ᠲᠣᠭᠲᠠᠬᠤ ᠰᠢᠶᠠᠨ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠵᠢᠴᠢ ᠬᠠᠮᠲᠤ ᠶᠢᠨ ᠡᠳ᠋ ᠬᠥᠷᠥᠩᠭᠡ ᠶᠢ ᠪᠦᠷᠢᠳᠬᠡᠨ ᠬᠠᠷᠭᠤᠭᠤᠯᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-01-16
       1 ᠰᠠᠷ᠎ᠠ ᠶᠢᠨ 11 ᠤ ᠡᠳᠦᠷ᠂ ᠰᠢᠶᠠᠨ ᠤ ᠠᠷᠠᠳ ᠤᠨ ᠵᠠᠰᠠᠭ ᠤᠨ ᠣᠷᠳᠣᠨ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠵᠢᠴᠢ ᠬᠠᠮᠲᠤ ᠶᠢᠨ ᠡᠳ᠋ ᠬᠥᠷᠥᠩᠭᠡ ᠶᠢ ᠪᠦᠷᠢᠳᠬᠡᠨ ᠬᠠᠷᠭᠤᠭᠤᠯᠬᠤ ᠠᠵᠢᠯ ᠤᠨ ᠳᠠᠶᠢᠴᠢᠯᠠᠯᠲᠠ ᠶᠢᠨ ᠬᠤᠷᠠᠯ ᠵᠣᠬᠢᠶᠠᠨ ᠪᠠᠶᠢᠭᠤᠯᠤᠨ ᠬᠤᠷᠠᠯᠳᠤᠭᠤᠯᠪᠠ  ᠃ ᠡᠯ᠎ᠡ ᠪᠠᠯᠭᠠᠰᠤ ᠂ ᠬᠠᠮᠢᠶᠠᠷᠤᠯᠲᠠ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠶ‌‍ᠶᠢᠨ ᠲᠣᠪᠴᠢᠶ᠎ᠠ᠂  ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠲᠣᠪᠴᠢᠶ᠎ᠠ᠂ ᠵᠠᠮ  ᠬᠠᠷᠢᠯᠴᠠᠭ᠎ᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠰᠢᠶᠠᠨ ᠤ ᠡᠵᠡᠩᠨᠡᠨ ᠬᠠᠮᠢᠶᠠᠷᠤᠯᠳᠠ ᠶᠢᠨ ᠦᠷᠳᠡᠭᠡ ᠶᠢᠨ ᠪᠦᠬᠦ ᠺᠠᠳ᠋ᠷ ᠠᠵᠢᠯᠲᠠᠨ ᠠᠵᠢᠯᠴᠢᠨ ᠬᠤᠷᠠᠯ ᠳᠤ ᠤᠷᠤᠯᠴᠠᠪᠠ᠃ ᠰᠢᠶᠠᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᡁᠢ ᠴᠢᠶᠠᠩ ᠬᠤᠷᠠᠯ ᠢ ᠡᠷᠬᠢᠯᠡᠪᠡ᠃      ᠬᠤᠷᠠᠯ ᠳᠡᠭᠡᠷ᠎ᠡ᠂ ᠰᠢᠶᠠᠨ ᠤ ᠡᠵᠡᠩᠨᠡᠨ ᠬᠠᠮᠢᠶᠠᠷᠤᠯᠳᠠ ᠵᠢᠨ‌ᠦᠷᠳᠡᠭᠡ ᠶᠢᠨ ᠦᠷᠳᠡᠭᠡᠨ ᠳᠠᠷᠤᠭ᠎ᠠ ᠰᠢᠤᠸᠠᠢ ᠡᠯ ᠸᠧᠶ ︽ᠲᠣᠭᠲᠠᠬᠤ ᠰᠢᠶᠠᠨ ᠤ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢᠨ ᠠᠵᠢᠯ ᠤᠨ ᠲᠥᠰᠦᠯ︾ ᠪᠣᠯᠤᠨ ︽ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢ ᠪᠦᠷᠢᠳᠬᠡᠨ ᠬᠠᠷᠭᠤᠭᠤᠯᠬᠤ ᠠᠵᠢᠯ ᠤᠨ ᠬᠡᠷᠡᠭᠵᠢᠭᠦᠯᠬᠦ ᠲᠥᠰᠦᠯ︾ ᠢ ᠨᠡᠶᠢᠳᠡᠯᠡᠨ ᠤᠩᠰᠢᠵᠤ᠂ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠨᠠᠷᠢᠨ ᠨᠢᠭᠲᠠ ᠲᠤᠬᠢᠷᠠᠭᠤᠯᠤᠨ ᠪᠠᠶᠢᠷᠢᠯᠠᠭᠤᠯᠤᠯᠲᠠ ᠬᠢᠵᠦ᠂ ᠭᠤᠤᠯᠳᠠᠭᠤ ᠡᠳ᠋ ᠬᠥᠷᠥᠩᠭᠡ ᠶᠢᠨ ᠪᠦᠷᠢᠳᠬᠡᠨ ᠬᠠᠷᠭᠤᠭᠤᠯᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠂ ᠠᠭᠤᠯᠭ᠎ᠠ᠂ ᠢᠯᠭᠠᠷᠠᠭᠤᠯᠤᠨ ᠪᠠᠶᠢᠴᠠᠭᠠᠬᠤ ᠬᠦᠷᠢᠶ᠎ᠡ ᠬᠡᠪᠴᠢᠶ᠎ᠡ ᠪᠠ ᠴᠠᠭ ᠬᠤᠭᠤᠴᠠᠭ᠎ᠠ ᠵᠡᠷᠭᠡ ᠳᠤ ᠨᠠᠷᠢᠨ ᠭᠦᠨᠵᠡᠭᠡᠶ ᠲᠠᠶᠢᠯᠤᠮᠵᠢ ᠬᠢᠭᠰᠡᠨ ᠪᠠᠶᠢᠨ᠎ᠠ᠃      ᠬᠠᠮᠤᠭ ᠰᠡᠬᠦᠯ ᠳᠤ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᡁᠢ ᠴᠢᠶᠠᠩ ᠴᠢᠬᠤᠯᠠ ᠶᠠᠷᠢᠶ᠎ᠠ ᠲᠠᠯᠪᠢᠪᠠ᠂ ᠲᠡᠷᠡ ᠴᠢᠬᠤᠯᠠᠴᠢᠯᠠᠭᠰᠠᠨ ᠨᠢ᠂ ᠡᠯ᠎ᠡ ᠪᠠᠯᠭᠠᠰᠤ᠂ ᠬᠠᠮᠢᠶᠠᠷᠤᠯᠲᠠ ᠶᠢᠨ ᠵᠥᠪᠯᠡᠯ ᠵᠠᠪᠠᠯ ᠡᠨᠡ ᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠳᠤᠷᠢᠳᠬᠤ ᠳᠤᠭᠤᠶᠢᠯᠠᠩ ᠪᠠᠶᠢᠭᠤᠯᠵᠤ᠂ ᠳᠠᠶᠢᠴᠢᠯᠠᠯᠲᠠ ᠶᠢᠨ ᠬᠤᠷᠠᠯ ᠬᠢᠵᠦ᠂ ᠨᠠᠷᠢᠨ ᠨᠢᠭᠲᠠ ᠪᠠᠶᠢᠷᠢᠯᠠᠭᠤᠯᠵᠤ᠂ ᠬᠤᠯᠪᠣᠭᠳᠠᠯ ᠪᠦᠬᠦᠢ ᠺᠠᠳ᠋ᠷ ᠠᠵᠢᠯᠲᠠᠨ ᠢ ᠵᠤᠬᠢᠶᠠᠨ ᠪᠠᠶᠢᠭᠤᠯᠤᠨ‌ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠢ ᠨᠠᠷᠢᠨ ᠬᠢᠨᠠᠮᠠᠭᠠᠶ ᠰᠤᠷᠤᠯᠴᠠᠵᠤ᠂ ᠦᠷᠭᠡᠨ ᠬᠡᠪᠴᠢᠶ᠎ᠡ ᠲᠠᠢ ᠤᠬᠠᠭᠤᠯᠤᠯᠭ᠎ᠠ ᠬᠢᠵᠤ᠂ ᠠᠵᠢᠯ ᠤᠨ ᠪᠦᠲᠦᠮᠵᠢᠲᠡᠶ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠶ︔ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠪᠣᠯᠪᠠᠰᠤᠷᠠᠭᠤᠯᠤᠯ ᠪᠠ ᠲᠤᠬᠠᠶᠢᠯᠠᠭᠰᠠᠨ ᠠᠵᠢᠯ ᠤᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠴᠠᠭ ᠢ ᠪᠠᠷᠢᠮᠳᠠᠯᠠᠨ᠂ ᠴᠠᠭ ᠲᠤᠬᠠᠶ ᠳᠤᠨᠢ ᠲᠤᠬᠢᠷᠠᠭᠤᠯᠤᠯᠳᠠ ᠶᠢᠨ ᠬᠤᠷᠠᠯ ᠬᠤᠷᠠᠯᠳᠤᠭᠤᠯᠵᠤ᠂ ᠬᠢᠨᠠᠨ ᠵᠢᠯᠤᠭᠤᠳᠤᠯᠭ᠎ᠠ ᠶᠢ ᠴᠢᠩᠭᠠᠳᠬᠠᠵᠤ᠂ ᠮᠠᠨ ᠤ ᠰᠢᠶᠠᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢᠨ ᠠᠵᠢᠯ ᠤᠨ ᠡᠯ᠎ᠡ ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠳᠡᠬᠦ ᠶᠢ ᠦᠨᠡᠨ ᠬᠦ  ᠪᠠᠳᠤᠯᠠᠬᠤ ᠬᠡᠷᠡᠭᠳᠡᠢ ᠭᠡᠪᠡ᠃      ᠡᠨᠡ ᠤᠳᠠᠭᠠᠨ ᠤ ᠬᠤᠷᠠᠯ ᠢ ᠬᠤᠷᠠᠯᠳᠤᠭᠤᠯᠤᠭᠰᠠᠨ ᠨᠢ ᠮᠠᠨ ᠤ ᠰᠢᠶᠠᠨ ᠤ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢᠨ ᠠᠵᠢᠯ ᠤᠨ ᠪᠦᠬᠦ ᠲᠠᠯ᠎ᠠ‌‍ᠪᠠᠷ ᠡᠬᠢᠯᠡᠭᠦᠯᠦᠭᠰᠡᠨ ᠢ ᠬᠠᠷᠠᠭᠤᠯᠵᠤ ᠪᠠᠶᠢᠨ᠎ᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1