ᠰᠢᠶᠠᠨ ᠤ ᠳᠡᠳ᠋ ᠳᠠᠷᠤᠭ᠎ᠠ ᠲᠢᠶᠠᠨ ᠯᠢ ᠵᠢᠶᠦ᠋ᠨ ᠱᠸᠡᠨ ᠴᠢᠤᠸᠠᠨ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠭᠦᠨᠵᠡᠭᠡᠶᠢᠷᠡᠨ ᠤᠯᠤᠰ ᠤᠨ ᠪᠠᠶᠠᠷ ᠤᠨ ᠡᠮᠦᠨᠡᠬᠢ ᠠᠮᠤᠷ ᠲᠦᠪᠰᠢᠨ ᠤ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2018-09-30
     ᠤᠯᠤᠰ ᠤᠨ ᠪᠠᠶᠠᠷ ᠤᠨ ᠬᠤᠭᠤᠴᠠᠭᠠᠨ ᠳᠤ ᠮᠠᠨ ᠤ ᠰᠢᠶᠠᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠲᠣᠭᠲᠠᠭᠤᠨ ᠠᠵᠢᠯ ᠢ ᠪᠠᠲᠤᠯᠠᠬᠤ ᠶᠢᠨ ᠲᠥᠯᠥᠭᠡ᠂ 9 ᠰᠠᠷ᠎ᠠ ᠶᠢᠨ 28 ᠤ ᠡᠳᠦᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠲᠢᠶᠠᠨ ᠯᠢ ᠵᠢᠶᠦ᠋ᠨ ᠵᠢᠭᠤᠯᠴᠢᠯᠠᠯ ᠤᠨ ᠲᠣᠪᠴᠢᠶ᠎ᠠ᠂ ᠠᠶᠤᠯᠭᠦᠶ  ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠱᠸᠡᠨ ᠴᠢᠤᠸᠠᠨ ᠠᠮᠢ ᠠᠬᠤᠶ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠤᠯᠤᠰ ᠤᠨ ᠪᠠᠶᠠᠷ ᠤᠨ ᠡᠳᠦᠷ ᠠᠴᠠ ᠡᠮᠦᠨ᠎ᠡ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ ᠵᠢᠭᠤᠯᠴᠢᠯᠠᠭᠴᠢᠳ ᠤᠨ ᠠᠮᠤᠷ ᠠᠮᠤᠭᠤᠯᠠᠩ᠂ ᠪᠠᠶᠠᠷ ᠬᠦᠤᠷ ᠲᠠᠢ ᠪᠠᠶᠠᠷ ᠤᠨ ᠡᠳᠤᠷ ᠢᠶᠠᠨ ᠤᠭᠳᠤᠬᠤ ᠶᠢ ᠦᠨᠡᠨ ᠬᠦ  ᠪᠠᠳᠤᠯᠠᠪᠠ᠃      ᠰᠢᠶᠠᠨ ᠤ ᠳᠡᠳ᠋ ᠳᠠᠷᠤᠭ᠎ᠠ ᠲᠢᠶᠠᠨ ᠯᠢ ᠵᠢᠶᠦ᠋ᠨ ᠤ ᠲᠠᠭᠠᠭᠤᠯᠤᠭᠰᠠᠨ ᠡᠯ᠎ᠡ ᠰᠠᠯᠠᠭ᠎ᠠ ᠮᠥᠴᠢᠷ ᠤᠨ ᠬᠢᠨ  ᠱᠸᠡᠨ ᠴᠢᠤᠸᠠᠨ ᠠᠮᠢ ᠠᠬᠤᠶ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ᠂ ᠠᠶᠤᠯᠭᠦᠶ ᠶᠢᠨ ᠲᠦᠷᠢᠮ᠂ ᠪᠡᠯᠡᠳᠬᠡᠯ ᠲᠥᠬᠦᠭᠡᠷᠦᠮᠵᠢ᠂ ᠢᠳᠡᠭᠡᠨ ᠤ ᠡᠷᠡᠭᠦᠯ ᠬᠠᠮᠠᠭᠠᠯᠠᠯ ᠵᠢᠴᠢ ᠵᠢᠭᠤᠯᠴᠢᠯᠠᠯ ᠤᠨ ᠲᠡᠷᠭᠡ ᠬᠡᠷᠡᠭᠯᠡᠬᠦ᠂ ᠦᠵᠡᠮᠵᠢ ᠶᠢᠨ ᠣᠷᠣᠨ ᠤ ᠠᠮᠤᠷ ᠲᠦᠪᠰᠢᠨ ᠤ ᠰᠡᠷᠡᠮᠵᠢ ᠫᠠᠶᠢᠰᠠ ᠲᠡᠮᠳᠡᠭ᠂ ᠠᠶᠤᠯ ᠠᠴᠠ ᠰᠡᠷᠭᠡᠶᠢᠯᠡᠬᠦ ᠠᠷᠭ᠎ᠠ ᠬᠡᠨᠵᠢᠶ᠎ᠡ ᠵᠡᠷᠭᠡ ᠪᠠᠶᠢᠳᠠᠯ ᠳᠤ ᠪᠠᠶᠢᠴᠠᠭᠠᠯᠳᠠ ᠬᠢᠬᠦ ᠶᠢᠨ ᠬᠠᠮᠲᠤ ᠭᠠᠷᠠᠮ ᠂ ᠳᠡᠭᠦᠵᠢᠩ ᠵᠠᠮ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠤᠷ ᠲᠦᠪᠰᠢᠨ ᠪᠤᠰᠤ ᠲᠠᠯᠳᠠ ᠭᠡᠮ ᠢ ᠵᠢᠭᠰᠠᠭᠠᠨ ᠪᠠᠶᠢᠴᠠᠭᠠᠵᠤ᠂ ᠦᠵᠡᠮᠵᠢ ᠶᠢᠨ ᠣᠷᠣᠨ ᠤ ᠬᠠᠷᠢᠭᠤᠴᠠᠯᠭᠠᠲᠠᠨ ᠲᠠᠢ ᠰᠠᠨᠠᠯ ᠰᠣᠯᠢᠯᠴᠠᠪᠠ᠃      ᠦᠵᠡᠮᠵᠢ ᠶᠢᠨ ᠣᠷᠣᠨ ᠤ ᠣᠷᠣᠰᠢᠵᠤ ᠪᠠᠶᠢᠭ᠎ᠠ ᠠᠶᠤᠯᠭᠦᠶ ᠶᠢᠨ ᠲᠠᠯᠳᠡ ᠬᠡᠮ ᠤᠨ ᠠᠶᠤᠯ ᠲᠦᠭᠰᠢᠭᠦᠷᠢ ᠶᠢᠨ ᠪᠠᠶᠢᠳᠠᠯ ᠳᠤ ᠴᠢᠭᠯᠡᠭᠦᠯᠦᠨ ᠳᠡᠳ᠋ ᠳᠠᠷᠤᠭ᠎ᠠ ᠲᠢᠶᠠᠨ ᠯᠢ ᠵᠢᠶᠦ᠋ᠨ ᠪᠣᠳᠠᠲᠠᠶ ᠵᠢᠯᠣᠭᠤᠳᠬᠤ ᠰᠠᠨᠠᠯ ᠱᠠᠭᠠᠷᠳᠠᠯᠭ᠎ᠠ ᠲᠠᠯᠪᠢᠵᠤ᠂ ᠱᠸᠡᠨ ᠴᠢᠤᠸᠠᠨ ᠠᠮᠢ ᠠᠬᠤᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠵᠠᠪᠠᠯ ᠠᠮᠠᠷᠠᠯᠲᠠ ᠶᠢᠨ ᠬᠤᠭᠤᠴᠠᠭᠠᠨ ᠤ ᠵᠢᠭᠤᠯᠴᠢᠯᠠᠯ ᠤᠨ ᠠᠮᠤᠷ ᠲᠦᠪᠰᠢᠨ ᠤ ᠲᠣᠭᠲᠠᠴᠠ ᠶᠢ ᠡᠬᠢᠯᠡᠭᠦᠯᠵᠦ᠂ ᠵᠢᠵᠢᠭᠦᠷᠯᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠭᠡᠨᠡᠳᠲᠡ ᠶᠢᠨ ᠴᠢᠨᠠᠷᠲᠠᠶ ᠬᠡᠷᠡᠭ ᠢ ᠴᠠᠭ ᠲᠤᠬᠠᠶ‌‍ᠳᠤᠨᠢ ᠮᠡᠳᠡᠭᠦᠯᠦᠯᠲᠡ ᠬᠢᠬᠦ ᠪᠠ ᠰᠠᠶᠢᠲᠤᠷ  ᠰᠢᠢᠳᠪᠦᠷᠢᠯᠡᠬᠦ ᠬᠡᠷᠡᠭᠲᠡᠶ ᠭᠡᠵᠤ ᠱᠠᠭᠠᠷᠳᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1