ᠲᠣᠭᠲᠠᠬᠤ ᠰᠢᠶᠠᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠲᠣᠪᠴᠢᠶ᠎ᠠ ᠡᠷᠡᠭᠦᠯ ᠮᠡᠨᠳᠦ ᠶᠢᠨ ᠮᠡᠳᠡᠯᠭᠡ ᠬᠥᠳᠡᠭᠡ ᠲᠣᠰᠬᠤᠨ ᠳᠤ ᠬᠦᠷᠭᠡᠬᠦ ᠤᠬᠠᠭᠤᠯᠭ᠎ᠠ ᠶᠢᠨ ᠠᠵᠢᠯᠯᠠᠭ᠎ᠠ ᠵᠣᠬᠢᠶᠠᠨ ᠪᠠᠶᠢᠭᠤᠯᠪᠠ
ᠨᠡᠶᠢᠲᠡᠯᠡᠭᠰᠡᠨ ᠴᠠᠭ᠄
2018-09-28
     9 ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ᠂ ᠠᠩᠬᠠᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠲᠠᠷᠢᠶᠠᠴᠢᠨ ᠤ ᠡᠯᠪᠡᠭ ᠬᠤᠷᠢᠶᠠᠯᠲᠠ ᠶᠢᠨ ᠪᠠᠶᠠᠷ︾ ᠵᠢᠴᠢ ᠲᠣᠭᠲᠠᠬᠤ ᠰᠢᠶᠠᠨ ᠤ ᠬᠥᠳᠡᠭᠡ ᠲᠣᠰᠬᠤᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠣᠯᠭᠤᠬᠤ ᠠᠬᠤᠢ ᠲᠠᠯᠠᠪᠠᠢ ᠶᠢᠨ ᠬᠤᠷᠠᠯ ᠬᠤᠤ ᠵᠢᠶᠠ ᠶᠣᠣ ᠲᠣᠰᠬᠤᠨ ᠤ ᠰᠣᠶᠣᠯ ᠤᠨ ᠲᠠᠯᠠᠪᠠᠶ ᠳᠤ ᠦᠪᠡᠳᠡᠭᠰᠢ ᠶᠡᠭᠡ ᠪᠠᠷ ᠬᠤᠷᠠᠯᠳᠤᠪᠠ᠃ ᠰᠢᠶᠠᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠲᠤᠪᠴᠢᠶ᠎ᠠ ᠡᠭᠦᠨ ᠢᠶᠠᠷ ᠠᠵᠠ ᠲᠣᠬᠢᠶᠠᠯ ᠪᠣᠯᠭᠠᠵᠤ᠂ ︽ᠥᠪᠡᠷᠲᠡᠭᠡᠨ ᠵᠠᠰᠠᠬᠤ ᠣᠷᠣᠨ ᠤ ᠡᠷᠡᠭᠦᠯ ᠡᠩᠬᠡ ᠪᠠᠷ ᠰᠢᠶᠠᠨ ᠢ ᠠᠬᠢᠭᠤᠯᠬᠤ ᠵᠢᠴᠢ ᠤᠳᠠᠭᠠᠨ ᠴᠢᠨᠠᠷᠳᠠᠢ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶᠡᠴᠢ ᠣᠷᠣᠨ ᠶᠢ ᠡᠭᠦᠳᠦᠨ ᠪᠠᠶᠢᠭᠤᠯᠬᠤ︾ ᠤᠬᠠᠭᠤᠯᠭ᠎ᠠ ᠶᠢᠨ ᠠᠵᠢᠯᠯᠠᠭ᠎ᠠ ᠵᠣᠬᠢᠶᠠᠨ ᠪᠠᠶᠢᠭᠤᠯᠤᠨ ᠦᠷᠨᠢᠭᠦᠯᠵᠦ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠤᠬᠠᠭᠤᠯᠭ᠎ᠠ ᠬᠥᠮᠦᠵᠢᠯ᠂ ᠤᠷᠢᠶᠠᠯᠠᠭ᠎ᠠ ᠪᠠᠷ ᠲᠠᠮᠵᠢᠨ ᠪᠦᠬᠦ ᠠᠷᠠᠳ ᠤᠨ ᠡᠷᠡᠭᠦᠯ ᠮᠡᠨᠳᠤ ᠶᠢᠨ ᠦᠵᠡᠯ ᠤᠬᠠᠮᠰᠠᠷ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠶᠢ ᠲᠦᠭᠡᠮᠡᠯᠵᠢᠭᠦᠯᠵᠦ ᠴᠢᠳᠠᠪᠤᠷᠢ ᠲᠠᠢ ᠲᠡᠭᠡᠭᠰᠢᠯᠡᠭᠦᠯᠪᠡ᠃        ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠷᠠᠨ ᠰᠠᠶᠢᠬᠠᠨ ᠤ ᠲᠣᠭᠯᠠᠯᠲᠠ ᠥᠷᠨᠢᠭᠦᠯᠬᠦ᠂ ᠳᠡᠭᠡᠰᠦ ᠲᠠᠲᠠᠬᠤ᠂ ᠤᠷᠠᠨ ᠪᠢᠴᠢᠯᠭᠡ ᠤᠷᠠᠨ ᠵᠢᠷᠤᠭ ᠭᠡᠷᠡᠯ ᠵᠢᠷᠤᠭ ᠴᠠᠭᠠᠰᠤᠨ ᠬᠠᠶᠢᠴᠢᠯᠠᠮᠠᠯ ᠤᠨ ᠦᠵᠡᠭᠦᠯᠦᠯᠭᠡ ᠭᠠᠷᠭᠠᠬᠤ ᠵᠡᠷᠭᠡ ᠡᠯᠪᠡᠭ ᠪᠠᠶᠠᠯᠢᠭ ᠠᠭᠤᠯᠭ᠎ᠠ ᠲᠠᠢ ᠠᠵᠢᠯᠯᠠᠭ᠎ᠠ ᠨᠤᠭᠤᠳ ᠢ ᠶᠠᠪᠤᠭᠳᠠᠭᠤᠯᠵᠠᠢ᠃ ᠰᠢᠶᠠᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠲᠣᠪᠴᠢᠶᠠᠨ ᠤ ᠵᠣᠬᠢᠶᠠᠨ ᠪᠠᠶᠢᠭᠤᠯᠤᠭᠰᠠᠨ ᠰᠢᠶᠠᠨ ᠤ ᠡᠷᠡᠭᠦᠯ ᠴᠢᠬᠢᠷᠠᠭ ᠤᠨ ᠬᠦᠮᠦᠵᠢᠯ ᠤᠨ ᠭᠠᠵᠠᠷ᠂ ᠵᠦᠩ ᠲᠠᠨ ᠡᠷᠡᠭᠦᠯ ᠬᠠᠮᠠᠭᠠᠯᠠᠯ ᠤᠨ ᠬᠤᠷᠢᠶ᠎ᠠ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠰᠢᠶᠠᠨ ᠤ ᠡᠪᠡᠳᠴᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠥᠪ ᠵᠡᠷᠭᠡ ᠪᠠᠶᠢᠭᠤᠯᠭ᠎ᠠ ᠨᠢᠭᠡᠴᠡ ᠶᠢᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠠᠰᠠᠭᠤᠨ ᠯᠠᠪᠯᠠᠬᠤ ᠭᠠᠵᠠᠷ᠂ ᠠᠯᠪᠠᠨ ᠵᠢᠷᠤᠮ ᠤᠨ ᠡᠮᠴᠢᠯᠡᠭᠡ ᠬᠢᠬᠦ  ᠵᠡᠷᠭᠡ ᠠᠷᠭ᠎ᠠ ᠬᠡᠯᠪᠡᠷᠢ ᠪᠠᠷ ᠤᠬᠠᠭᠤᠯᠭ᠎ᠠ ᠬᠢᠬᠦ  ᠪᠠᠷ ᠳᠠᠮᠵᠢᠭᠤᠯᠤᠨ ᠤᠯᠤᠰ ᠤᠨ ᠦᠨᠳᠦᠰᠦᠨ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠢᠯ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ᠂ ᠤᠳᠠᠭᠠᠨ ᠴᠢᠨᠠᠷᠲᠠᠶ ᠡᠪᠡᠳᠴᠢᠨ ᠢ ᠰᠡᠷᠭᠡᠶᠢᠯᠡᠨ ᠡᠵᠡᠮᠳᠡᠬᠦ ᠵᠡᠷᠭᠡ ᠮᠡᠳᠡᠯᠭᠡ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠶᠢ ᠢᠳᠡᠪᠬᠢᠲᠡᠶ ᠰᠠᠨᠠᠭᠠᠴᠢᠯᠠᠵᠤ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠡᠷᠡᠭᠦᠯ ᠮᠡᠨᠳᠤ ᠶᠢᠨ ᠦᠵᠡᠯ ᠤᠬᠠᠮᠰᠠᠷ ᠬᠥᠮᠦᠰ ᠤᠨ ᠰᠡᠳᠬᠢᠯ ᠳᠤ ᠭᠦᠨ ᠰᠠᠭᠤᠭᠳᠠᠭᠰᠠᠨ ᠠᠴᠠ ᠦᠨᠡᠨ ᠬᠦ ᠠᠷᠠᠳ ᠲᠦᠮᠡᠨ ᠳᠤ ᠠᠰᠢᠭ ᠲᠤᠰᠠ ᠬᠦᠷᠲᠡᠭᠡᠬᠦ ᠠᠵᠢᠯᠯᠠᠭ᠎ᠠ ᠪᠤᠯᠵᠡᠢ᠃        ᠠᠵᠢᠯᠯᠠᠭᠠᠨ ᠤ ᠶᠠᠪᠤᠴᠠ ᠳᠤ᠂ ᠡᠮᠨᠡᠯᠭᠡ ᠶᠢᠨ ᠠᠵᠢᠯᠲᠠᠨ ᠤᠯᠠᠨ ᠲᠦᠮᠡᠨ ᠤ ᠠᠰᠠᠭᠤᠵᠤ ᠯᠠᠪᠯᠠᠭᠰᠠᠨ ᠠᠰᠠᠭᠤᠯᠳᠠ ᠳᠤ ᠨᠠᠷᠢᠨ ᠲᠣᠳᠣᠷᠬᠠᠶ ᠬᠠᠷᠢᠭᠤᠯᠲᠠ ᠦᠭᠴᠦ᠂ 100 ᠭᠠᠷᠤᠶ ᠬᠥᠮᠦᠨ ᠳᠤ ᠰᠦᠢᠳᠬᠡᠯ ᠬᠤᠷᠢᠶᠠᠬᠤ ᠦᠭᠡᠢ ᠪᠠᠷ ᠴᠢᠰᠤᠨ ᠳᠠᠷᠤᠯᠲᠠ ᠬᠡᠮᠵᠢᠬᠦ᠂ ᠵᠠᠷᠢᠮ ᠤᠳᠠᠭᠠᠨ ᠴᠢᠨᠠᠷᠲᠠᠶ ᠡᠪᠡᠳᠴᠢᠨ ᠤ ᠰᠢᠨᠵᠢ ᠲᠡᠮᠳᠡᠭ  ᠪᠠᠶᠢᠭ᠎ᠠ ᠤᠯᠠᠨ ᠲᠦᠮᠡᠨ ᠳᠤ ᠬᠠᠨᠳᠤᠯᠭᠠᠲᠤ ᠴᠢᠨᠠᠷᠲᠠᠶ ᠡᠷᠡᠭᠦᠯ ᠮᠡᠨᠳᠦ ᠶᠢᠨ ᠬᠥᠮᠦᠵᠢᠯ ᠤᠨ ᠵᠢᠯᠤᠭᠤᠳᠤᠯᠭ᠎ᠠ ᠬᠢᠬᠦ ᠶᠢᠨ ᠬᠠᠮᠲᠤ 66 ᠵᠦᠢᠯ ‍ᠤᠨ‌ᠡᠷᠡᠭᠦᠯ ᠮᠡᠨᠳᠦ ᠶᠢᠨ ᠲᠤᠬᠠᠢ ᠤᠩᠰᠢᠬᠤ ᠪᠢᠴᠢᠭ᠂ ᠰᠢᠨᠵᠢᠯᠡᠬᠦ ᠤᠬᠠᠭᠠᠨᠴᠢ ᠪᠠᠷ ᠳᠠᠪᠤᠰᠤ ᠡᠵᠡᠮᠳᠡᠵᠦ᠂  ᠲᠠᠮᠠᠬᠢ ᠬᠢᠵᠠᠭᠠᠷᠯᠠᠬᠤ ᠲᠤᠬᠠᠶ ᠮᠡᠳᠡᠯᠭᠡ ᠶᠢᠨ ᠤᠬᠠᠭᠤᠯᠭ᠎ᠠ‌‍ᠶᠢᠨ ᠬᠠᠭᠤᠳᠠᠰᠦ ᠨᠡᠶᠢᠲᠡ 600 ᠬᠤᠪᠢ᠂ 2018 ᠣᠨ ᠰᠠᠷ᠎ᠠ ᠡᠳᠦᠷ ᠤᠨ ᠦᠵᠡᠯᠭᠡ 200 ᠬᠤᠪᠢ᠂ ᠡᠷᠡᠭᠦᠯ ᠮᠡᠨᠳᠦ ᠶᠢᠨ ᠤᠬᠠᠭᠤᠯᠭ᠎ᠠ ᠶᠢᠨ ᠵᠢᠷᠤᠭ 50 ᠬᠤᠪᠢ᠂  ᠳᠤᠮᠳᠠᠳᠤ ᠤᠯᠤᠰ ᠤᠨ ᠡᠷᠡᠭᠦᠯ ᠮᠡᠨᠳᠦ ᠶᠢᠨ ᠠᠶᠠᠯᠠᠯ ᠤᠬᠠᠭᠤᠯᠬᠤ ᠳᠡᠪᠲᠡᠷ 1200 ᠬᠤᠪᠢ ᠵᠢᠴᠢ ᠡᠮ ᠤᠨ ᠬᠠᠶᠢᠷᠴᠠᠭ 50 ᠬᠤᠪᠢ ᠲᠠᠷᠬᠠᠭᠠᠭᠰᠠᠨ ᠪᠠᠶᠢᠨ᠎ᠠ᠃      ᠡᠨᠡ ᠤᠳᠠᠭᠠᠨ ᠤ ᠠᠵᠢᠯᠯᠠᠭ᠎ᠠ ᠠᠮᠵᠢᠯᠲᠠ ᠲᠠᠢ ᠲᠡᠭᠦᠰᠴᠦ᠂ ᠦᠷᠭᠡᠨ ᠤᠯᠠᠨ ᠠᠷᠠᠳ ᠲᠦᠮᠡᠨ ᠤ  ᠰᠠᠶᠢᠨ ᠦᠨᠡᠯᠡᠯᠲᠡ ᠶᠢ ᠤᠯᠵᠤ᠂ ᠤᠯᠠᠨ ᠲᠦᠮᠡᠨ ᠤ ᠡᠷᠡᠭᠦᠯ ᠮᠡᠨᠳᠦ ᠶᠢᠨ ᠲᠠᠨᠢᠯᠲᠠ ᠶᠢ ᠤᠯᠠᠮ ᠨᠢᠭᠡ ᠠᠯᠬᠤᠮ  ᠲᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1