᠷᠡᠭᠯᠡᠨ᠂ ᠠᠵᠤ ᠠᠬᠤᠶᠢᠯᠠᠯ ᠤᠨ ᠴᠢᠬᠤᠯᠠ ᠮᠡᠷᠭᠡᠵᠢᠯᠲᠡᠨ ᠪᠠ ᠡᠵᠡᠩᠨᠡᠨ ᠬᠠᠮᠢᠶᠠᠷᠤᠭᠴᠢᠳ ᠢ ᠤᠷᠮᠠᠰᠢᠭᠤᠯᠵᠤ | ᠪᠣᠯᠣᠨ᠎ᠠ᠃ ᠤᠯᠤᠰ ᠤᠨ ᠥᠮᠴᠢᠯᠡᠯᠲᠦ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠠᠴᠠ | ᠴᠢᠬᠤᠯᠠ ᠮᠡᠷᠭᠡᠵᠢᠯᠲᠡᠨ ᠪᠠ ᠡᠵᠡᠩᠨᠡᠨ ᠬᠠᠮᠢᠶᠠᠷᠤᠭᠴᠢᠳ ᠲᠤ ᠰᠲ᠋ᠣᠺ ᠤᠨ ᠡᠷᠬᠡ ᠪᠠ ᠠᠰᠢᠭ ᠣᠯᠵᠠᠪᠤᠷᠢ | ᠬᠤᠪᠢᠶᠠᠷᠢᠯᠠᠬᠤ ᠪᠠᠷ ᠤᠷᠮᠠᠰᠢᠭᠤᠯᠬᠤ ᠲᠤᠬᠠᠢ᠂ | ᠡᠳ᠋ ᠤᠨ ᠵᠠᠰᠠᠭ ᠤᠨ ᠶᠠᠮᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ᠂ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ︽ᠤᠯᠤᠰ ᠤᠨ ᠥᠮᠴᠢᠯᠡᠯᠲᠦ ᠰᠢᠨᠵᠢᠯᠡᠬᠦ ᠤᠬᠠᠭᠠᠨ | ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠰᠲ᠋ᠣᠺ ᠤᠨ ᠡᠷᠬᠡ ᠪᠠ ᠠᠰᠢᠭ ᠣᠯᠵᠠᠪᠤᠷᠢ ᠬᠤᠪᠢᠶᠠᠷᠢᠯᠠᠬᠤ ᠪᠠᠷ | ᠤᠷᠮᠠᠰᠢᠭᠤᠯᠬᠤ ᠶᠢᠨ ᠲᠦᠷ ᠬᠡᠷᠡᠭᠵᠢᠭᠦᠯᠬᠦ ᠠᠷᠭ᠎ᠠ︾ ︵ᠡᠳ᠋ ᠬᠥᠷᠥᠩᠭᠡ ︹2016︺ 4 ᠳ᠋ᠦ᠋ᠭᠡᠷ ᠲᠣᠭᠠᠲᠤ︶ | ᠶᠣᠰᠤᠭᠠᠷ ᠬᠡᠷᠡᠭᠵᠢᠭᠦᠯᠦᠨ᠎ᠡ᠃ | ᠬᠥᠲᠥᠯᠥᠭᠴᠢ᠄ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠪᠠᠷ ᠬᠤᠪᠢ | ᠬᠥᠮᠥᠨ ᠤ ᠠᠰᠢᠭ ᠣᠯᠵᠠᠪᠤᠷᠢ ᠶᠢᠨ ᠭᠠᠶᠢᠯᠢ ᠶᠢ ᠠᠬᠢᠭᠤᠯᠬᠤ ᠲᠠᠯ᠎ᠠ ᠪᠠᠷ ᠤᠯᠤᠰ ᠠᠴᠠ ᠶᠠᠮᠠᠷ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠲᠣᠭᠲᠠᠭᠠᠵᠤ᠂ ᠶᠠᠮᠠᠷ ᠲᠣᠭᠲᠠᠭᠠᠯ ᠭᠠᠷᠭᠠᠭᠰᠠᠨ ᠪᠣᠢ︖ | ᠶᠦᠨ ᠲᠣᠤ᠄ ᠥᠩᠭᠡᠷᠡᠭᠰᠡᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠳᠤ ᠰᠲ᠋ᠣᠺ ᠤᠨ | ᠡᠷᠬᠡ ᠶᠢ ᠲᠣᠭᠲᠠᠭᠠᠬᠤ ᠶᠠᠪᠤᠴᠠ ᠳᠤ ᠬᠤᠶᠠᠷ ᠠᠯᠬᠤᠮ ᠬᠤᠪᠢᠶᠠᠨ ᠭᠠᠶᠢᠯᠢ ᠲᠤᠰᠢᠶᠠᠵᠤ᠂ ᠰᠢᠨᠵᠢᠯᠡᠬᠦ ᠤᠬᠠᠭᠠᠨ ᠤ | ᠰᠤᠳᠤᠯᠭᠠᠨ ᠤ ᠠᠵᠢᠯᠲᠠᠳ ᠪᠡᠯᠡᠨ ᠵᠣᠭᠤᠰ ᠤᠨ ᠣᠷᠣᠯᠭ᠎ᠠ ᠣᠯᠬᠤ ᠠᠴᠠ ᠡᠮᠦᠨ᠎ᠡ ᠳᠠᠷᠤᠢ ᠨᠡᠯᠢᠶᠡᠳ ᠶᠡᠭᠡ | ᠬᠡᠮᠵᠢᠶᠡᠨ ᠤ ᠭᠠᠶᠢᠯᠢ ᠶᠢᠨ ᠵᠣᠭᠤᠰ ᠲᠤᠰᠢᠶᠠᠬᠤ ᠪᠠᠷ ᠪᠠᠷᠠᠬᠤ ᠦᠭᠡᠢ᠂ ᠬᠠᠷᠢᠴᠠᠯ ᠨᠢ ᠨᠡᠯᠢᠶᠡᠳ ᠥᠨᠳᠥᠷ ᠪᠠᠶᠢᠵᠠᠢ᠃ | ᠡᠨᠡ ᠬᠦ ᠠᠰᠠᠭᠤᠳᠠᠯ ᠳᠤ ᠬᠠᠨᠳᠤᠭᠤᠯᠵᠤ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠭᠠᠶᠢᠯᠢ ᠶᠢᠨ ᠶᠠᠪᠤᠳᠠᠯ ᠤᠨ | ᠶᠡᠷᠦᠩᠬᠡᠢ ᠲᠣᠪᠴᠢᠶ᠎ᠠ ᠠᠴᠠ ᠨᠡᠶᠢᠲᠡᠯᠡᠭᠰᠡᠨ ︽ᠰᠲ᠋ᠣᠺ ᠤᠨ ᠡᠷᠬᠡ ᠪᠠᠷ ᠤᠷᠮᠠᠰᠢᠭᠤᠯᠬᠤ ᠪᠠ ᠮᠡᠷᠭᠡᠵᠢᠯ ᠢᠶᠠᠷ ᠪᠡᠯᠡ | ᠣᠷᠣᠭᠤᠯᠬᠤ ᠬᠠᠮᠢᠶ᠎ᠠ ᠪᠦᠬᠦᠢ ᠠᠰᠢᠭ ᠣᠯᠵᠠᠪᠤᠷᠢ ᠶᠢᠨ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠪᠦᠷᠢᠨᠰᠢᠭᠦᠯᠬᠦ | ᠲᠤᠬᠠᠢ ᠮᠡᠳᠡᠭᠳᠡᠯ︾ ︵ᠡᠳ᠋ ᠭᠠᠶᠢᠯᠢ ︹2016︺ 101 ᠳ᠋ᠦ᠋ᠭᠡᠷ ᠲᠣᠭᠠᠲᠤ︶ ᠳᠤ ᠳᠣᠣᠷᠠᠬᠢ ᠮᠡᠲᠦ | ᠲᠣᠭᠲᠠᠭᠠᠵᠠᠢ᠄ ᠨᠢᠭᠡ ᠳᠤ᠂ ᠨᠥᠬᠦᠴᠡᠯ ᠳᠤ ᠨᠡᠶᠢᠴᠡᠭᠰᠡᠨ ᠵᠠᠬ᠎ᠠ ᠳᠡᠯᠭᠡᠭᠦᠷ ᠲᠤ ᠥᠯᠥ ᠭᠠᠷᠤᠭᠰᠠᠨ ᠺᠣᠮᠫᠠᠨᠢ ᠶᠢᠨ | ᠰᠲ᠋ᠣᠺ ᠤᠨ ᠬᠤᠭᠤᠴᠠᠭᠠᠲᠤ ᠡᠷᠬᠡ᠂ ᠰᠲ᠋ᠣᠺ ᠤᠨ ᠡᠷᠬᠡ ᠶᠢᠨ ᠬᠤᠭᠤᠴᠠᠭᠠᠲᠤ ᠡᠷᠬᠡ᠂ ᠬᠢᠵᠠᠭᠠᠷᠯᠠᠬᠤ ᠴᠢᠨᠠᠷᠲᠠᠢ | ᠰᠲ᠋ᠣᠺ ᠪᠠ ᠰᠲ᠋ᠣᠺ ᠤᠨ ᠡᠷᠬᠡ ᠶᠢᠨ ᠱᠠᠩᠨᠠᠯ ᠳᠤ ᠠᠬᠢᠨ ᠤᠷᠲᠤᠳᠬᠠᠵᠤ ᠭᠠᠶᠢᠯᠢ ᠲᠤᠰᠢᠶᠠᠬᠤ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠦᠨ᠎ᠡ᠃ ᠵᠠᠬ᠎ᠠ ᠳᠡᠯᠭᠡᠭᠦᠷ ᠲᠤ ᠭᠠᠷᠤᠭᠰᠠᠨ ᠪᠤᠰᠤ ᠺᠣᠮᠫᠠᠨᠢ ᠠᠴᠠ ᠺᠣᠮᠫᠠᠨᠢ ᠶᠢᠨ | ᠠᠵᠢᠯᠲᠠᠳ ᠲᠤ ᠪᠠᠨ ᠣᠯᠭᠤᠭᠰᠠᠨ ᠰᠲ᠋ᠣᠺ ᠤᠨ ᠬᠤᠭᠤᠴᠠᠭᠠᠲᠤ ᠡᠷᠬᠡ᠂ ᠰᠲ᠋ᠣᠺ ᠤᠨ ᠡᠷᠬᠡ ᠶᠢᠨ ᠬᠤᠭᠤᠴᠠᠭᠠᠲᠤ | ᠡᠷᠬᠡ᠂ ᠬᠢᠵᠠᠭᠠᠷᠯᠠᠬᠤ ᠴᠢᠨᠠᠷᠲᠠᠢ ᠰᠲ᠋ᠣᠺ ᠪᠠ ᠰᠲ᠋ᠣᠺ ᠤᠨ ᠡᠷᠬᠡ ᠶᠢᠨ ᠱᠠᠩᠨᠠᠯ ᠨᠢ ᠲᠣᠭᠲᠠᠭᠠᠯ ᠤᠨ ᠨᠥᠬᠦᠴᠡᠯ ᠳᠤ | ᠨᠡᠶᠢᠴᠡᠭᠰᠡᠨ ᠪᠣᠯ᠂ ᠭᠤᠣᠯᠴᠢᠯᠠᠨ ᠬᠠᠮᠢᠶᠠᠷᠬᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠳᠠᠩᠰᠠᠯᠠᠭᠤᠯᠤᠭᠠᠳ᠂ | ᠠᠬᠢᠨ ᠤᠷᠲᠤᠳᠬᠠᠵᠤ ᠭᠠᠶᠢᠯᠢ ᠲᠤᠰᠢᠶᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠣᠯᠣᠨ᠎ᠠ᠂ ᠲᠤᠬᠠᠶᠢᠯᠠᠪᠠᠯ | ᠠᠵᠢᠯᠲᠠᠳ ᠰᠲ᠋ᠣᠺ ᠤᠨ ᠡᠷᠬᠡ ᠶᠢᠨ ᠤᠷᠮᠠᠰᠢᠭᠤᠯᠤᠯ ᠣᠯᠬᠤ ᠦᠶ᠎ᠡ ᠳᠤ ᠲᠦᠷ ᠭᠠᠶᠢᠯᠢ ᠲᠤᠰᠢᠶᠠᠬᠤ ᠦᠭᠡᠢ ᠪᠠᠶᠢᠵᠤ | ᠂ ᠲᠤᠰ ᠰᠲ᠋ᠣᠺ ᠤᠨ ᠡᠷᠬᠡ ᠪᠠᠨ ᠰᠢᠯᠵᠢᠭᠦᠯᠦᠨ ᠥᠭᠬᠦ ᠪᠣᠯᠲᠠᠯ᠎ᠠ ᠠᠬᠢᠨ ᠤᠷᠲᠤᠳᠬᠠᠵᠤ ᠪᠠᠶᠢᠭᠠᠳ ᠭᠠᠶᠢᠯᠢ | ᠲᠤᠰᠢᠶᠠᠵᠤ ᠪᠣᠯᠣᠨ᠎ᠠ︔ ᠰᠲ᠋ᠣᠺ ᠤᠨ ᠡᠷᠬᠡ ᠶᠢ ᠰᠢᠯᠵᠢᠭᠦᠯᠦᠨ ᠥᠭᠬᠦ ᠦᠶ᠎ᠡ ᠳᠤ᠂ ᠰᠲ᠋ᠣᠺ ᠤᠨ ᠡᠷᠬᠡ ᠶᠢ | ᠰᠢᠯᠵᠢᠭᠦᠯᠦᠨ ᠥᠭᠭᠦᠭᠰᠡᠨ ᠣᠷᠣᠯᠭ᠎ᠠ ᠠᠴᠠ ᠰᠲ᠋ᠣᠺ ᠤᠨ ᠡᠷᠬᠡ ᠣᠯᠣᠭᠰᠠᠨ ᠥᠪᠡᠷ ᠤᠨ ᠥᠷᠲᠡᠭ ᠵᠢᠴᠢ ᠵᠦᠢ | ᠵᠣᠬᠢᠰᠲᠠᠢ ᠭᠠᠶᠢᠯᠢ ᠶᠢᠨ ᠰᠦᠢᠳᠬᠡᠯ ᠢ ᠬᠠᠰᠤᠭᠰᠠᠨ ᠤ ᠳᠠᠷᠠᠭᠠᠬᠢ ᠵᠥᠷᠢᠶᠡᠲᠦ ᠲᠤᠭ᠎ᠠ ᠶᠣᠰᠣᠭᠠᠷ᠂ ︽ᠡᠳ᠋ | ᠬᠥᠷᠥᠩᠭᠡ ᠰᠢᠯᠵᠢᠭᠦᠯᠦᠨ ᠥᠭᠬᠦ ᠠᠰᠢᠭ ᠣᠯᠵᠠᠪᠤᠷᠢ︾ ᠶᠢᠨ ᠲᠥᠷᠥᠯ ᠵᠦᠢᠯ ᠶᠢ ᠲᠣᠬᠢᠷᠠᠭᠤᠯᠤᠨ ᠬᠡᠷᠡᠭᠯᠡᠵᠦ᠂ | 20% ᠶᠢᠨ ᠭᠠᠶᠢᠯᠢ ᠶᠢᠨ ᠨᠣᠷᠮ᠎ᠠ ᠶᠣᠰᠣᠭᠠᠷ ᠲᠤᠰᠢᠶᠠᠬᠤ ᠬᠤᠪᠢ ᠬᠥᠮᠥᠨ ᠤ ᠠᠰᠢᠭ ᠣᠯᠵᠠᠪᠤᠷᠢ ᠶᠢᠨ ᠭᠠᠶᠢᠯᠢ ᠶᠢ | ᠲᠣᠭᠠᠴᠠᠨ ᠪᠣᠳᠣᠨ᠎ᠠ᠃ ᠬᠤᠶᠠᠷ ᠲᠤ᠂ ᠮᠡᠷᠭᠡᠵᠢᠯ ᠤᠨ ᠦᠷ᠎ᠡ ᠪᠦᠲᠦᠭᠡᠯ ᠳᠤ ᠪᠡᠯᠡ ᠣᠷᠣᠭᠤᠯᠤᠨ ᠰᠲ᠋ᠣᠺ | ᠣᠷᠣᠬᠤ ᠳᠤ ᠰᠣᠩᠭᠤᠯᠲᠠ ᠶᠢᠨ ᠴᠢᠨᠠᠷᠲᠠᠢ ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠦᠨ᠎ᠡ᠃ ᠠᠵᠤ ᠠᠬᠤᠶᠢᠯᠠᠯ ᠪᠤᠶᠤ ᠬᠤᠪᠢ ᠬᠥᠮᠥᠨ ᠮᠡᠷᠭᠡᠵᠢᠯ ᠤᠨ ᠦᠷ᠎ᠡ ᠪᠦᠲᠦᠭᠡᠯ ᠢᠶᠠᠷ ᠢᠶᠠᠨ | ᠬᠢᠯᠢ ᠶᠢᠨ ᠳᠣᠲᠣᠷᠠᠬᠢ ᠰᠠᠭᠤᠭᠠᠯᠢ ᠠᠷᠠᠳ ᠤᠨ ᠠᠵᠤ ᠠᠬᠤᠶᠢᠯᠠᠯ ᠳᠤ ᠪᠡᠯᠡ ᠣᠷᠣᠭᠤᠯᠤᠨ ᠰᠲ᠋ᠣᠺ ᠣᠷᠣᠵᠤ᠂ | ᠪᠡᠯᠡ ᠣᠷᠣᠭᠤᠯᠤᠭᠰᠠᠨ ᠠᠵᠤ ᠠᠬᠤᠶᠢᠯᠠᠯ ᠠᠴᠠ ᠣᠯᠭᠤᠭᠰᠠᠨ ᠲᠡᠩᠴᠡᠭᠦᠦ ᠥᠷᠲᠡᠭ ᠢᠶᠠᠨ ᠪᠦᠬᠦᠨ ᠢ ᠰᠲ᠋ᠣᠺ | ᠪᠣᠯᠭᠠᠭᠰᠠᠨ ᠪᠣᠯ᠂ ᠠᠵᠤ ᠠᠬᠤᠶᠢᠯᠠᠯ ᠪᠤᠶᠤ ᠬᠤᠪᠢ ᠬᠥᠮᠥᠨ ᠦᠷᠭᠦᠯᠵᠢᠯᠡᠨ ᠣᠳᠣ ᠶᠢᠨ ᠬᠡᠷᠡᠭᠵᠢᠭᠦᠯᠵᠦ ᠪᠠᠶᠢᠭ᠎ᠠ | ᠬᠠᠮᠢᠶ᠎ᠠ ᠪᠦᠬᠦᠢ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠰᠣᠩᠭᠤᠨ ᠬᠡᠷᠡᠭᠵᠢᠭᠦᠯᠵᠦ ᠪᠣᠯᠣᠨ᠎ᠠ᠂ ᠪᠠᠰᠠ ᠠᠬᠢᠨ | ᠤᠷᠲᠤᠳᠬᠠᠵᠤ ᠭᠠᠶᠢᠯᠢ ᠲᠤᠰᠢᠶᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠣᠩᠭᠤᠨ ᠬᠡᠷᠡᠭᠯᠡᠵᠦ ᠪᠣᠯᠣᠨ᠎ᠠ᠃ | ᠮᠡᠷᠭᠡᠵᠢᠯ ᠤᠨ ᠦᠷ᠎ᠡ ᠪᠦᠲᠦᠭᠡᠯ ᠢᠶᠠᠷ ᠢᠶᠠᠨ ᠪᠡᠯᠡ ᠣᠷᠣᠭᠤᠯᠤᠨ ᠰᠲ᠋ᠣᠺ ᠣᠷᠣᠵᠤ ᠠᠬᠢᠨ ᠤᠷᠲᠤᠳᠬᠠᠨ ᠭᠠᠶᠢᠯᠢ | ᠲᠤᠰᠢᠶᠠᠬᠤ ᠲᠥᠷᠥ ᠶᠢᠨ ᠪᠣᠳᠣᠯᠭ᠎ᠠ ᠶᠢ ᠰᠣᠩᠭᠤᠭᠰᠠᠨ ᠪᠣᠯ᠂ ᠭᠤᠣᠯᠴᠢᠯᠠᠨ ᠬᠠᠮᠢᠶᠠᠷᠬᠤ ᠭᠠᠶᠢᠯᠢ ᠶᠢᠨ ᠶᠠᠪᠤᠳᠠᠯ ᠤᠨ | ᠪᠠᠶᠢᠭᠤᠯᠭ᠎ᠠ ᠳᠤ ᠳᠠᠩᠰᠠᠯᠠᠭᠤᠯᠬᠤ ᠪᠠᠷ ᠳᠠᠮᠵᠢᠨ᠂ ᠪᠡᠯᠡ ᠣᠷᠣᠭᠤᠯᠤᠨ ᠰᠲ᠋ᠣᠺ ᠣᠷᠣᠭᠰᠠᠨ ᠲᠤᠬᠠᠢ ᠶᠢᠨ | ᠬᠤᠭᠤᠴᠠᠭ᠎ᠠ ᠳᠤ ᠲᠦᠷ ᠭᠠᠶᠢᠯᠢ ᠲᠤᠰᠢᠶᠠᠬᠤ ᠦᠭᠡᠢ᠂ ᠰᠲ᠋ᠣᠺ ᠤᠨ ᠡᠷᠬᠡ ᠪᠠᠨ ᠰᠢᠯᠵᠢᠭᠦᠯᠦᠨ ᠥᠭᠬᠦ ᠪᠣᠯᠲᠠᠯ᠎ᠠ | ᠠᠬᠢᠨ ᠤᠷᠲᠤᠳᠬᠠᠬᠤ ᠪᠣᠯᠬᠤ ᠶᠢ ᠵᠥᠪᠰᠢᠶᠡᠷᠡᠵᠦ᠂ ᠰᠲ᠋ᠣᠺ ᠤᠨ ᠡᠷᠬᠡ ᠪᠠᠨ ᠰᠢᠯᠵᠢᠭᠦᠯᠦᠨ ᠥᠭᠭᠦᠭᠰᠡᠨ | ᠣᠷᠣᠯᠭ᠎ᠠ ᠠᠴᠠ ᠨᠢ ᠮᠡᠷᠭᠡᠵᠢᠯ ᠤᠨ ᠦᠷ᠎ᠡ ᠪᠦᠲᠦᠭᠡᠯ ᠤᠨ ᠤᠤᠯ ᠥᠷᠲᠡᠭ ᠪᠠ ᠵᠦᠢ ᠵᠣᠬᠢᠰᠲᠠᠢ ᠭᠠᠶᠢᠯᠢ ᠶᠢᠨ | ᠰᠦᠢᠳᠬᠡᠯ ᠢ ᠬᠠᠰᠤᠭᠰᠠᠨ ᠤ ᠳᠠᠷᠠᠭᠠᠬᠢ ᠵᠥᠷᠢᠶᠡᠲᠦ ᠲᠤᠭ᠎ᠠ ᠶᠣᠰᠣᠭᠠᠷ ᠲᠤᠰᠢᠶᠠᠬᠤ ᠠᠰᠢᠭ ᠣᠯᠵᠠᠪᠤᠷᠢ ᠶᠢᠨ | ᠭᠠᠶᠢᠯᠢ ᠶᠢ ᠨᠢ ᠲᠣᠭᠠᠴᠠᠨ ᠪᠣᠳᠣᠨ᠎ᠠ᠃ | ᠬᠥᠲᠥᠯᠥᠭᠴᠢ᠄ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠵᠠᠷᠤᠯᠭ᠎ᠠ ᠶᠢᠨ | ᠬᠠᠮᠢᠶᠠᠷᠤᠯᠲᠠ ᠶᠢ ᠪᠦᠷᠢᠨᠰᠢᠭᠦᠯᠬᠦ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠶᠢ ᠳᠤᠷᠠᠳᠤᠭᠰᠠᠨ ᠪᠣᠢ︖ | ᠶᠦᠨ ᠲᠣᠤ᠄ ᠥᠩᠭᠡᠷᠡᠭᠰᠡᠨ ᠳᠤ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ | ᠵᠠᠷᠤᠯᠭ᠎ᠠ ᠶᠢᠨ ᠬᠠᠮᠢᠶᠠᠷᠤᠯᠲᠠ ᠶᠢᠨ ᠲᠠᠯ᠎ᠠ ᠪᠠᠷ ᠰᠢᠨᠵᠢᠯᠡᠬᠦ ᠤᠬᠠᠭᠠᠨ ᠤ ᠰᠤᠳᠤᠯᠭᠠᠨ ᠤ ᠵᠢᠮ᠎ᠡ ᠶᠣᠰᠣ ᠲᠠᠢ ᠨᠡᠶᠢᠴᠡᠬᠦ | ᠦᠭᠡᠢ ᠵᠠᠷᠢᠮ ᠠᠰᠠᠭᠤᠳᠠᠯ ᠣᠷᠣᠰᠢᠵᠤ᠂ ᠰᠢᠨᠵᠢᠯᠡᠬᠦ ᠤᠬᠠᠭᠠᠨ ᠤ ᠰᠤᠳᠤᠯᠭᠠᠲᠠᠳ ᠨᠡᠯᠢᠶᠡᠳ ᠶᠡᠭᠡ ᠰᠠᠨᠠᠯ ᠲᠠᠢ | ᠪᠠᠶᠢᠵᠠᠢ᠃ ᠪᠠᠶᠢᠴᠠᠭᠠᠨ ᠰᠤᠳᠤᠯᠤᠯᠲᠠ ᠳᠤᠮᠳᠠ ᠪᠢᠳᠡ ᠪᠠᠰᠠ ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠶᠢᠨ ᠬᠥᠨᠳᠡᠯᠡᠨ ᠴᠢᠭᠯᠡᠯ ᠤᠨ ᠲᠥᠷᠥᠯ ᠵᠦᠢᠯ ᠤᠨ ᠦᠯᠡᠳᠡᠭᠰᠡᠨ | ᠵᠠᠷᠤᠳᠠᠯ ᠢᠶᠠᠨ ᠬᠡᠷᠬᠢᠨ ᠰᠢᠢᠳᠪᠦᠷᠢᠯᠡᠬᠦ ᠪᠠᠨ ᠮᠡᠳᠡᠬᠦ ᠦᠭᠡᠢ ᠪᠠᠶᠢᠵᠤ᠂ ᠰᠢᠨᠵᠢᠯᠡᠬᠦ ᠤᠬᠠᠭᠠᠨ ᠤ ᠰᠤᠳᠤᠯᠭᠠᠲᠠᠳ ᠤᠨ | ᠢᠳᠡᠪᠬᠢᠵᠢᠯ ᠢ ᠨᠥᠯᠥᠭᠡᠯᠡᠵᠦ ᠪᠠᠶᠢᠬᠤ ᠶᠢ ᠣᠶᠢᠯᠠᠭᠠᠵᠠᠢ᠃ ᠠᠰᠠᠭᠤᠳᠠᠯ ᠳᠤ ᠬᠠᠨᠳᠤᠭᠤᠯᠤᠨ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ | ᠨᠢᠳᠤᠨᠤᠨ ᠤ 6 ᠳ᠋ᠤᠭᠠᠷ ᠰᠠᠷ᠎ᠠ ᠳᠤ ︽ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠪᠡᠯᠡ ᠮᠥᠩᠭᠦᠨ ᠤ ᠬᠠᠮᠢᠶᠠᠷᠤᠯᠲᠠ ᠵᠡᠷᠭᠡ ᠲᠥᠷᠥ ᠶᠢᠨ | ᠪᠣᠳᠣᠯᠭ᠎ᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠬᠦ ᠲᠤᠬᠠᠢ ᠰᠠᠨᠠᠯ︾ ︵ᠥᠪᠥᠷ ᠨᠠᠮ ᠠᠯᠪᠠᠨ ᠲᠠᠷᠬᠠᠭᠠᠭᠰᠠᠨ | ︹2017︺ 30 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠲᠥᠰᠥᠪ ᠢ ᠲᠣᠬᠢᠷᠠᠭᠤᠯᠬᠤ ᠡᠷᠬᠡ ᠶᠢᠨ | ᠬᠢᠵᠠᠭᠠᠷ ᠢ ᠳᠣᠷᠣᠭᠰᠢ ᠪᠠᠭᠤᠯᠭᠠᠵᠤ᠂ ᠳᠠᠮ ᠢ ᠲᠣᠬᠢᠷᠠᠭᠤᠯᠬᠤ ᠡᠷᠬᠡ ᠶᠢᠨ ᠬᠢᠵᠠᠭᠠᠷ ᠢ ᠳᠣᠷᠣᠭᠰᠢ ᠪᠠᠭᠤᠯᠭᠠᠵᠤ᠂ | ᠳᠠᠮ ᠵᠠᠷᠤᠳᠠᠯ ᠤᠨ ᠬᠠᠷᠢᠴᠠᠯ ᠢ ᠳᠡᠭᠡᠭᠰᠢᠯᠡᠭᠦᠯᠦᠨ᠂ ᠠᠵᠢᠯ ᠤᠨ ᠠᠮᠵᠢᠯᠲᠠ ᠪᠦᠲᠦᠮᠵᠢ ᠶᠢᠨ ᠵᠠᠷᠤᠯᠭ᠎ᠠ ᠶᠢ ᠨᠡᠮᠡᠨ | ᠵᠢᠭᠰᠠᠭᠠᠵᠤ᠂ ᠬᠥᠳᠡᠯᠮᠦᠷᠢ ᠬᠦᠴᠦᠨ ᠤ ᠰᠦᠢᠳᠬᠡᠯ ᠤᠨ ᠬᠠᠷᠢᠴᠠᠯ ᠤᠨ ᠬᠢᠵᠠᠭᠠᠷᠯᠠᠯ ᠢ ᠦᠭᠡᠶᠢᠰᠬᠡᠵᠦ᠂ ᠲᠥᠷᠥᠯ | ᠵᠦᠢᠯ ᠢᠶᠠᠨ ᠳ᠋ᠦᠩᠨᠡᠨ ᠰᠢᠯᠵᠢᠭᠦᠯᠵᠦ ᠦᠯᠡᠳᠡᠭᠰᠡᠨ ᠪᠡᠯᠡ ᠮᠥᠩᠭᠦ ᠶᠢ ᠦᠯᠡᠳᠡᠭᠡᠨ ᠬᠡᠷᠡᠭᠯᠡᠵᠦ ᠰᠢᠢᠳᠪᠦᠷᠢᠯᠡᠬᠦ ᠠᠷᠭ᠎ᠠ | ᠬᠡᠯᠪᠡᠷᠢ ᠶᠢ ᠥᠭᠡᠷᠡᠴᠢᠯᠡᠨ ᠰᠠᠶᠢᠵᠢᠷᠠᠭᠤᠯᠬᠤ ᠵᠡᠷᠭᠡ ᠣᠯᠠᠨ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ | ᠳᠤᠷᠠᠳᠴᠠᠢ᠃ ᠮᠠᠨ ᠤ ︽ᠬᠡᠷᠡᠭᠵᠢᠭᠦᠯᠬᠦ ᠰᠠᠨᠠᠯ︾ ᠨᠢ ᠳᠠᠪᠬᠤᠷᠳᠠᠬᠤ ᠴᠢᠨᠠᠷᠲᠠᠢ ᠲᠣᠭᠲᠠᠭᠠᠯ ᠢ ᠲᠣᠭᠲᠠᠭᠠᠬᠤ ᠦᠭᠡᠢ | ᠂ᠭᠡᠪᠡᠴᠦ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ ᠬᠠᠷᠢᠭᠤᠴᠠᠵᠤ ᠪᠠᠶᠢᠭ᠎ᠠ | ᠨᠢᠭᠡᠴᠡ ᠶᠢᠨ ᠬᠢᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠪᠡᠯᠡ | ᠮᠥᠩᠭᠦᠨ ᠤ ᠬᠠᠮᠢᠶᠠᠷᠤᠯᠲᠠ ᠶᠢᠨ ᠨᠠᠷᠢᠨ ᠳᠦᠷᠢᠮ ᠢ ᠲᠣᠭᠲᠠᠭᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ | ᠠᠵᠢᠯᠲᠠᠳ ᠤᠨ ᠠᠵᠢᠯ ᠤᠨ ᠠᠮᠵᠢᠯᠲᠠ ᠪᠦᠲᠦᠮᠵᠢ ᠲᠠᠢ ᠤᠶᠠᠯᠳᠤᠭᠤᠯᠤᠨ᠂ ᠳᠠᠮ ᠵᠠᠷᠤᠳᠠᠯ ᠤᠨ ᠳᠣᠲᠣᠷᠠᠬᠢ | ᠠᠵᠢᠯ ᠤᠨ ᠠᠮᠵᠢᠯᠲᠠ ᠪᠦᠲᠦᠮᠵᠢ ᠶᠢᠨ ᠵᠠᠷᠤᠯᠭ᠎ᠠ ᠶᠢ ᠵᠣᠬᠢᠰᠲᠠᠢ ᠲᠣᠬᠢᠷᠠᠭᠤᠯᠬᠤ ᠬᠡᠷᠡᠭᠲᠡᠢ ᠭᠡᠵᠦ ᠲᠣᠭᠲᠠᠭᠠᠭᠰᠠᠨ | ᠪᠠᠶᠢᠨ᠎ᠠ᠃ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠶᠢᠨ ᠬᠢᠨ ᠠᠵᠤ | ᠠᠬᠤᠶᠢᠯᠠᠯ᠂ ᠪᠤᠰᠤᠳ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠨᠠᠶᠢᠳᠠᠭᠰᠠᠨ ᠬᠥᠨᠳᠡᠯᠡᠨ ᠴᠢᠭᠯᠡᠯ ᠤᠨ | ᠨᠠᠶᠢᠳᠠᠯᠭ᠎ᠠ ᠶᠢᠨ ᠲᠥᠷᠥᠯ ᠵᠦᠢᠯ ᠢ ᠬᠦᠯᠢᠶᠡᠨ ᠠᠪᠴᠤ᠂ ᠲᠥᠷᠥᠯ ᠵᠦᠢᠯ ᠤᠨ ᠵᠠᠷᠤᠳᠠᠯ ᠢ ᠨᠢᠭᠡᠴᠡ ᠶᠢᠨ ᠢᠶᠠᠨ | ᠡᠳ᠋ ᠤᠨ ᠵᠠᠰᠠᠭ ᠤᠨ ᠶᠠᠪᠤᠳᠠᠯ ᠳᠤ ᠣᠷᠣᠭᠤᠯᠤᠨ ᠨᠢᠭᠡᠳᠦᠯᠲᠡᠢ ᠬᠠᠮᠢᠶᠠᠷᠴᠤ᠂ ᠠᠵᠢᠯᠲᠠᠨ ᠤ ᠵᠠᠷᠤᠳᠠᠯ ᠢ ᠭᠡᠷ᠎ᠡ ᠶᠢᠨ | ᠲᠣᠬᠢᠷᠠᠯᠴᠠᠭ᠎ᠠ ᠶᠣᠰᠣᠭᠠᠷ ᠬᠡᠷᠡᠭᠯᠡᠵᠦ᠂ ᠲᠥᠷᠥᠯ ᠵᠦᠢᠯ ᠤᠨ ᠬᠠᠷᠢᠭᠤᠴᠠᠯᠭᠠᠲᠠᠨ ᠠᠵᠢᠯ ᠤᠨ ᠠᠭᠤᠯᠭ᠎ᠠ ᠪᠠ | ᠭᠡᠷ᠎ᠡ ᠶᠢᠨ ᠲᠣᠬᠢᠷᠠᠯᠴᠠᠭ᠎ᠠ ᠶᠢ ᠦᠨᠳᠦᠰᠦᠯᠡᠨ ᠵᠠᠷᠤᠳᠠᠯ ᠤᠨ ᠵᠠᠷᠤᠯᠭ᠎ᠠ ᠪᠠᠨ ᠥᠪᠡᠷ ᠢᠶᠠᠨ ᠡᠵᠡᠨ ᠮᠡᠳᠡᠨ | ᠲᠣᠬᠢᠷᠠᠭᠤᠯᠵᠤ᠂ ᠦᠯᠡᠳᠡᠭᠰᠡᠨ ᠪᠡᠯᠡ ᠮᠥᠩᠭᠦ ᠶᠢᠨ ᠬᠡᠷᠡᠭᠯᠡᠭᠡ ᠪᠠᠨ ᠥᠪᠡᠷ ᠢᠶᠠᠨ ᠲᠣᠭᠲᠠᠭᠠᠵᠤ ᠪᠣᠯᠣᠨ᠎ᠠ᠃ | ᠤᠯᠤᠰ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠠᠭᠤᠷᠢ ᠮᠥᠩᠭᠦᠨ ᠤ ᠲᠥᠷᠥᠯ ᠵᠦᠢᠯ ᠤᠨ | ᠪᠡᠯᠡ ᠮᠥᠩᠭᠦᠨ ᠤ ᠬᠠᠮᠢᠶᠠᠷᠤᠯᠲᠠ ᠶᠢᠨ ᠠᠷᠭ᠎ᠠ ᠶᠢᠨ ᠬᠥᠳᠡᠯᠮᠦᠷᠢ ᠬᠦᠴᠦᠨ ᠤ ᠰᠦᠢᠳᠬᠡᠯ᠂ ᠳᠠᠮ ᠵᠠᠷᠤᠳᠠᠯ ᠵᠡᠷᠭᠡ | ᠵᠠᠷᠤᠯᠭ᠎ᠠ ᠶᠢᠨ ᠲᠤᠬᠠᠢ ᠲᠣᠭᠲᠠᠭᠠᠯ ᠢ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ | ᠠᠵᠢᠯᠲᠠᠳ ᠤᠨ ᠠᠵᠢᠯ ᠤᠨ ᠠᠮᠵᠢᠯᠲᠠ ᠪᠦᠲᠦᠮᠵᠢ ᠶᠢᠨ ᠤᠷᠮᠠᠰᠢᠭᠤᠯᠬᠤ ᠡᠷᠴᠢᠮ ᠢ ᠴᠢᠩᠭᠠᠷᠠᠭᠤᠯᠤᠨ᠎ᠠ᠃ | ᠨᠥᠬᠦᠴᠡᠯ ᠳᠤ ᠨᠡᠶᠢᠴᠡᠭᠰᠡᠨ ᠣᠶᠣᠨ ᠤ ᠬᠥᠮᠥᠷᠭᠡ ᠶᠢᠨ ᠲᠥᠷᠥᠯ ᠵᠦᠢᠯ ᠳᠤ᠂ ᠵᠠᠰᠠᠭ ᠤᠨ ᠣᠷᠳᠣᠨ ᠠᠴᠠ | ᠦᠢᠯᠡᠴᠢᠯᠡᠭᠡ ᠬᠤᠳᠠᠯᠳᠤᠨ ᠠᠪᠬᠤ ᠠᠷᠭ᠎ᠠ ᠬᠡᠯᠪᠡᠷᠢ ᠶᠢ ᠰᠦᠪᠡᠭᠴᠢᠯᠡᠨ ᠬᠡᠷᠡᠭᠯᠡᠵᠦ᠂ ᠲᠥᠷᠥᠯ ᠵᠦᠢᠯ ᠤᠨ ᠪᠡᠯᠡ | ᠮᠥᠩᠭᠦ ᠶᠢ ᠲᠥᠷᠥᠯ ᠵᠦᠢᠯ ᠢ ᠬᠠᠷᠢᠭᠤᠴᠠᠬᠤ ᠨᠢᠭᠡᠴᠡ ᠠᠴᠠ ᠦᠢᠯᠡᠴᠢᠯᠡᠬᠦ ᠭᠡᠷ᠎ᠡ ᠶᠢᠨ ᠲᠣᠬᠢᠷᠠᠯᠴᠠᠭ᠎ᠠ ᠶᠣᠰᠣᠭᠠᠷ | ᠬᠠᠮᠢᠶᠠᠷᠤᠨ ᠬᠡᠷᠡᠭᠯᠡᠨ᠎ᠡ᠃ | ᠬᠥᠲᠥᠯᠥᠭᠴᠢ᠄ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠲᠤᠰᠢᠶᠠᠯ ᠬᠠᠪᠰᠤᠷᠭᠠᠵᠤ | ᠳᠠᠪᠬᠤᠷ ᠴᠠᠯᠢᠩ ᠬᠦᠷᠲᠡᠬᠦ ᠪᠠ ᠠᠵᠢᠯ ᠤᠨ ᠪᠠᠶᠢᠷᠢ ᠠᠴᠠ ᠪᠠᠨ ᠰᠠᠯᠵᠤ ᠠᠳᠠᠯ ᠦᠢᠯᠡᠰ ᠴᠣᠭᠴᠠᠯᠠᠬᠤ ᠶᠢ | ᠵᠣᠷᠢᠭᠵᠢᠭᠤᠯᠬᠤ ᠲᠠᠯ᠎ᠠ ᠪᠠᠷ᠂ ︽ᠬᠡᠷᠡᠭᠵᠢᠭᠦᠯᠬᠦ ᠰᠠᠨᠠᠯ︾ ᠳᠤ ᠬᠡᠷᠬᠢᠨ ᠲᠣᠭᠲᠠᠭᠠᠭᠰᠠᠨ ᠪᠣᠢ︖ | ᠶᠦᠨ ᠲᠣᠤ᠄ ᠰᠢᠨᠵᠢᠯᠡᠬᠦ ᠤᠬᠠᠭᠠᠨ ᠮᠡᠷᠭᠡᠵᠢᠯ ᠤᠨ ᠡᠯᠧᠮᠧᠨ᠋ᠲ ᠤᠨ ᠵᠦᠢ ᠵᠣᠬᠢᠰᠲᠠᠢ ᠭᠦᠢᠯᠭᠡᠭᠡ ᠶᠢ | ᠠᠬᠢᠭᠤᠯᠬᠤ ᠶᠢᠨ ᠲᠥᠯᠥᠭᠡ᠂ ︽ᠬᠡᠷᠡᠭᠵᠢᠭᠦᠯᠬᠦ ᠰᠠᠨᠠᠯ︾ ᠳᠤ᠄ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ | ᠲᠤᠰ ᠨᠢᠭᠡᠴᠡ ᠶᠢᠨ ᠢᠶᠠᠨ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠲᠤᠬᠠᠶᠢᠯᠠᠭᠰᠠᠨ | ᠠᠵᠢᠯ ᠢᠶᠠᠨ ᠪᠡᠶᠡᠯᠡᠭᠦᠯᠦᠭᠰᠡᠨ ᠤᠷᠢᠳᠠᠯ ᠳᠣᠣᠷ᠎ᠠ᠂ ᠲᠤᠰ ᠬᠥᠮᠥᠨ ᠤ ᠪᠢᠴᠢᠭ ᠤᠨ ᠭᠤᠶᠤᠴᠢᠯᠠᠯᠲᠠ ᠪᠠ ᠪᠠᠶᠢᠭ᠎ᠠ | ᠨᠢᠭᠡᠴᠡ ᠶᠢᠨ ᠵᠥᠪᠰᠢᠶᠡᠷᠡᠯ ᠢᠶᠠᠷ ᠳᠠᠮᠵᠢᠨ᠂ ᠠᠵᠤ ᠠᠬᠤᠶᠢᠯᠠᠯ ᠪᠠ ᠪᠤᠰᠤᠳ ᠰᠢᠨᠵᠢᠯᠡᠬᠦ ᠤᠬᠠᠭᠠᠨ ᠤ | ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠳᠤ | ᠣᠴᠢᠵᠤ ᠲᠤᠰᠢᠶᠠᠯ ᠬᠠᠪᠰᠤᠷᠭᠠᠬᠤ ᠶᠢᠨ ᠬᠠᠮᠲᠤ ᠬᠠᠤᠯᠢ ᠶᠣᠰᠣᠨ ᠤ ᠬᠥᠯᠥᠰᠦ ᠣᠯᠭᠤᠮᠵᠢ ᠣᠯᠵᠤ ᠪᠣᠯᠣᠨ᠎ᠠ᠃ | ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠲᠤᠰᠢᠶᠠᠯ ᠬᠠᠪᠰᠤᠷᠭᠠᠭᠰᠠᠨ ᠨᠢᠭᠡᠴᠡ ᠳᠠᠬᠢ ᠠᠵᠢᠯ ᠤᠨ | ᠢᠯᠡᠷᠡᠯ ᠪᠠ ᠠᠵᠢᠯ ᠤᠨ ᠠᠮᠵᠢᠯᠲᠠ ᠪᠠᠷ ᠤᠤᠯ ᠤᠨ ᠨᠢᠭᠡᠴᠡ ᠳᠤ ᠪᠠᠨ ᠮᠡᠷᠭᠡᠵᠢᠯ ᠤᠨ ᠴᠣᠯᠠ ᠦᠨᠡᠯᠡᠨ ᠬᠢᠨᠠᠬᠤ᠂ | ᠠᠵᠢᠯ ᠤᠨ ᠪᠠᠶᠢᠷᠢ ᠳᠤ ᠤᠷᠢᠨ ᠬᠡᠷᠡᠭᠯᠡᠬᠦ᠂ ᠵᠢᠯ ᠤᠨ ᠰᠢᠯᠭᠠᠨ ᠬᠢᠨᠠᠯᠲᠠ ᠬᠢᠬᠦ ᠵᠡᠷᠭᠡ ᠳᠤ ᠣᠷᠣᠯᠴᠠᠬᠤ ᠴᠢᠬᠤᠯᠠ | ᠦᠨᠳᠦᠰᠦᠯᠡᠯ ᠪᠣᠯᠭᠠᠨ᠎ᠠ᠃ ᠤᠳᠤᠷᠢᠳᠬᠤ ᠲᠤᠰᠢᠶᠠᠯ ᠡᠭᠦᠷᠭᠡᠯᠡᠵᠦ ᠪᠠᠶᠢᠭ᠎ᠠ ᠰᠢᠨᠵᠢᠯᠡᠬᠦ ᠤᠬᠠᠭᠠᠨ ᠤ ᠰᠤᠳᠤᠯᠭᠠᠨ ᠤ | ᠠᠵᠢᠯᠲᠠᠳ ᠤᠨ ᠬᠠᠪᠰᠤᠷᠭᠠᠬᠤ ᠲᠤᠰᠢᠶᠠᠯ ᠬᠢᠭᠡᠳ ᠣᠯᠬᠤ ᠬᠥᠯᠥᠰᠦ ᠣᠯᠭᠤᠮᠵᠢ ᠶᠢ᠂ ᠲᠥᠪ ᠬᠤᠷᠢᠶ᠎ᠠ ᠪᠠ | ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠰᠢᠨᠵᠢᠯᠡᠬᠦ | ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ | ᠰᠤᠳᠤᠯᠭᠠᠨ ᠤ ᠠᠵᠢᠯᠲᠠᠳ᠂ ᠪᠠᠶᠢᠭ᠎ᠠ ᠨᠢᠭᠡᠴᠡ ᠶᠢᠨ ᠢᠶᠠᠨ ᠵᠥᠪᠰᠢᠶᠡᠷᠡᠯ ᠢᠶᠠᠷ ᠳᠠᠮᠵᠢᠨ᠂ ᠰᠢᠨᠵᠢᠯᠡᠬᠦ ᠤᠬᠠᠭᠠᠨ ᠤ | ᠰᠤᠳᠤᠯᠭᠠᠨ ᠤ ᠲᠥᠷᠥᠯ ᠵᠦᠢᠯ ᠪᠠ ᠦᠷ᠎ᠡ ᠪᠦᠲᠦᠭᠡᠯ ᠢᠶᠠᠨ ᠠᠪᠴᠤ ᠠᠵᠢᠯ ᠤᠨ ᠪᠠᠶᠢᠷᠢ ᠠᠴᠠ ᠪᠠᠨ ᠰᠠᠯᠤᠨ ᠠᠳᠠᠯ | ᠦᠢᠯᠡᠰ ᠴᠣᠭᠴᠠᠯᠠᠵᠤ ᠪᠣᠯᠣᠨ᠎ᠠ᠃ ᠠᠵᠢᠯ ᠤᠨ ᠪᠠᠶᠢᠷᠢ ᠠᠴᠠ ᠪᠠᠨ ᠰᠠᠯᠵᠤ ᠠᠳᠠᠯ ᠦᠢᠯᠡᠰ ᠪᠣᠰᠬᠠᠬᠤ | ᠬᠤᠭᠤᠴᠠᠭ᠎ᠠ ᠨᠢ 3 ᠵᠢᠯ ᠳᠤ ᠨᠢᠭᠡ ᠬᠤᠭᠤᠴᠠᠭ᠎ᠠ ᠪᠠᠶᠢᠵᠤ᠂ ᠬᠠᠮᠤᠭ ᠤᠨ ᠤᠷᠲᠤ ᠳᠤ ᠪᠠᠨ ᠬᠤᠶᠠᠷ | ᠬᠤᠭᠤᠴᠠᠭ᠎ᠠ ᠶᠢ ᠬᠡᠲᠦᠷᠡᠵᠦ ᠪᠣᠯᠬᠤ ᠦᠭᠡᠢ᠃ ᠠᠵᠢᠯ ᠤᠨ ᠪᠠᠶᠢᠷᠢ ᠠᠴᠠ ᠪᠠᠨ ᠰᠠᠯᠵᠤ ᠠᠳᠠᠯ ᠦᠢᠯᠡᠰ | ᠴᠣᠭᠴᠠᠯᠠᠭᠴᠢᠳ ᠠᠵᠢᠯ ᠤᠨ ᠪᠠᠶᠢᠷᠢ ᠠᠴᠠ ᠪᠠᠨ ᠰᠠᠯᠵᠤ ᠠᠳᠠᠯ ᠦᠢᠯᠡᠰ ᠴᠣᠭᠴᠠᠯᠠᠬᠤ ᠬᠤᠭᠤᠴᠠᠭᠠᠨ ᠳᠤ ᠪᠠᠨ | ᠠᠵᠢᠯᠲᠠᠨ ᠤ ᠶᠠᠪᠤᠳᠠᠯ ᠤᠨ ᠬᠠᠷᠢᠴᠠᠭ᠎ᠠ ᠪᠠᠨ ᠦᠯᠡᠳᠡᠭᠡᠵᠦ ᠪᠣᠯᠣᠨ᠎ᠠ᠃ ᠶᠡᠭᠡ ᠳᠡᠭᠡᠳᠦ ᠰᠤᠷᠭᠠᠭᠤᠯᠢ ᠶᠢᠨ ᠪᠠᠭᠰᠢ | ᠨᠠᠷ ᠪᠠᠶᠢᠭ᠎ᠠ ᠨᠢᠭᠡᠴᠡ ᠶᠢᠨ ᠢᠶᠠᠨ ᠵᠥᠪᠰᠢᠶᠡᠷᠡᠯ ᠢᠶᠠᠷ ᠳᠠᠮᠵᠢᠨ᠂ ᠣᠯᠠᠨ ᠴᠢᠭ᠋ ᠤᠨ ᠵᠢᠭᠠᠨ ᠰᠤᠷᠭᠠᠯᠲᠠ | ᠥᠷᠨᠢᠭᠦᠯᠬᠦ ᠶᠢᠨ ᠬᠠᠮᠲᠤ ᠬᠥᠯᠥᠰᠦ ᠣᠯᠭᠤᠮᠵᠢ ᠣᠯᠵᠤ ᠪᠣᠯᠣᠨ᠎ᠠ ᠭᠡᠵᠦ ᠲᠣᠭᠲᠠᠭᠠᠭᠰᠠᠨ ᠪᠠᠶᠢᠨ᠎ᠠ᠃ | ᠬᠥᠲᠥᠯᠥᠭᠴᠢ᠄ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠶᠢᠨ | ᠠᠵᠢᠯ ᠤᠨ ᠪᠠᠶᠢᠷᠢ ᠲᠣᠬᠢᠷᠠᠭᠤᠯᠬᠤ᠂ ᠠᠵᠢᠯᠲᠠᠨ ᠢ ᠤᠷᠢᠨ ᠬᠡᠷᠡᠭᠯᠡᠬᠦ᠂ ᠮᠡᠷᠭᠡᠵᠢᠯ ᠤᠨ ᠴᠣᠯᠠ ᠦᠨᠡᠯᠡᠨ ᠬᠢᠨᠠᠬᠤ | ᠵᠡᠷᠭᠡ ᠲᠠᠯ᠎ᠠ ᠶᠢᠨ ᠡᠵᠡᠨ ᠮᠡᠳᠡᠬᠦ ᠡᠷᠬᠡ ᠶᠢ ᠬᠡᠷᠬᠢᠨ ᠨᠠᠶᠢᠳᠠᠪᠤᠷᠢᠵᠢᠭᠤᠯᠬᠤ ᠪᠣᠢ︖ | ᠶᠦᠨ ᠲᠣᠤ᠄ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ | ᠰᠤᠷᠭᠠᠭᠤᠯᠢ ᠶᠢᠨ ᠬᠢᠨ ᠰᠢᠨ᠎ᠡ ᠶᠢ ᠡᠭᠦᠳᠬᠦ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ ᠰᠢᠨᠵᠢᠯᠡᠬᠦ ᠤᠬᠠᠭᠠᠨ | ᠮᠡᠷᠭᠡᠵᠢᠯ ᠤᠨ ᠲᠥᠷᠥᠯ ᠵᠦᠢᠯ ᠢ ᠨᠡᠭᠡᠭᠡᠨ ᠬᠥᠭᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠳᠡᠯᠭᠡᠷᠡᠭᠦᠯᠬᠦ ᠪᠠ ᠤᠯᠠᠷᠢᠭᠤᠯᠬᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠡᠶᠢᠭᠡᠮ ᠤᠨ ᠦᠢᠯᠡᠴᠢᠯᠡᠭᠡ ᠵᠡᠷᠭᠡ | ᠠᠵᠢᠯ ᠢ ᠥᠷᠨᠢᠭᠦᠯᠬᠦ ᠰᠢᠨ᠎ᠡ ᠶᠢ ᠡᠭᠦᠳᠬᠦ ᠠᠵᠢᠯ ᠤᠨ ᠪᠠᠶᠢᠷᠢ ᠲᠣᠬᠢᠷᠠᠭᠤᠯᠬᠤ ᠶᠢᠨ ᠬᠠᠮᠲᠤ᠂ ᠲᠣᠭᠲᠠᠭᠠᠯ ᠶᠣᠰᠣᠭᠠᠷ | ᠠᠵᠢᠯ ᠤᠨ ᠪᠠᠶᠢᠷᠢ ᠶᠢ ᠲᠣᠬᠢᠷᠠᠭᠤᠯᠬᠤ ᠲᠥᠰᠥᠯ ᠢᠶᠠᠨ ᠲᠣᠬᠢᠷᠠᠭᠤᠯᠵᠤ ᠪᠣᠯᠣᠨ᠎ᠠ᠃ ᠠᠵᠢᠯ ᠤᠨ ᠪᠠᠶᠢᠷᠢ ᠶᠢᠨ | ᠲᠣᠬᠢᠷᠠᠭᠤᠯᠤᠯᠲᠠ ᠬᠢᠬᠦ ᠪᠠᠷ ᠳᠠᠮᠵᠢᠭᠤᠯᠵᠤ᠂ ᠰᠢᠨ᠎ᠡ ᠶᠢ ᠡᠭᠦᠳᠬᠦ ᠠᠵᠢᠯ ᠤᠨ ᠱᠠᠭᠠᠷᠳᠠᠯᠭ᠎ᠠ ᠶᠢ ᠬᠠᠩᠭᠠᠵᠤ ᠳᠡᠶᠢᠯᠬᠦ | ᠦᠭᠡᠢ ᠪᠣᠯ᠂ ᠲᠣᠭᠲᠠᠭᠠᠯ ᠶᠣᠰᠣᠭᠠᠷ ᠲᠤᠰᠬᠠᠢ ᠠᠵᠢᠯ ᠤᠨ ᠪᠠᠶᠢᠷᠢ ᠲᠣᠬᠢᠷᠠᠭᠤᠯᠬᠤ ᠪᠠᠷ ᠭᠤᠶᠤᠴᠢᠯᠠᠵᠤ ᠪᠣᠯᠬᠤ | ᠪᠥᠭᠡᠳ ᠠᠵᠢᠯ ᠤᠨ ᠪᠠᠶᠢᠷᠢ ᠶᠢᠨ ᠶᠡᠷᠦᠩᠬᠡᠢ ᠬᠡᠮᠵᠢᠶ᠎ᠡ ᠪᠠ ᠪᠦᠲᠦᠴᠡ ᠶᠢᠨ ᠬᠠᠷᠢᠴᠠᠯ ᠤᠨ ᠬᠢᠵᠠᠭᠠᠷᠯᠠᠯ ᠢ ᠬᠦᠯᠢᠶᠡᠬᠦ | ᠦᠭᠡᠢ ᠪᠠᠶᠢᠵᠤ ᠪᠣᠯᠣᠨ᠎ᠠ᠃ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ | ᠰᠤᠷᠭᠠᠭᠤᠯᠢ ᠶᠢᠨ ᠬᠢᠨ ᠬᠥᠳᠡᠯᠦᠩᠭᠦᠢ ᠠᠵᠢᠯ ᠤᠨ ᠪᠠᠶᠢᠷᠢ ᠶᠢ ᠲᠣᠬᠢᠷᠠᠭᠤᠯᠵᠤ᠂ ᠰᠢᠨ᠎ᠡ ᠶᠢ ᠡᠭᠦᠳᠬᠦ | ᠦᠢᠯᠡᠳᠦᠯᠭᠡ ᠶᠢᠨ ᠲᠤᠷᠰᠢᠯᠭ᠎ᠠ ᠲᠠᠢ ᠠᠵᠤ ᠠᠬᠤᠶᠢᠯᠠᠯᠲᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ | ᠲᠠᠲᠠᠨ ᠣᠷᠣᠭᠤᠯᠵᠤ ᠲᠤᠰᠢᠶᠠᠯ ᠬᠠᠪᠰᠤᠷᠭᠠᠨ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠎ᠠ᠃ ᠴᠢᠬᠤᠯᠠ ᠶᠡᠭᠡ | ᠬᠤᠪᠢ ᠨᠡᠮᠡᠷᠢ ᠦᠵᠡᠭᠦᠯᠦᠭᠰᠡᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠰᠢᠭᠤᠳ ᠳᠡᠭᠡᠳᠦ ᠳᠡᠰ ᠤᠨ ᠮᠡᠷᠭᠡᠵᠢᠯ ᠤᠨ | ᠴᠣᠯᠠ ᠭᠤᠶᠤᠴᠢᠯᠠᠨ ᠮᠡᠳᠡᠭᠦᠯᠵᠦ ᠪᠣᠯᠣᠨ᠎ᠠ᠃ ᠰᠢᠨᠵᠢᠯᠡᠬᠦ ᠮᠡᠷᠭᠡᠵᠢᠯ ᠤᠨ ᠦᠷ᠎ᠡ ᠪᠦᠲᠦᠭᠡᠯ ᠠᠴᠠ ᠣᠯᠣᠭᠰᠠᠨ ᠠᠵᠤ | ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢᠶᠠᠷ ᠮᠡᠷᠭᠡᠵᠢᠯ ᠤᠨ ᠴᠣᠯᠠ ᠦᠨᠡᠯᠡᠨ ᠬᠢᠨᠠᠬᠤ | ᠴᠢᠬᠤᠯᠠ ᠦᠨᠳᠦᠰᠦ ᠪᠠᠷᠢᠮᠲᠠ ᠪᠣᠯᠭᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ | ᠤᠯᠠᠷᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠡᠭᠦᠳᠦᠨ ᠡᠷᠬᠢᠯᠡᠵᠦ | ᠳᠠᠭᠠᠭᠤᠯᠤᠨ ᠡᠷᠬᠢᠯᠡᠬᠦ ᠬᠡᠷᠡᠭᠯᠡᠭᠡᠨ ᠤ ᠬᠡᠯᠪᠡᠷᠢ ᠶᠢᠨ ᠴᠢᠳᠠᠪᠤᠷᠢᠲᠠᠨ ᠳᠤ᠂ ᠥᠭᠦᠯᠡᠯ ᠢᠶᠠᠷ ᠦᠨᠡᠯᠡᠯᠲᠡ ᠬᠢᠬᠦ | ᠬᠢᠵᠠᠭᠠᠷᠯᠠᠬᠤ ᠴᠢᠨᠠᠷᠲᠠᠢ ᠨᠥᠬᠦᠴᠡᠯ ᠪᠣᠯᠭᠠᠬᠤ ᠦᠭᠡᠢ᠃ ᠮᠡᠷᠭᠡᠵᠢᠯ ᠤᠨ ᠴᠣᠯᠠ ᠶᠢᠨ ᠭᠠᠳᠠᠭᠠᠳᠤ ᠬᠡᠯᠡ ᠪᠠ | ᠺᠣᠮᠫᠢᠦ᠋ᠲ᠋ᠧᠷ ᠤᠨ ᠬᠡᠷᠡᠭᠯᠡᠭᠡᠨ ᠤ ᠴᠢᠳᠠᠪᠤᠷᠢ ᠶᠢᠨ ᠰᠢᠯᠭᠠᠯᠲᠠ ᠢ ᠨᠢᠭᠡᠳᠦᠯᠲᠡᠢ ᠱᠠᠭᠠᠷᠳᠠᠬᠤ ᠦᠭᠡᠢ᠃ | ᠬᠥᠲᠥᠯᠥᠭᠴᠢ᠄ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠲᠠᠯ᠎ᠠ ᠪᠠᠷ ᠶᠠᠮᠠᠷ | ᠶᠠᠮᠠᠷ ᠲᠣᠬᠢᠷᠠᠭᠤᠯᠤᠯᠲᠠ ᠲᠠᠢ ᠪᠣᠢ︖ | ᠶᠦᠨ ᠲᠣᠤ᠄ ᠶᠠᠮᠠᠷ ᠰᠠᠶᠢᠨ ᠲᠥᠷᠥ ᠶᠢᠨ ᠪᠣᠳᠣᠯᠭ᠎ᠠ ᠪᠣᠯᠪᠠᠴᠤ ᠨᠠᠶᠢᠳᠠᠪᠤᠷᠢᠵᠢᠭᠤᠯᠪᠠᠯ ᠰᠠᠶ᠋ᠢ ᠲᠡᠭᠦᠨ ᠤ | ᠦᠢᠯᠡᠳᠦᠯ ᠢ ᠪᠠᠳᠠᠷᠠᠭᠤᠯᠵᠤ ᠴᠢᠳᠠᠨ᠎ᠠ᠃ ︽ᠬᠡᠷᠡᠭᠵᠢᠭᠦᠯᠬᠦ ᠰᠠᠨᠠᠯ︾ ᠳᠤ᠄ ᠡᠯ᠎ᠡ ᠱᠠᠲᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ | ᠳᠦᠷᠢᠮ ᠢ ᠪᠦᠷᠢᠨᠰᠢᠭᠦᠯᠬᠦ ᠪᠠ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠳ ᠤᠨ ᠬᠠᠮᠵᠢᠯᠴᠠᠭ᠎ᠠ ᠪᠠ ᠳᠡᠭᠡᠳᠦ | ᠳᠣᠣᠷᠠᠳᠤ ᠱᠠᠲᠤᠨ ᠤ ᠬᠤᠯᠪᠣᠭᠠᠯᠠᠯ ᠢ ᠴᠢᠩᠭᠠᠷᠠᠭᠤᠯᠵᠤ᠂ ᠮᠡᠳᠡᠯᠭᠡ ᠶᠢᠨ ᠥᠷᠲᠡᠭ ᠢ ᠨᠡᠮᠡᠭᠳᠡᠭᠦᠯᠬᠦ ᠪᠠᠷ | ᠤᠳᠤᠷᠢᠳᠤᠮᠵᠢ ᠪᠣᠯᠭᠠᠭᠰᠠᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢᠨ ᠥᠭᠡᠷᠡᠴᠢᠯᠡᠯᠲᠡ ᠶᠢ ᠡᠮᠬᠢ | ᠵᠢᠷᠤᠮ ᠲᠠᠢ ᠬᠡᠷᠡᠭᠵᠢᠭᠦᠯᠬᠦ ᠶᠢ ᠠᠬᠢᠭᠤᠯᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ᠲᠤᠬᠠᠶᠢᠯᠠᠭᠰᠠᠨ ᠠᠵᠢᠯ ᠳᠤ ᠪᠠᠨ ᠰᠠᠭᠤᠷᠢᠯᠠᠨ᠂ ᠰᠠᠨᠠᠭᠠᠴᠢᠯᠠᠭ᠎ᠠ ᠠᠴᠠ ᠪᠠᠨ ᠦᠢᠯᠡᠳᠦᠯ ᠦᠵᠡᠭᠦᠯᠵᠦ᠂ ᠰᠢᠨᠵᠢᠯᠡᠬᠦ | ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠶᠢᠨ ᠬᠢᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠪᠣᠳᠠᠲᠠᠢ ᠠᠵᠢᠯ ᠤᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠡᠯ᠎ᠡ ᠵᠦᠢᠯ ᠤᠨ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠢ᠃ ᠳᠠᠷᠠᠭᠠᠴᠢ ᠶᠢᠨ | ᠠᠯᠬᠤᠮ ᠳᠤ᠂ ᠪᠢᠳᠡ ᠨᠠᠶᠢᠳᠠᠪᠤᠷᠢᠵᠢᠭᠤᠯᠬᠤ ᠠᠵᠢᠯ ᠤᠨ ᠬᠤᠪᠢᠶᠠᠷᠢᠯᠠᠯ ᠤᠨ ᠲᠥᠰᠥᠯ ᠢ ᠲᠣᠭᠲᠠᠭᠠᠵᠤ᠂ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠢᠭᠡᠪᠦᠷᠢ ᠶᠢᠨ ᠲᠦᠷᠦᠭᠦᠯᠡᠬᠦ ᠰᠠᠯᠠᠭ᠎ᠠ ᠮᠥᠴᠢᠷ᠂ ᠬᠠᠮᠵᠢᠯᠴᠠᠬᠤ | ᠰᠠᠯᠠᠭ᠎ᠠ ᠮᠥᠴᠢᠷ ᠢ ᠲᠣᠳᠣᠷᠬᠠᠶᠢᠯᠠᠨ᠂ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠲᠥᠷᠥ ᠶᠢᠨ ᠪᠣᠳᠣᠯᠭ᠎ᠠ ᠶᠢ ᠲᠡᠷᠡ | ᠶᠣᠰᠤᠭᠠᠷ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ | ᠬᠥᠲᠥᠯᠥᠭᠴᠢ᠄ ᠵᠠ ᠰᠠᠶᠢᠨ ᠪᠣᠯᠣᠯ᠎ᠠ᠂ ᠶᠦᠨ ᠲᠢᠩᠬᠢᠮ ᠤᠨ ᠳᠠᠷᠤᠭ᠎ᠠ ᠶᠢᠨ ᠲᠠᠶᠢᠯᠤᠮᠵᠢ ᠬᠢᠭᠰᠡᠨ ᠳᠤ ᠮᠠᠰᠢ | ᠪᠠᠶᠠᠷᠯᠠᠵᠤ ᠪᠠᠶᠢᠨ᠎ᠠ᠂ ᠴᠠᠭ ᠤᠨ ᠬᠠᠷᠠᠭ᠎ᠠ ᠠᠴᠠ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ | ᠥᠨᠳᠥᠷᠯᠡᠬᠦ ᠪᠣᠯᠣᠯ᠎ᠠ᠂ ᠲᠠᠷᠠᠭᠠᠴᠢ ᠶᠢᠨ ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕ |