ᠲᠤᠭᠳᠠᠬᠤ ᠰᠢᠶᠠᠨ ᠤ ᠤᠳᠠᠭᠠᠨ ᠴᠢᠨᠠᠷᠲᠠᠶ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯᠳᠠᠨ ᠠᠵᠢᠯᠴᠢᠨ ᠤ | ᠲᠤᠬᠠᠶᠢᠯᠠᠭᠰᠠᠨ ᠠᠵᠢᠯ ᠤᠨ ᠮᠡᠷᠭᠡᠵᠢᠯ ᠤᠨ ᠴᠢᠳᠠᠪᠤᠷᠢ ᠶᠢᠨ ᠬᠢᠷᠢ ᠬᠡᠮᠵᠢᠶ᠎ᠡ ᠪᠠ ᠤᠳᠠᠭᠠᠨ ᠴᠢᠨᠠᠷᠲᠠᠶ ᠡᠪᠡᠳᠴᠢᠨ ᠢ | ᠬᠢᠨᠠᠨ ᠬᠡᠮᠵᠢᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠤᠳᠠᠭᠠᠨ ᠴᠢᠨᠠᠷᠳᠠᠢ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶᠡᠴᠢ ᠣᠷᠣᠨ ᠤ | ᠪᠦᠲᠦᠭᠡᠨ ᠪᠠᠶᠢᠭᠤᠯᠬᠤ︾ ᠠᠵᠢᠯ ᠢ ᠲᠦᠷᠭᠡᠳᠬᠡᠨ ᠠᠬᠢᠭᠤᠯᠵᠤ᠂ ᠡᠷᠡᠭᠦᠯ ᠬᠠᠮᠠᠭᠠᠯᠠᠯ ᠲᠥᠯᠥᠪᠯᠡᠭᠡᠲᠦ | ᠦᠷᠡᠵᠢᠯ ᠤᠨ ᠰᠢᠰᠲ᠋ᠧᠮ ᠤᠨ ᠤᠳᠠᠭᠠᠨ ᠴᠢᠨᠠᠷᠳᠠᠢ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠠᠵᠢᠯ ᠤᠨ | ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠪᠠᠶᠢᠷᠢᠰᠢᠭᠤᠯᠬᠤ ᠶᠢᠨ ᠲᠤᠰᠠᠳᠠ᠂ 9 ᠰᠠᠷ᠎ᠠ ᠶᠢᠨ 26 ᠤ ᠡᠳᠦᠷ ᠤᠨ | ᠦᠳᠡ ᠶᠢᠨ ᠡᠮᠦᠨ᠎ᠡ᠂ ᠰᠢᠶᠠᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠲᠤᠪᠴᠢᠶ᠎ᠠ ︽2018 | ᠣᠨ ᠤ ᠤᠳᠠᠭᠠᠨ ᠴᠢᠨᠠᠷᠳᠠᠢ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠠᠵᠢᠯ ᠤᠨ ᠪᠣᠯᠪᠠᠰᠤᠷᠠᠯ ᠤᠨ | ᠠᠩᠭᠢ︾ ᠡᠷᠬᠢᠯᠡᠵᠤ᠂ ᠡᠯ᠎ᠡ ᠬᠠᠮᠢᠶ᠎ᠠ ᠪᠥᠬᠦᠶ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠪᠠᠶᠢᠭᠤᠯᠤᠮᠵᠢ ᠶᠢᠨ | ᠬᠠᠷᠢᠭᠤᠴᠠᠯᠭᠠᠲᠠᠨ ᠵᠢᠴᠢ ᠤᠳᠠᠭᠠᠨ ᠴᠢᠨᠠᠷᠲᠠᠶ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯᠲᠠᠨ ᠨᠡᠶᠢᠲᠡ 30 | ᠭᠠᠷᠤᠶ ᠬᠥᠮᠦᠨ ᠪᠣᠯᠪᠠᠰᠤᠷᠠᠯ ᠤᠨ ᠠᠩᠭᠢ ᠳᠤ ᠣᠷᠣᠯᠴᠠᠭᠰᠠᠨ ᠪᠠᠶᠢᠨ᠎ᠠ᠃ | ᠰᠢᠶᠠᠨ ᠤ ᠡᠪᠡᠳᠴᠢᠨ ᠬᠢᠵᠢᠭ ᠰᠡᠷᠭᠡᠶᠢᠯᠡᠨ ᠡᠵᠡᠮᠳᠡᠬᠦ ᠲᠥᠪ ᠤᠨ ᠳᠡᠳ᠋ ᠡᠷᠬᠢᠯᠡᠭᠴᠢ ᠱᠠᠩ ᠾᠧ ᠫᠢᠩ | ᠪᠣᠯᠪᠠᠰᠤᠷᠠᠯ ᠤᠨ ᠠᠩᠭᠢ ᠡᠬᠢᠯᠡᠬᠦ ᠶᠠᠷᠢᠶ᠎ᠠ ᠲᠠᠯᠪᠢᠵᠤ ᠂ ᠳᠡᠭᠡᠳᠦ ᠱᠠᠲᠤᠨ ᠤ ᠤᠳᠠᠭᠠᠨ ᠴᠢᠨᠠᠷᠳᠠᠢ ᠡᠪᠡᠳᠴᠢᠨ ᠢ | ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶᠡᠴᠢ ᠣᠷᠣᠨ ᠢ ᠡᠭᠦᠳᠦᠨ ᠪᠠᠶᠢᠭᠤᠯᠬᠤ ᠠᠵᠢᠯ ᠤᠨ ᠵᠣᠷᠢᠭ ᠰᠠᠨᠠᠭ᠎ᠠ ᠶᠢ | ᠤᠯᠠᠮᠵᠢᠯᠠᠵᠤ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠰᠢᠰᠲ᠋ᠧᠮ ᠤᠨ ᠡᠭᠦᠷᠭᠡᠯᠡᠪᠡᠰᠦ ᠵᠤᠬᠢᠬᠤ | ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠵᠠᠢ᠃ ᠱᠠᠩ ᠾᠧ ᠫᠢᠩ ᠡᠷᠬᠢᠯᠡᠭᠴᠢ᠄ ᠡᠯ᠎ᠡ ᠪᠠᠶᠢᠭᠤᠯᠭ᠎ᠠ | ᠨᠢᠭᠡᠴᠡ ᠶᠢᠨ ᠬᠢᠨ ᠲᠠᠨᠢᠯᠲᠠ ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠵᠤ᠂ ᠤᠳᠠᠭᠠᠨ ᠴᠢᠨᠠᠷᠳᠠᠢ ᠡᠪᠡᠳᠴᠢᠨ ᠤ ᠡᠳᠦᠷ ᠳᠤᠳᠤᠮ ᠬᠢᠨᠠᠵᠤ ᠲᠤᠭᠳᠠᠭᠠᠬᠤ ᠠᠵᠢᠯ ᠪᠠ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠳᠠᠭᠠᠨ ᠴᠢᠨᠠᠷᠳᠠᠢ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ | ᠡᠵᠡᠮᠳᠡᠬᠦ ᠵᠢᠱᠢᠶᠡᠴᠢ ᠣᠷᠣᠨ︾ ᠡᠭᠦᠳᠦᠨ ᠪᠠᠶᠢᠭᠤᠯᠤᠨ ᠥᠪᠡᠷᠲᠡᠭᠡᠨ ᠵᠠᠰᠠᠬᠤ ᠣᠷᠣᠨ ᠤ ᠤᠳᠠᠭᠠᠨ ᠴᠢᠨᠠᠷᠳᠠᠢ | ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠠᠵᠢᠯ ᠲᠠᠢ ᠤᠶᠠᠯᠳᠤᠭᠤᠯᠵᠤ᠂ ᠡᠷᠡᠭᠦᠯ ᠮᠡᠨᠳᠦ ᠨᠢᠭᠡᠴᠡ᠂ | ᠡᠷᠡᠭᠦᠯ ᠴᠢᠭᠢᠷᠠᠭ ᠡᠮᠨᠡᠯᠭᠡ ᠶᠢᠨ ᠬᠤᠷᠢᠶ᠎ᠠ ᠶᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠥᠷᠨᠢᠭᠦᠯᠵᠦ᠂ ᠡᠷᠡᠭᠦᠯ | ᠮᠡᠨᠳᠦ ᠶᠢᠨ ᠤᠬᠠᠭᠤᠯᠭ᠎ᠠ ᠬᠥᠮᠦᠵᠢᠯ ᠵᠢᠴᠢ ᠤᠳᠠᠭᠠᠨ ᠴᠢᠨᠠᠷᠲᠠᠶ ᠡᠪᠡᠳᠴᠢᠨ ᠤ ᠬᠢᠨᠠᠨ ᠲᠤᠭᠳᠠᠭᠠᠬᠤ ᠠᠵᠢᠯ ᠢ | ᠴᠢᠩᠭ᠎ᠠ ᠠᠳᠬᠤᠵᠤ ᠰᠢᠷᠭᠠᠭᠤ ᠠᠵᠢᠯᠯᠠᠨ ᠮᠠᠨ ᠤ ᠰᠢᠶᠠᠨ ᠤ ᠤᠳᠠᠭᠠᠨ ᠡᠪᠡᠳᠴᠢᠨ ᠢ ᠰᠡᠷᠭᠡᠶᠢᠯᠡᠨ ᠡᠵᠡᠮᠳᠡᠬᠦ | ᠠᠵᠢᠯ ᠢ ᠳᠠᠬᠢᠨ ᠰᠢᠨ᠎ᠡ ᠳᠡᠭᠲᠡᠷ ᠲᠤ ᠬᠦᠷᠭᠡᠬᠦ ᠶᠢ ᠠᠬᠢᠭᠤᠯᠤᠶ᠎ᠠ ᠭᠡᠵᠤ ᠵᠢᠭᠠᠨ ᠭᠠᠷᠭᠠᠪᠠ᠃ | ᠪᠣᠯᠪᠠᠰᠤᠷᠠᠯ ᠤᠨ ᠬᠤᠷᠠᠯ ᠳᠤ᠂ ᠮᠠᠨ ᠤ ᠰᠢᠶᠠᠨ ᠤ 2018 ᠣᠨ ᠤ ᠲᠦᠷᠦᠭᠦᠤ ᠬᠠᠭᠠᠰ ᠵᠢᠯ ᠤᠨ | ᠤᠳᠠᠭᠠᠨ ᠴᠢᠨᠠᠷᠳᠠᠢ ᠡᠪᠡᠳᠴᠢᠨ ᠤ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠢ ᠲᠤᠩᠬᠠᠭᠯᠠᠨ ᠮᠡᠳᠡᠭᠳᠡᠵᠦ᠂ | ᠰᠢᠶᠠᠨ ᠤ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠲᠥᠪ ᠤᠨ ᠰᠠᠯᠠᠭᠠᠨ ᠤ ᠳᠠᠷᠤᠭ᠎ᠠ ᠵᠠᠩ ᠯᠢ ᠹᠧᠩ ᠤᠳᠠᠭᠠᠨ | ᠴᠢᠨᠠᠷᠲᠠᠶ ᠡᠪᠡᠳᠴᠢᠨ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠭᠦᠢᠴᠡᠳᠬᠡᠬᠦ ᠲᠤᠭ᠎ᠠ᠂ ᠴᠢᠰᠤᠨ ᠳᠠᠷᠤᠯᠲᠠ ᠥᠨᠳᠥᠷ᠂ | ᠰᠢᠬᠢᠷ ᠰᠢᠵᠢᠩ ᠡᠪᠡᠳᠴᠢᠨ ᠤ ᠵᠢᠷᠤᠮᠵᠢᠭᠰᠠᠨ ᠦᠢᠯᠡᠴᠢᠯᠡᠭᠡ ᠂ ᠦᠬᠦᠬᠦ ᠰᠢᠯᠲᠠᠭᠠᠨ ᠢ ᠬᠢᠨᠠᠨ ᠲᠤᠳᠤᠯᠠᠬᠤ ᠵᠡᠷᠭᠡ | ᠲᠠᠯ᠎ᠠ ᠪᠠᠷ ᠪᠥᠬᠦ ᠲᠠᠯ᠎ᠠ ᠪᠠᠷ ᠰᠢᠰᠲ᠋ᠧᠮ ᠲᠠᠢ ᠪᠣᠯᠪᠠᠰᠤᠷᠠᠯ ᠬᠢᠵᠦ᠂ ᠬᠤᠷᠠᠯ ᠳᠤ ᠣᠷᠣᠯᠴᠠᠭᠰᠠᠳ ᠪᠣᠯᠪᠠᠰᠤᠷᠠᠭᠤᠯᠤᠯ | ᠤᠨ ᠠᠭᠤᠯᠭ᠎ᠠ ᠲᠤ ᠬᠠᠯᠠᠭᠤᠨ ᠢᠶᠠᠷ ᠰᠤᠳᠤᠯᠤᠨ ᠶᠠᠷᠢᠯᠴᠠᠵᠤ᠂ ᠰᠠᠨᠠᠯ ᠰᠣᠯᠢᠯᠴᠠᠭ᠎ᠠ ᠬᠢᠪᠡ᠃ | ᠲᠣᠰ ᠪᠣᠯᠪᠠᠰᠤᠷᠠᠯ ᠢᠶᠠᠷ ᠳᠠᠮᠵᠢᠭᠤᠯᠤᠨ᠂ ᠪᠣᠯᠪᠠᠰᠤᠷᠠᠯ ᠳᠤ ᠣᠷᠣᠯᠴᠠᠭᠰᠠᠳ ᠤᠨ ᠲᠤᠰᠬᠠᠶ ᠮᠡᠷᠭᠡᠵᠢᠯ ᠤᠨ | ᠬᠡᠪ ᠴᠢᠨᠠᠷ ᠢ ᠲᠡᠭᠡᠭᠰᠢᠯᠡᠭᠦᠯᠵᠦ᠂ ᠦᠨᠳᠦᠰᠦᠨ ᠱᠠᠲᠤᠨ ᠤ ᠤᠳᠠᠭᠠᠨ ᠴᠢᠨᠠᠷᠳᠠᠢ ᠡᠪᠡᠳᠴᠢᠨ ᠤ ᠬᠠᠮᠢᠶᠠᠷᠤᠯᠳᠠ ᠶᠢ | ᠤᠯᠠᠮ ᠨᠢᠭᠡ ᠠᠯᠬᠤᠮ ᠵᠢᠷᠤᠮᠵᠢᠭᠤᠯᠵᠤ᠂ ᠦᠨᠳᠦᠰᠦᠨ ᠱᠠᠲᠤᠨ ᠤ ᠤᠳᠠᠭᠠᠨ ᠴᠢᠨᠠᠷᠲᠠᠶ ᠡᠪᠡᠳᠴᠢᠨ ᠤ ᠬᠢᠨᠠᠨ | ᠲᠤᠳᠤᠯᠠᠬᠤ ᠠᠵᠢᠯ ᠢ ᠰᠠᠭᠤᠷᠢ ᠶᠢ ᠪᠠᠬᠢᠵᠢᠭᠦᠯᠦᠭᠰᠡᠨ ᠪᠠᠶᠢᠨ᠎ᠠ᠃ |