ᠲᠤᠭᠳᠠᠬᠤ ᠰᠢᠶᠠᠨ ᠤ ᠬᠠᠤᠯᠢ ᠴᠠᠭᠠᠵᠠ ᠶᠢᠨ ᠲᠤᠪᠴᠢᠶ᠎ᠠ ᠬᠠᠬᠢᠷ ᠡᠪᠦᠯ ᠤᠨ ᠬᠦᠢᠳᠡᠨ ᠳᠤ ᠬᠠᠯᠠᠭᠤᠨ ᠲᠤᠬᠤᠨᠢᠭᠤᠯᠭ᠎ᠠ ᠬᠦᠷᠭᠡᠵᠦ ᠪᠠᠶᠢᠨ᠎ᠠ
ᠨᠡᠶᠢᠲᠡᠯᠡᠭᠰᠡᠨ ᠴᠠᠭ᠄
2019-01-15
       ᠲᠤᠭᠳᠠᠬᠤ ᠰᠢᠶᠠᠨ ᠤ ᠬᠠᠤᠯᠢ ᠴᠠᠭᠠᠵᠠ ᠶᠢᠨ ᠲᠤᠪᠴᠢᠶ᠎ᠠ ᠬᠠᠬᠢᠷ ᠡᠪᠦᠯ ᠤᠨ ᠬᠦᠢᠳᠡᠨ ᠳᠤ ᠬᠠᠯᠠᠭᠤᠨ ᠲᠤᠬᠤᠨᠢᠭᠤᠯᠭ᠎ᠠ ᠬᠦᠷᠭᠡᠵᠦ ᠪᠠᠶᠢᠨ᠎ᠠ
      ᠲᠤᠭᠳᠠᠬᠤ ᠰᠢᠶᠠᠨ ᠤ ᠬᠠᠤᠯᠢ ᠴᠠᠭᠠᠵᠠ ᠶᠢᠨ ᠲᠤᠪᠴᠢᠶ᠎ᠠ ᠬᠠᠬᠢᠷ ᠡᠪᠦᠯ ᠤᠨ ᠬᠦᠢᠳᠡᠨ ᠳᠤ ᠬᠠᠯᠠᠭᠤᠨ ᠲᠤᠬᠤᠨᠢᠭᠤᠯᠭ᠎ᠠ ᠬᠦᠷᠭᠡᠵᠦ ᠤᠨᠢᠨ ᠳᠡᠭᠡᠷ᠎ᠡ ᠨᠢ ᠶᠠᠳᠠᠭᠤ ᠶᠢ ᠲᠡᠳᠭᠦᠬᠦ ᠠᠵᠢᠯ ᠢ ᠯᠠᠪᠳᠠᠭᠤᠨ ᠪᠠᠳᠤᠳᠠᠢ ᠴᠢᠨᠠᠷᠵᠢᠭᠤᠯᠵᠤ ᠪᠠᠶᠢᠨ᠎ᠠ᠃ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ᠂ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠲᠤᠬᠢᠷᠠᠭᠤᠯᠤᠯᠳᠠ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠳᠤ ᠨᠢᠭᠡ ᠬᠥᠮᠦᠨ ᠢ ᠴᠦ ᠤᠷᠬᠢᠭᠳᠠᠭᠤᠯᠬᠤ ᠦᠭᠡᠢ︾ ᠶᠡᠷᠦᠩᠬᠡᠶ ᠱᠠᠭᠠᠷᠳᠠᠯᠭ᠎ᠠ ᠶᠣᠰᠣᠭᠠᠷ᠂ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠬᠠᠪᠰᠤᠷᠤᠨ ᠲᠡᠳᠬᠦᠬᠦ ᠡᠲᠡᠭᠡᠳ ᠲᠠᠢ ᠨᠡᠪᠲᠡᠷᠡᠯᠴᠡᠭᠡ ᠬᠠᠷᠢᠯᠴᠠᠭ᠎ᠠ ᠪᠠᠨ ᠤᠯᠠᠮ ᠨᠢᠭᠡ ᠠᠯᠬᠤᠮ ᠨᠡᠮᠡᠭᠳᠡᠭᠦᠯᠬᠦ ᠶᠢᠨ ᠲᠦᠯᠦᠭᠡ᠂ 1 ᠰᠠᠷ᠎ᠠ ᠶᠢᠨ 11 ᠤ ᠡᠳᠦᠷ᠂ ᠲᠣᠭᠲᠠᠬᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠠᠴᠠ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠤᠪᠴᠢᠶ᠎ᠠ ᠶᠢᠨ ᠳᠠᠷᠤᠭ᠎ᠠ ᠰᠦᠨ ᠲᠧᠩ᠂ ᠲᠤᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠳᠠᠷᠤᠭ᠎ᠠ ᠸᠠᠩ ᠭᠤᠸᠠᠩ ᠴᠢᠩ ᠨᠠᠷ ᠱᠤᠸᠠᠩ ᠾᠧ ᠪᠠᠯᠭᠠᠰᠤ ᠶᠢᠨ ᠶᠠᠨ ᠬᠠᠶ ᠲᠣᠰᠬᠤᠨ᠂ ᠵᠠᠩ ᠰᠧ ᠭᠤᠤ ᠲᠤᠰᠬᠤᠨ ᠳᠤ ᠬᠦᠷᠴᠦ ᠂ ᠬᠠᠪᠰᠤᠷᠤᠨ ᠲᠡᠳᠬᠦᠬᠦ ᠡᠲᠡᠭᠡᠳ ᠴᠧᠨ ᠴᠸᠤ ᠵᠦ᠂ ᠮᠠ ᠮᠤᠤ ᠶᠠᠨ ᠵᠡᠷᠭᠡ ᠵᠢᠷᠭᠤᠭᠠᠨ ᠡᠷᠤᠬᠡ ᠳᠤ ᠲᠤᠬᠤᠨᠢᠭᠤᠯᠭ᠎ᠠ ᠬᠢᠵᠤ ᠨᠠᠮ ᠵᠠᠰᠠᠭ ᠤᠨ ᠬᠠᠶᠢᠷ᠎ᠠ ᠬᠠᠯᠠᠮᠵᠢ ᠪᠠ ᠰᠠᠶᠢᠨ ᠰᠠᠶᠢᠬᠠᠨ ᠢᠷᠥᠭᠡᠯ ᠳᠡᠪᠰᠢᠭᠦᠯᠵᠡᠶ᠃
      ᠲᠣᠬᠤᠨᠢᠭᠤᠯᠬᠤ ᠳᠤᠭᠤᠶᠢᠯᠠᠩ ᠨᠢ ᠶᠠᠳᠠᠭᠤ ᠬᠦᠴᠢᠷᠳᠡᠯᠲᠡᠢ ᠭᠡᠷ ᠪᠦᠯᠢ ᠳᠤ ᠲᠣᠬᠤᠨᠢᠭᠤᠯᠬᠤ ᠪᠣᠳᠠᠰ ᠬᠦᠷᠭᠡᠬᠦ ᠶᠢᠨ ᠬᠠᠮᠳᠤ ᠶᠠᠳᠠᠭᠤ ᠬᠦᠴᠢᠷᠳᠡᠯᠲᠡᠶ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠯᠠᠪᠯᠠᠨ ᠠᠰᠠᠭᠤᠵᠤ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠬᠦᠯᠢᠴᠡᠩᠭᠦᠶ ᠪᠠᠷ ᠰᠤᠨᠤᠰᠴᠦ ᠨᠠᠷᠢᠨ ᠨᠢᠮᠪᠠᠢ ᠲᠡᠮᠳᠡᠭᠯᠡᠯ ᠬᠢᠵᠦ᠂ ᠲᠦᠷ ᠴᠠᠭ ᠤᠨ ᠬᠦᠴᠢᠷᠳᠡᠯ ᠳᠤ ᠵᠥᠪ ᠬᠠᠨᠳᠤᠵᠤ᠂ ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠢᠲᠡᠭᠡᠯ ᠵᠣᠷᠢᠭ ᠡᠷᠡᠰ ᠪᠠᠲᠤ ᠪᠠᠶᠢᠬᠤ ᠬᠡᠷᠡᠭᠳᠡᠢ ᠬᠡᠵᠤ ᠶᠠᠳᠠᠭᠤ ᠬᠦᠴᠢᠷᠳᠡᠯᠲᠡᠢ ᠡᠷᠦᠬᠡ ᠳᠤ ᠵᠤᠷᠢᠭᠵᠢᠭᠤᠯᠤᠨ᠂ ᠶᠠᠳᠠᠭᠤ ᠬᠦᠴᠢᠷᠳᠡᠯᠲᠡᠢ ᠤᠯᠠᠨ ᠲᠦᠮᠡᠨ ᠲᠠᠢ ᠦᠷᠭᠦᠯᠵᠢᠯᠡᠨ ᠬᠠᠷᠢᠯᠴᠠᠭ᠎ᠠ ᠬᠤᠯᠪᠣᠭ᠎ᠠ ᠪᠠᠨ ᠨᠢᠭᠳᠠᠷᠠᠭᠤᠯᠵᠤ᠂ ᠢᠳᠡᠪᠬᠢᠲᠡᠶ ᠬᠠᠪᠰᠤᠷᠤᠯᠭ᠎ᠠ ᠲᠡᠮᠵᠢᠯᠭᠡ ᠬᠠᠩᠭᠠᠨ᠎ᠠ ᠭᠡᠵᠦ ᠢᠯᠡᠷᠬᠡᠶᠢᠯᠡᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1