ᠦᠢᠷ᠎ᠠ ᠶᠢᠨ ᠡᠳᠦᠷ᠂ ᠲᠣᠭᠲᠠᠬᠤ ᠰᠢᠶᠠᠨ ᠤ ᠬᠥᠳᠡᠭᠡ ᠲᠣᠰᠬᠤᠨ ᠤ ᠭᠠᠵᠠᠷ ᠲᠠᠷᠢᠶ᠎ᠠ ᠶᠢᠨ ᠡᠷᠬᠡᠶᠢ | ᠨᠤᠲᠠᠯᠠᠨ ᠲᠣᠭᠲᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠪᠦᠬᠦ ᠰᠢᠶᠠᠨ ᠤ ᠬᠥᠳᠡᠭᠡ | ᠲᠣᠰᠬᠤᠨ ᠤ ᠭᠠᠵᠠᠷ ᠲᠠᠷᠢᠶ᠎ᠠ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ | ᠣᠯᠭᠤᠬᠤ ᠠᠵᠢᠯ ᠤᠨ ᠠᠷᠪᠠᠨ ᠭᠤᠷᠪᠠᠳᠤᠭᠠᠷ ᠤᠳᠠᠭ᠎ᠠ ᠶᠢᠨ ᠲᠤᠬᠢᠷᠠᠭᠤᠯᠤᠯᠳᠠ ᠶᠢᠨ ᠬᠤᠷᠠᠯ ᠬᠤᠷᠠᠯᠳᠤᠭᠤᠯᠪᠠ᠃ | ᠰᠢᠶᠠᠨ ᠤ ᠬᠥᠳᠡᠭᠡ ᠲᠣᠰᠬᠤᠨ ᠤ ᠭᠠᠵᠠᠷ ᠲᠠᠷᠢᠶ᠎ᠠ ᠶᠢᠨ ᠡᠷᠬᠡ ᠶᠢ ᠨᠤᠲᠠᠯᠠᠨ ᠲᠣᠭᠲᠠᠭᠠᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠤᠨ ᠳᠡᠳ᠋ ᠡᠷᠬᠢᠯᠡᠭᠴᠢ᠂ ᠡᠵᠡᠩᠨᠡᠨ ᠬᠠᠮᠢᠶᠠᠷᠤᠯᠲᠠ ᠶᠢᠨ ᠦᠷᠳᠡᠭᠡ ᠶᠢᠨ ᠥᠷᠲᠡᠭᠡᠨ | ᠳᠠᠷᠤᠭ᠎ᠠ ᠰᠢᠤᠸᠠᠢ ᠡᠯ ᠸᠧᠶ᠂ ᠰᠢᠶᠠᠨ ᠤ ᠬᠥᠳᠡᠭᠡ ᠲᠣᠰᠬᠤᠨ ᠤ ᠭᠠᠵᠠᠷ ᠲᠠᠷᠢᠶ᠎ᠠ ᠶᠢᠨ ᠡᠷᠬᠡ ᠶᠢ ᠨᠤᠲᠠᠯᠠᠨ | ᠲᠣᠭᠲᠠᠭᠠᠬᠤ ᠠᠵᠢᠯ ᠤᠨ ᠤᠳᠤᠷᠢᠳᠬᠤ ᠳᠤᠭᠤᠶᠢᠯᠠᠩᠤᠨ ᠠᠯᠪᠠᠨ ᠭᠡᠷ ᠤᠨ ᠪᠦᠬᠦ ᠠᠵᠢᠯᠲᠠᠳ᠂ ᠡᠯ᠎ᠡ ᠬᠡᠰᠡᠭ ᠤᠨ | ᠭᠠᠵᠠᠷ ᠲᠠᠷᠢᠶ᠎ᠠ ᠶᠢᠨ ᠡᠷᠬᠡ ᠶᠢ ᠨᠤᠲᠠᠯᠠᠨ ᠲᠣᠭᠲᠠᠭᠠᠵᠤ ᠬᠡᠮᠵᠢᠨ ᠵᠢᠷᠤᠬᠤ ᠺᠣᠮᠫᠠᠨᠢ ᠶᠢᠨ ᠬᠠᠷᠢᠭᠤᠴᠠᠯᠭᠠᠲᠠᠳ | ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠡᠯ᠎ᠡ ᠬᠡᠰᠡᠭ ᠤᠨ ᠬᠡᠮᠵᠢᠨ ᠵᠢᠷᠤᠬᠤ ᠺᠣᠮᠫᠠᠨᠢ ᠶᠢᠨ ᠮᠡᠷᠭᠡᠵᠢᠯ ᠤᠨ ᠬᠠᠷᠢᠭᠤᠴᠠᠯᠭᠠᠲᠠᠨ ᠠᠴᠠ | ᠭᠠᠵᠠᠷ ᠰᠢᠷᠣᠶ ᠶᠢᠨ ᠡᠷᠬᠡ ᠶᠢ ᠨᠤᠲᠠᠯᠠᠨ ᠲᠣᠭᠲᠠᠭᠠᠬᠤ ᠠᠵᠢᠯ ᠤᠨ ᠦᠨᠡᠮᠯᠡᠯ ᠳᠠᠷᠤᠮᠠᠯᠯᠠᠬᠤ᠂ ᠳᠠᠩᠰᠠ ᠡᠪᠬᠡᠮᠡᠯ ᠤᠨ | ᠡᠮᠬᠢᠯᠡᠯᠲᠡ ᠶᠢᠨ ᠪᠠᠶᠢᠳᠠᠯ ᠵᠡᠷᠭᠡ ᠶᠢᠨ ᠠᠬᠢᠴᠠ ᠶᠢᠨ ᠪᠠᠶᠢᠳᠠᠯ ᠵᠢᠴᠢ ᠣᠨᠴᠠ ᠵᠠᠷᠢᠮ ᠵᠠᠰᠠᠭ ᠵᠠᠬᠢᠷᠭᠠᠨ ᠤ | ᠲᠣᠰᠬᠤᠨ ᠳᠤ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ ᠬᠠᠷᠢᠭᠤ ᠮᠡᠳᠡᠭᠦᠯᠦᠯᠳᠡ ᠬᠢᠪᠡ᠃ ᠰᠢᠶᠠᠨ ᠤ ᠬᠥᠳᠡᠭᠡ | ᠲᠣᠰᠬᠤᠨ ᠤ ᠭᠠᠵᠠᠷ ᠲᠠᠷᠢᠶ᠎ᠠ ᠶᠢᠨ ᠡᠷᠬᠡ ᠶᠢ ᠨᠤᠲᠠᠯᠠᠨ ᠲᠣᠭᠲᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ | ᠠᠯᠪᠠᠨ ᠭᠡᠷ ᠤᠨ ᠳᠡᠳ᠋ ᠡᠷᠬᠢᠯᠡᠭᠴᠢ᠂ ᠡᠵᠡᠩᠨᠡᠨ ᠬᠠᠮᠢᠶᠠᠷᠤᠯᠲᠠ ᠶᠢᠨ ᠦᠷᠳᠡᠭᠡ ᠶᠢᠨ ᠥᠷᠲᠡᠭᠡᠨ ᠳᠠᠷᠤᠭ᠎ᠠ ᠰᠢᠤᠸᠠᠢ | ᠡᠯ ᠸᠧᠶ᠂ ᠨᠢᠭᠡ ᠳᠤ᠂ ᠴᠠᠭᠠᠨ ᠰᠠᠷ᠎ᠠ ᠠᠴᠠ ᠡᠮᠦᠨ᠎ᠡ ᠭᠠᠵᠠᠷ ᠲᠠᠷᠢᠶ᠎ᠠ ᠶᠢᠨ ᠥᠮᠴᠢᠯᠡᠬᠦ ᠡᠷᠬᠡ ᠶᠢ ᠨᠤᠳᠠᠯᠠᠬᠤ | ᠲᠠᠯᠠᠪᠠᠶ᠂ ᠦᠨᠡᠮᠯᠡᠯ ᠣᠯᠭᠤᠬᠤ ᠨᠣᠷᠮ᠎ᠠ᠂ ᠲᠤᠭ᠎ᠠ ᠪᠠᠷᠢᠮᠲᠠ ᠶᠢᠨ ᠬᠥᠮᠥᠷᠭᠡ ᠳᠤ ᠲᠤᠰᠢᠶᠠᠬᠤ ᠨᠤᠷᠮ᠎ᠠ 95 | % ᠠᠴᠠ ᠳᠡᠭᠡᠭᠰᠢ ᠪᠠᠶᠢᠬᠤ ᠬᠡᠷᠡᠭᠳᠡᠢ︔ ᠬᠤᠶᠠᠷ ᠲᠤ᠂ ᠭᠠᠵᠠᠷ ᠰᠢᠷᠣᠶ ᠶᠢᠨ ᠡᠷᠬᠡ ᠶᠢ ᠨᠤᠲᠠᠯᠠᠨ ᠲᠤᠭᠳᠠᠭᠠᠬᠤ | ᠳᠣᠲᠣᠷ᠎ᠠ ᠭᠠᠳᠠᠨ᠎ᠠ ᠠᠵᠢᠯᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠤᠲᠠ ᠶᠢᠨ ᠱᠠᠲᠤᠨ ᠤ ᠬᠢᠨᠠᠨ | ᠪᠠᠶᠢᠴᠠᠭᠠᠯᠳᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠪᠠ ᠲᠠᠷᠢᠶᠠᠯᠠᠩ | ᠬᠥᠳᠡᠭᠡ ᠲᠣᠰᠬᠤᠨ ᠤ ᠶᠠᠮᠤᠨ ᠤ ᠰᠢᠯᠭᠠᠨ ᠠᠪᠬᠤ ᠳᠤ ᠰᠠᠶᠢᠲᠤᠷ ᠪᠡᠯᠡᠳᠬᠡᠯ ᠬᠢᠬᠦ ᠬᠡᠷᠡᠭᠲᠡᠶ ᠭᠡᠵᠤ ᠴᠢᠬᠤᠯᠠᠴᠢᠯᠠᠪᠠ᠃ | |