ᠦᠱᠸᠡᠨ ᠪᠠᠯᠭᠠᠰᠤ ︽ᠠᠷᠢᠭᠤᠨ ᠴᠢᠭᠡᠴᠢ ᠺᠠᠳᠠᠷ︾ ᠦᠨᠡᠯᠡᠨ ᠲᠣᠭᠲᠠᠭᠠᠬᠤ ᠠᠵᠢᠯ ᠤᠨ ᠲᠠᠶᠢᠴᠢᠯᠠᠯᠳᠡ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2018-09-28
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠠ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠬᠢᠨᠠᠮᠠᠭᠠᠶ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠥᠪ ᠲᠠᠯ᠎ᠠ ᠠᠴᠠ ᠤᠬᠠᠭᠤᠯᠭ᠎ᠠ ᠬᠢᠵᠦ ᠬᠥᠲᠥᠯᠥᠨ ᠵᠢᠯᠣᠭᠤᠳᠬᠤ᠂ ᠵᠥᠪ ᠲᠠᠯ᠎ᠠ ᠠᠴᠠ ᠺᠠᠳ᠋ᠷ ᠤᠨ ᠡᠩᠨᠡᠭᠡᠨ ᠤ ᠪᠠᠶᠢᠭᠤᠯᠤᠯᠲᠠ᠂ ᠺᠠᠳ᠋ᠷᠴᠤᠳ ᠤᠨ ᠳᠣᠰ ᠪᠡᠶ᠎ᠡ ᠶᠢᠨ ᠪᠠᠶᠢᠭᠤᠯᠤᠯᠲᠠ ᠶᠢ ᠪᠦᠲᠦᠮᠵᠢᠲᠡᠶ ᠠᠬᠢᠭᠤᠯᠵᠤ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠤᠬᠠᠮᠰᠠᠷ ᠢ ᠲᠡᠭᠡᠭᠰᠢᠯᠡᠭᠦᠯᠬᠦ ᠶᠢᠨ ᠲᠦᠯᠦᠭᠡ᠂ 8 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠦᠱᠸᠡᠨ ᠪᠠᠯᠭᠠᠰᠤ ︽ᠠᠷᠢᠭᠤᠨ ᠴᠢᠭᠡᠴᠢ ᠺᠠᠳᠠᠷ︾ ᠦᠨᠡᠯᠡᠨ ᠲᠣᠭᠲᠠᠭᠠᠬᠤ ᠠᠵᠢᠯ ᠤᠨ ᠲᠠᠶᠢᠴᠢᠯᠠᠯᠳᠡ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠨᠠᠮ ᠤᠨ ᠡᠭᠦᠷ ᠤᠨ ᠱᠦᠵᠢ᠂ ᠪᠠᠯᠭᠠᠰᠤᠨ ᠤ ᠬᠠᠷᠢᠶᠠᠳᠤ ᠰᠠᠯᠪᠤᠷᠢ ᠥᠷᠲᠡᠭᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠢ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠸᠠᠩ ᠷᠦᠢ ᠡᠷᠬᠢᠯᠡᠪᠡ᠃ ᠬᠤᠷᠠᠯ ᠳᠡᠭᠡᠷ᠎ᠡ᠂ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠸᠠᠩ ᠷᠦᠢ ︽2017 ᠤᠨ ᠤ ᠦᠱᠸᠡᠨ ᠪᠠᠯᠭᠠᠰᠤ ᠶᠢᠨ ︽ᠠᠷᠢᠭᠤᠨ ᠴᠢᠭᠡᠴᠢ ᠺᠠᠳᠠᠷ︾ ᠦᠨᠡᠯᠡᠨ ᠲᠣᠭᠲᠠᠭᠠᠬᠤ ᠬᠡᠷᠡᠭᠵᠢᠭᠦᠯᠬᠦ ᠲᠥᠰᠦᠯ︾ ᠢ ᠤᠯᠠᠮᠵᠢᠯᠠᠵᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠬᠤ᠋ ᠰᠢᠶᠦ᠋ᠨ ᠳᠠᠶᠢᠴᠢᠯᠠᠯᠲᠠ ᠶᠢᠨ ᠶᠠᠷᠢᠶ᠎ᠠ ᠲᠠᠯᠪᠢᠵᠤ᠂ ︽ᠠᠷᠢᠭᠤᠨ ᠴᠢᠭᠡᠴᠢ ᠺᠠᠳᠠᠷ︾ ᠦᠨᠡᠯᠡᠨ ᠲᠣᠭᠲᠠᠭᠠᠬᠤ ᠠᠵᠢᠯ ᠳᠤ ᠪᠣᠳᠠᠲᠠᠢ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ ᠬᠤᠷᠠᠯ ᠠᠴᠠ ︽ᠠᠷᠢᠭᠤᠨ ᠴᠢᠭᠡᠴᠢ ᠺᠠᠳᠠᠷ︾ ᠦᠨᠡᠯᠡᠨ ᠲᠣᠭᠲᠠᠭᠠᠬᠤ ᠠᠵᠢᠯ ᠤᠨ ᠲᠤᠬᠠᠶ ᠭᠤᠷᠪᠠᠨ ᠱᠠᠭᠠᠷᠳᠠᠯᠭ᠎ᠠ  ᠲᠤᠷᠠᠳᠪᠠ᠄      ᠨᠢᠭᠡ ᠳᠤ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠦᠨ᠂ ︽ᠠᠷᠢᠭᠤᠨ ᠴᠢᠭᠡᠴᠢ ᠺᠠᠳᠠᠷ︾ ᠦᠨᠡᠯᠡᠨ ᠲᠣᠭᠲᠠᠭᠠᠬᠤ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ  ᠭᠦᠢᠴᠡᠳ ᠲᠠᠨᠢᠬᠤ ᠬᠡᠷᠡᠭᠲᠡᠶ᠃       ᠬᠤᠶᠠᠷ ᠲᠤ᠂ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠤ᠂ ᠡᠷᠬᠡ ᠲᠡᠭᠰᠢ ᠲᠥᠪ ᠭᠤᠣᠯᠴᠢ ᠪᠠᠷ ᠦᠨᠡᠯᠡᠨ ᠲᠣᠭᠲᠠᠭᠠᠬᠤ ᠠᠵᠢᠯ ᠤᠨ ᠨᠢᠭᠲᠠ ᠴᠢᠩᠭ᠎ᠠ ᠡᠮᠬᠢ ᠵᠢᠷᠤᠮ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃      ᠭᠤᠷᠪᠠ ᠳᠤ ᠪᠠᠶᠢᠳᠠᠯ ᠢ ᠲᠣᠳᠣᠷᠬᠠᠶ ᠲᠠᠨᠢᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢ ᠴᠢᠩᠭᠠᠳᠬᠠᠵᠤ᠂ ᠪᠥᠬᠦ ᠪᠠᠯᠭᠠᠰᠤᠨ ᠤ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠶ ᠦᠷᠨᠢᠭᠦᠯᠬᠦ ᠶᠢ ᠠᠬᠢᠭᠤᠯᠬᠤ ᠬᠡᠷᠡᠭᠳᠡᠢ ᠭᠡᠵᠤ ᠱᠠᠭᠠᠷᠳᠠᠪᠠ᠃        ᠬᠤᠷᠠᠯ ᠠᠴᠠ᠂ ᠡᠯ᠎ᠡ ᠨᠠᠮ ᠤᠨ ᠡᠭᠦᠷ᠂ ᠪᠠᠯᠭᠠᠰᠤᠨ ᠤ ᠬᠠᠷᠢᠶᠠᠳᠤ ᠡᠯ᠎ᠡ ᠥᠷᠲᠡᠭᠡ ᠰᠠᠯᠪᠤᠷᠢ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠢ ᠨᠢ ᠭᠦᠨᠵᠡᠭᠡᠢ ᠰᠤᠷᠤᠯᠴᠠᠨ ᠣᠶᠢᠯᠠᠭᠠᠵᠤ ᠡᠵᠡᠮᠰᠢᠨ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠪᠠᠯᠭᠠᠰᠤᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠢᠭᠡᠳᠦᠯᠲᠡᠢ ᠪᠠᠶᠢᠬᠤ ᠶᠢ ᠤᠬᠠᠮᠰᠠᠷ ᠠᠴᠠ ᠪᠠᠨ ᠪᠠᠷᠢᠮᠲᠠᠯᠠᠵᠤ᠂ ︽ᠠᠷᠢᠭᠤᠨ ᠴᠢᠭᠡᠴᠢ ᠺᠠᠳᠠᠷ︾ ᠦᠨᠡᠯᠡᠨ ᠲᠣᠭᠲᠠᠭᠠᠬᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠪᠦᠬᠦ ᠪᠠᠯᠭᠠᠰᠤᠨ ᠳᠤ ᠰᠠᠶᠢᠨ ᠰᠠᠶᠢᠬᠠᠨ ᠤᠯᠤᠰ ᠲᠦᠷᠦ ᠶᠢᠨ ᠠᠮᠢᠳᠤᠷᠠᠯ ᠤᠨ ᠪᠠᠶᠢᠳᠠᠯ ᠢ ᠪᠤᠢ ᠪᠤᠯᠭᠠᠬᠤ ᠬᠡᠷᠡᠭᠲᠡᠢ ᠭᠡᠵᠤ ᠱᠠᠭᠠᠷᠳᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1