ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠠᠯ᠎ᠠ ᠪᠠᠷ ᠨᠢᠭᠡᠨᠲᠡ ᠲᠠᠷᠢᠮᠡᠯ᠂ ᠠᠯᠠᠰᠢᠨ ᠬᠤᠨᠢ ᠲᠡᠵᠢᠭᠡᠨ | ᠦᠷᠡᠵᠢᠭᠦᠯᠬᠦ᠂ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠵᠡᠷᠭᠡ ᠠᠵᠤ ᠦᠢᠯᠡᠰ ᠠᠩᠬ᠎ᠠ ᠠᠯᠬᠤᠮ | ᠲᠤᠭᠳᠠᠵᠤ 2018 ᠣᠨ ᠳᠤ ᠬᠡᠷᠡᠭᠵᠢᠭᠦᠯᠬᠦ ᠭᠡᠵᠦ ᠪᠠᠶᠢᠭ᠎ᠠ ᠶᠠᠳᠠᠭᠤ ᠶᠢ ᠲᠡᠳᠬᠦᠬᠦ ᠲᠥᠷᠥᠯ ᠵᠦᠢᠯ 25 ᠪᠠᠶᠢᠨ᠎ᠠ᠃ | ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠲᠠᠯ᠎ᠠ ᠪᠠᠷ ᠪᠦᠬᠦ ᠰᠢᠶᠠᠨ ᠤ 218 ᠺᠠᠷᠲᠯᠠᠨ | ᠲᠠᠩᠰᠠᠯᠠᠭᠤᠯᠤᠭᠰᠠᠨ ᠶᠠᠳᠠᠭᠤ ᠬᠦᠴᠢᠷᠳᠡᠯᠲᠡᠶ ᠰᠤᠷᠤᠭᠴᠢ ᠶᠢ ᠨᠡᠶᠢᠳᠡ 45 ᠲᠦᠮᠡᠨ ᠲᠥᠭᠦᠷᠢᠭ ᠲᠤᠰᠠᠯᠠᠮᠵᠢ | ᠦᠵᠡᠭᠦᠯᠪᠡ᠃ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠲᠠᠯ᠎ᠠ ᠪᠠᠷ ᠺᠠᠷᠲᠯᠠᠨ ᠲᠠᠩᠰᠠᠯᠠᠭᠤᠯᠤᠭᠰᠠᠨ ᠶᠠᠳᠠᠭᠤ | ᠬᠦᠴᠢᠷᠳᠡᠯᠲᠡᠶ ᠬᠥᠮᠦᠨ ᠠᠮᠠ ᠶᠢᠨ ᠡᠮᠨᠡᠯᠭᠡ ᠳᠤ ᠰᠠᠭᠤᠵᠤ ᠡᠮᠨᠡᠭᠦᠯᠬᠦ ᠲᠤᠭ᠎ᠠ 152 ᠬᠥᠮᠦᠨ / ᠤᠳᠠᠭ᠎ᠠ ᠬᠦᠷᠴᠦ᠂ | ᠡᠮᠨᠡᠯᠭᠡ ᠳᠤ ᠰᠠᠭᠤᠭᠰᠠᠨ ᠪᠦᠬᠦ ᠵᠠᠷᠤᠳᠠᠯ 75.1 ᠲᠥᠭᠦᠷᠢᠭ ᠪᠣᠯᠤᠨ᠎ᠠ᠃ ᠨᠤᠷᠠᠬᠤ ᠠᠶᠤᠯᠲᠠᠶ ᠭᠡᠷ ᠪᠠᠶᠢᠰᠢᠩ ᠢ | ᠦᠭᠡᠷᠡᠴᠢᠯᠡᠵᠤ ᠵᠠᠰᠠᠬᠤ ᠲᠠᠯ᠎ᠠ ᠪᠠᠷ ᠪᠦᠬᠦ ᠰᠢᠶᠠᠨ ᠤ ᠨᠤᠷᠠᠬᠤ ᠠᠶᠤᠯᠲᠠᠶ ᠬᠡᠷ ᠪᠠᠶᠢᠰᠢᠩ ᠶᠢ ᠨᠡᠶᠢᠳᠡᠮ ᠪᠠᠶᠢᠴᠠᠭᠠᠬᠤ | ᠪᠠ ᠰᠢᠨ᠎ᠡ ᠪᠠᠷ ᠮᠠᠭᠠᠳᠯᠠᠨ ᠲᠣᠭᠲᠠᠭᠠᠵᠤ᠂ ᠨᠤᠷᠠᠬᠤ ᠠᠶᠤᠯᠲᠠᠶ ᠬᠡᠷ ᠪᠠᠶᠢᠰᠢᠩ ᠢ ᠦᠭᠡᠷᠡᠴᠢᠯᠡᠬᠦ᠂ ᠵᠣᠯ ᠵᠢᠷᠭᠠᠯᠳᠤ | ᠬᠦᠷᠢᠶᠡᠯᠡᠩ ᠳᠤ ᠰᠠᠭᠤᠷᠢᠰᠢᠬᠤ᠂ ᠬᠡᠷ ᠪᠠᠶᠢᠰᠢᠩ ᠲᠦᠷᠢᠶᠡᠰᠦᠯᠡᠬᠦ ᠨᠥᠬᠦᠪᠥᠷᠢ ᠣᠯᠭᠤᠬᠤ ᠵᠡᠷᠭᠡ ᠣᠯᠠᠨ ᠵᠦᠢᠯ ᠤᠨ | ᠠᠷᠭ᠎ᠠ ᠵᠠᠮ ᠢᠶᠠᠷ ᠳᠠᠮᠵᠢᠭᠤᠯᠤᠨ ᠦᠷᠭᠡᠨ ᠤᠯᠠᠨ ᠠᠷᠠᠳ ᠲᠦᠮᠡᠨ ᠤ ᠤᠷᠤᠨ ᠰᠠᠭᠤᠴᠠ ᠶᠢᠨ ᠬᠦᠴᠢᠷᠳᠡᠯ ᠢ | ᠰᠢᠢᠳᠪᠦᠷᠢᠯᠡᠵᠤ ᠦᠭᠴᠡᠢ᠃ ᠠᠷᠠᠳ ᠤᠨ ᠶᠠᠪᠤᠳᠠᠯ ᠤᠨ ᠪᠠᠲᠤᠯᠠᠭ᠎ᠠ ᠶᠢᠨ ᠲᠠᠯ᠎ᠠ ᠪᠠᠷ ᠨᠢᠭᠡᠨᠲᠡ 240 ᠺᠠᠷᠲᠯᠠᠨ | ᠲᠠᠩᠰᠠᠯᠠᠭᠤᠯᠤᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ 508 ᠬᠦᠮᠦᠨ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠬᠠᠷᠠᠭᠠᠯᠵᠠᠯ ᠡᠳ᠋ᠯᠡᠵᠦ ᠪᠠᠶᠢᠨ᠎ᠠ᠃ | ᠡᠭᠦᠨ ᠠᠴᠠ ᠭᠠᠳᠠᠨ᠎ᠠ᠂ ᠪᠡᠯᠡ ᠮᠥᠩᠭᠦ ᠲᠡᠮᠡᠴᠡᠨ ᠤᠯᠬᠤ ᠪᠠ ᠡᠮᠬᠢᠯᠡᠨ ᠨᠡᠶᠢᠯᠡᠭᠦᠯᠬᠦ ᠡᠷᠴᠢᠮ ᠢᠶᠠᠨ | ᠴᠢᠩᠭᠠᠷᠠᠭᠤᠯᠵᠤ᠂ ᠤᠳᠤ ᠨᠢᠭᠡᠨᠲᠡ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠬᠤᠶᠠᠷ ᠱᠠᠲᠤᠨ ᠤ ᠶᠠᠳᠠᠭᠤ ᠶᠢ | ᠲᠡᠳᠬᠦᠬᠦ ᠪᠡᠯᠡ ᠮᠥᠩᠭᠦ ᠶᠢ 2298.02 ᠲᠦᠮᠡᠨ ᠲᠥᠭᠦᠷᠢᠭ ᠲᠡᠮᠡᠴᠡᠨ ᠤᠯᠵᠤ᠂ ᠡᠮᠬᠢᠯᠡᠨ ᠨᠡᠶᠢᠯᠡᠭᠦᠯᠬᠦ ᠪᠡᠯᠡ | ᠮᠦᠩᠭᠦ 5347.12 ᠲᠦᠮᠡᠨ ᠲᠥᠭᠦᠷᠢᠭ ᠲᠤ ᠬᠦᠷᠴᠡᠢ᠃ ᠠᠵᠢᠯ ᠤᠨ ᠪᠦᠲᠦᠮᠵᠢ ᠶᠢᠨ ᠬᠠᠮᠢᠶᠠᠷᠤᠯᠲᠠ ᠶᠢᠨ | ᠡᠷᠴᠢᠮ ᠢᠶᠠᠨ ᠴᠢᠩᠭᠠᠷᠠᠭᠤᠯᠵᠤ ︽ᠪᠦᠬᠦ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠠᠵᠢᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠲᠥᠰᠦᠯ︾ ᠵᠡᠷᠭᠡ ᠲᠦᠷᠢᠮ ᠲᠤᠭᠳᠠᠭᠠᠯ | ᠲᠤᠭᠳᠠᠭᠠᠵᠤ᠂ ᠲᠤᠰᠬᠤᠨ ᠪᠤᠯᠭᠠᠨ ᠡᠷᠤᠬᠡ ᠪᠦᠷᠢ ᠬᠦᠮᠦᠨ ᠪᠦᠬᠦᠨᠢ ᠭᠡᠭᠡᠭᠳᠡᠭᠦᠯᠦᠯ ᠦᠭᠡᠢ ᠶᠠᠳᠠᠭᠤ ᠶᠢ ᠲᠡᠳᠭᠦᠬᠦ | ᠠᠵᠢᠯ ᠶᠢ ᠤᠷᠤᠭᠰᠢᠳᠠᠢ ᠪᠦᠳᠦᠮᠵᠢᠳᠡᠢ ᠶᠠᠪᠤᠭᠳᠠᠬᠤ ᠶᠢ ᠦᠨᠡᠨᠬᠦ ᠪᠠᠳᠤᠯᠠᠵᠤ ᠴᠢᠳᠠᠵᠠᠢ ᠃ |