ᠲᠣᠭᠲᠠᠬᠤ ᠰᠢᠶᠠᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠳᠤ ᠵᠢᠷᠭᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠴᠢᠩᠭ᠎ᠠ ᠠᠳᠬᠤᠵᠤ ᠪᠠᠶᠢᠨ᠎ᠠ
ᠨᠡᠶᠢᠲᠡᠯᠡᠭᠰᠡᠨ ᠴᠠᠭ᠄
2019-01-17
      ᠦᠢᠷ᠎ᠠ ᠶᠢᠨ ᠡᠳᠦᠷ  ᠂ ᠰᠤᠷᠪᠤᠯᠵᠢᠯᠠᠭᠴᠢ ᠪᠦᠬᠦ ᠰᠢᠶᠠᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠤᠳᠤᠷᠢᠳᠬᠤ ᠳᠤᠭᠤᠶᠢᠯᠠᠩ ᠤᠨ ᠬᠤᠷᠠᠯ ᠠᠴᠠ ᠤᠶᠢᠯᠠᠭᠠᠭᠰᠠᠨ ᠢᠶᠠᠷ᠂ ᠡᠨᠡ ᠵᠢᠯ ᠮᠠᠨ ᠤ ᠰᠢᠶᠠᠨ ᠤ ︽ᠤᠭ ᠦᠨᠳᠦᠰᠦ ᠠᠴᠠ ᠨᠢ ᠵᠠᠰᠠᠬᠤ︾ ᠬᠠᠷᠠᠯᠲᠠ ᠶᠢᠨ ᠱᠠᠭᠠᠷᠳᠠᠯᠭ᠎ᠠ ᠶᠤᠰᠤᠭᠠᠷ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠠᠵᠢᠯᠯᠠᠭ᠎ᠠ ᠶᠢ ᠭᠦᠨᠵᠡᠭᠡᠢ ᠦᠷᠭᠡᠴᠡᠳᠡᠢ ᠦᠷᠨᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠳᠤ ᠵᠢᠷᠭᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠴᠢᠩᠭ᠎ᠠ ᠠᠳᠬᠤᠬᠤ ᠬᠡᠷᠡᠭᠲᠡᠶ᠃      ᠨᠢᠭᠡ ᠳᠤ᠂ ︽ᠨᠢᠭᠡ ᠵᠢᠯ ᠳᠤ ᠤᠢᠩᠭᠡᠠ ᠲᠠᠯ᠎ᠠ ᠶᠢ ᠵᠠᠰᠠᠵᠤ᠂ ᠬᠤᠶᠠᠷ ᠵᠢᠯ ᠳᠤ ᠦᠨᠳᠦᠰᠦ ᠶᠢ ᠵᠠᠰᠠᠵᠤ᠂ ᠭᠤᠷᠪᠠᠨ ᠵᠢᠯ ᠳᠤ ᠰᠤᠷᠪᠤᠯᠵᠢ ᠶᠢ ᠵᠠᠰᠠᠬᠤ︾ ᠪᠠᠶᠢᠯᠳᠤᠬᠤ ᠪᠤᠳᠦᠯᠭ᠎ᠠ ᠶᠢᠨ ᠬᠠᠷᠠᠯᠲᠠ ᠶᠢᠨ ᠲᠤᠭᠤᠷᠢᠨ ᠳᠤ᠂ ᠡᠯ᠎ᠡ ᠬᠤᠭᠤᠴᠠᠭᠠᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ︽ᠬᠡᠷᠡᠭᠵᠢᠭᠦᠯᠦᠯᠳᠡ ᠶᠢᠨ ᠵᠢᠷᠤᠭ︾ ︽ᠪᠠᠶᠢᠯᠳᠤᠬᠤ ᠪᠤᠳᠤᠯᠭ᠎ᠠ ᠶᠢᠨ ᠵᠢᠷᠤᠭ︾ ᠢ ᠤᠯᠠᠮ ᠨᠢᠭᠡ ᠠᠯᠬᠤᠮ ᠰᠤᠳᠤᠯᠵᠤ᠂ ᠲᠤᠰᠬᠠᠶ ᠲᠡᠮᠡᠴᠡᠯ ᠢ ᠯᠠᠪᠳᠠᠭᠤᠨ ᠪᠠᠲᠤᠲᠠᠢ ᠠᠬᠢᠭᠤᠯᠤᠨ᠎ᠠ᠃ ᠬᠤᠶᠠᠷ ᠲᠤ᠂ ︽ᠬᠠᠷ᠎ᠠ ᠪᠦᠯᠦᠭᠲᠡᠨ ᠬᠠᠷᠭᠢᠰ ᠬᠦᠴᠦᠨ︾ ᠢ ᠠᠷᠢᠯᠭᠠᠬᠤ ᠪᠠ ︽ᠰᠢᠬᠦᠷ ᠪᠠᠷᠢᠬᠤ︾ ᠶᠢ ᠤᠶᠠᠯᠳᠤᠭᠤᠯᠵᠤ᠂ ︽ᠥᠮᠥᠭ ᠬᠠᠯᠬᠠᠪᠴᠢ︾ ᠶᠢ ᠭᠦᠨ ᠠᠭᠤᠳᠠᠯᠤᠨ᠂ ᠠᠯᠪᠠᠨ ᠲᠤᠰᠢᠶᠠᠯᠲᠠᠨ ᠭᠠᠷ ᠲᠠᠬᠢ ᠡᠷᠬᠡ ᠪᠠᠨ ᠠᠰᠢᠭᠯᠠᠨ ᠥᠮᠥᠭᠡᠷᠡᠬᠦ  ᠂ ᠬᠠᠷ᠎ᠠ  ᠪᠦᠯᠦᠭᠳᠡᠨ ᠤ ᠶᠠᠯᠠᠳᠤ ᠠᠵᠢᠯᠯᠠᠭ᠎ᠠ ᠳᠤ ᠨᠠᠶᠢᠷ ᠲᠠᠯᠪᠢᠬᠤ᠂ ᠬᠡᠷᠡᠭ ᠪᠠᠶᠢᠲᠠᠯ᠎ᠠ ᠬᠡᠷᠡᠭ ᠦᠯᠦ ᠪᠣᠯᠭᠠᠬᠤ᠂ ᠬᠡᠷᠡᠭ ᠪᠤᠯᠭᠠᠭᠠᠳ ᠳᠡᠩᠰᠡᠯᠡᠵᠦ ᠪᠠᠶᠢᠴᠠᠭᠠᠬᠤ ᠦᠭᠡᠶ᠂ ᠬᠡᠷᠡᠭ ᠪᠠᠶᠢᠴᠠᠭᠠᠬᠤ ᠳᠠᠭᠠᠨ ᠠᠵᠢᠯ ᠤᠨ ᠡᠷᠴᠢᠮ ᠳᠤᠲᠠᠮᠠᠭ ᠪᠠᠶᠢᠬᠤ ᠵᠡᠷᠭᠡ ᠦᠢᠯᠡ ᠠᠵᠢᠯᠯᠠᠭ᠎ᠠ ᠳᠤ ᠲᠦᠢᠯᠪᠤᠷᠢᠲᠠᠢ ᠴᠤᠬᠢᠯᠳᠠ ᠦᠭᠬᠦ ᠪᠠᠷ ᠰᠢᠪᠲᠤᠯᠤᠯᠲᠠ ᠶᠢᠨ ᠭᠤᠣᠯᠳᠠᠯᠭ᠎ᠠ ᠪᠤᠯᠭᠠᠨ᠎ᠠ  ᠃ ᠭᠤᠷᠪᠠ ᠳᠤ᠂ ᠤᠯᠠᠮᠵᠢᠯᠠᠯᠲᠤ ᠠᠵᠢᠯ ᠲᠥᠷᠥᠯ ᠪᠠ ᠰᠢᠨ᠎ᠡ ᠪᠠᠷ ᠬᠥᠭᠵᠢᠭᠰᠡᠨ ᠠᠵᠢᠯ ᠲᠦᠷᠦᠯ ᠤᠨ ᠤᠶᠠᠯᠳᠤᠭᠤᠯᠵᠤ᠂ ᠬᠠᠤᠯᠢ ᠪᠤᠰᠤ ᠥᠨᠳᠥᠷ ᠬᠦᠦ ᠲᠠᠢ ᠵᠢᠭᠡᠯᠡᠯᠭᠡ᠂ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠬᠠᠤᠯᠢ ᠪᠤᠰᠤ ᠪᠠᠷ ᠳᠠᠮᠵᠢᠭᠤᠯᠤᠨ ᠬᠤᠳᠠᠯᠳᠤᠬᠤ ᠵᠡᠷᠭᠡ ᠤᠯᠠᠮᠵᠢᠯᠠᠯᠲᠤ ᠠᠵᠢᠯ ᠲᠦᠷᠦᠯ ᠤᠨ ᠬᠦᠷᠢᠶ᠎ᠡ ᠬᠡᠪᠴᠢᠶᠠᠨ ᠤ ᠬᠠᠤᠯᠢ ᠪᠤᠰᠤ ᠠᠵᠢᠯᠯᠠᠭ᠎ᠠ ᠶᠢ ᠴᠢᠩᠭ᠎ᠠ ᠠᠳᠬᠤᠬᠤ ᠮᠦᠷᠳᠡᠭᠡᠨ ︽ᠴᠥᠷᠬᠡᠯᠡᠭᠡ ᠵᠢᠭᠡᠯᠡᠯᠭᠡ︾᠂ ᠢᠨᠲ᠋ᠤᠷ ᠰᠦᠯᠵᠢᠶᠡᠨ ᠤ ᠮᠥᠩᠭᠦᠨ ᠭᠦᠢᠯᠭᠡᠭᠡ᠂ ᠲᠣᠣᠷ ᠰᠦᠯᠵᠢᠶᠡᠨ ᠤ ᠬᠤᠪᠢ ᠶᠢᠨ ᠵᠠᠭᠤᠴᠢᠯᠠᠭᠤᠷ ᠵᠡᠷᠭᠡ ᠰᠢᠨ᠎ᠡ ᠪᠠᠷ ᠮᠠᠨᠳᠤᠭᠰᠠᠨ ᠠᠵᠢᠯ ᠲᠥᠷᠥᠯ ᠤᠨ ᠬᠦᠷᠢᠶᠡᠨ ᠤ ᠬᠠᠤᠯᠢ ᠪᠤᠰᠤ ᠶᠠᠯᠠᠳᠦ ᠠᠵᠢᠯᠯᠠᠭ᠎ᠠ ᠳᠤ ᠬᠦᠨᠳᠦ ᠴᠤᠬᠢᠯᠳᠠ ᠦᠭᠭᠦᠨ᠎ᠡ᠃ ᠲᠦᠷᠪᠡ ᠳᠤ᠂ ᠤᠯᠤᠰ ᠲᠦᠷᠤ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠨ ᠭᠤᠣᠯ ᠬᠦᠴᠦᠨ ᠬᠢᠭᠡᠳ ᠠᠵᠢᠯ ᠲᠥᠷᠥᠯ ᠤᠨ ᠰᠠᠯᠠᠭ᠎ᠠ ᠮᠥᠴᠢᠷ ᠤᠨ ᠭᠤᠤᠯᠯᠠᠨ ᠬᠠᠮᠢᠶᠠᠷᠬᠤ ᠶᠢ ᠤᠶᠠᠯᠳᠤᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠲᠠᠢ ᠬᠤᠯᠪᠣᠭᠳᠠᠭᠰᠠᠨ ᠰᠦᠪᠡᠭᠴᠢ ᠶᠢ ᠢᠯᠡᠷᠡᠭᠦᠯᠵᠦ ᠰᠢᠯᠵᠢᠭᠦᠯᠦᠨ ᠲᠤᠰᠢᠶᠠᠬᠤ᠂ ᠠᠵᠢᠯ ᠲᠦᠷᠦᠯ ᠤᠨ ᠬᠠᠮᠢᠶᠠᠷᠤᠯᠲᠠ ᠶᠢᠨ ᠳᠤᠲᠠᠭᠳᠠᠯ ᠢ ᠵᠠᠷᠯᠠᠨ ᠮᠡᠳᠡᠭᠳᠡᠵᠦ ᠴᠡᠭᠴᠡᠯᠡᠨ ᠥᠭᠡᠷᠡᠴᠢᠯᠡᠬᠦ ᠵᠡᠷᠭᠡ ᠲᠦᠷᠢᠮ ᠢ ᠠᠬᠢᠭᠤᠯᠵᠤ᠂ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠵᠤ᠂ ᠴᠡᠭᠴᠡᠯᠡᠨ ᠵᠠᠰᠠᠬᠤ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠲᠠᠪᠤ ᠳᠤ᠂ ᠲᠥᠪᠯᠡᠷᠡᠭᠦᠯᠦᠨ ᠰᠢᠪᠳᠤᠯᠤᠯᠳᠠ ᠪᠠ ᠡᠬᠢ ᠦᠨᠳᠦᠰᠦ ᠠᠴᠠ ᠵᠠᠰᠠᠬᠤ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠲᠠᠢ ᠤᠶᠠᠯᠳᠤᠭᠤᠯᠵᠤ᠂ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠰᠤᠷᠲᠠᠬᠤᠨ ᠢᠶᠠᠷ ᠵᠠᠰᠠᠬᠤ ᠶᠢ ᠤᠶᠠᠯᠳᠤᠭᠤᠯᠤᠭᠰᠠᠨ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠨᠡᠶᠢᠭᠡᠮ ᠤᠨ ᠵᠠᠰᠠᠯᠲᠠ ᠶᠢᠨ ᠭᠤᠣᠯᠳᠠᠯᠭ᠎ᠠ ᠶᠢ ᠦᠨᠳᠦᠰᠦᠨ ᠱᠠᠳᠤ ᠲᠡᠰᠢ ᠰᠢᠯᠵᠢᠭᠦᠯᠬᠦ ᠶᠢ ᠬᠦᠴᠦᠯᠡᠨ ᠪᠤᠢ ᠪᠣᠯᠭᠠᠵᠤ᠂ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ ᠪᠤᠢ ᠪᠣᠯᠭᠠᠬᠤ ᠬᠡᠷᠡᠭᠲᠡᠶ᠃ ᠵᠢᠷᠭᠤᠭ᠎ᠠ ᠳᠤ᠂ ᠲᠤᠰᠬᠠᠶ ᠠᠵᠢᠯ ᠪᠣᠯᠤᠨ ᠣᠯᠠᠨ ᠲᠦᠮᠡᠨᠴᠢ ᠱᠤᠭᠤᠮ ᠢ ᠤᠶᠠᠯᠳᠤᠭᠤᠯᠬᠤ᠂ ᠤᠯᠠᠨ ᠵᠦᠢᠯ ᠤᠨ ᠬᠡᠯᠪᠡᠷᠢ ᠪᠠᠷ ᠲᠤᠰᠬᠠᠶ ᠲᠡᠮᠡᠴᠡᠯ ᠤᠨ ᠴᠢᠬᠤᠯᠠ ᠶᠡᠭᠡ ᠠᠴᠢ ᠬᠤᠯᠪᠣᠭᠳᠠᠯ ᠢ ᠶᠡᠬᠡᠪᠡᠷ ᠤᠬᠠᠭᠤᠯᠭ᠎ᠠ ᠬᠢᠵᠤ᠂ ᠠᠷᠠᠳ ᠤᠯᠠᠨ ᠢ ᠲᠠᠶᠢᠴᠢᠯᠠᠨ᠂ ᠬᠠᠷ᠎ᠠ ᠪᠦᠯᠦᠭᠲᠡᠨ ᠬᠠᠷᠭᠢᠰ ᠬᠦᠴᠦᠨ ᠲᠠᠢ ᠬᠤᠯᠪᠣᠭᠳᠠᠭᠰᠠᠨ ᠰᠦᠪᠡᠭᠴᠢ ᠶᠢ ᠥᠷᠭᠡᠨ ᠢᠶᠠᠷ ᠴᠤᠭᠯᠠᠭᠤᠯᠵᠤ᠂ ᠢᠯᠡᠴᠢᠯᠡᠨ ᠮᠡᠳᠡᠭᠦᠯᠦᠭᠰᠡᠳ ᠢ ᠱᠠᠩᠨᠠᠬᠤ ᠡᠷᠴᠢᠮ ᠢᠶᠠᠨ  ᠴᠢᠩᠭᠠᠷᠠᠭᠤᠯᠵᠤ᠂ ᠲᠤᠰᠬᠠᠢ ᠲᠡᠮᠡᠴᠡᠯ‌‍ᠳᠦ ᠣᠯᠠᠨ ᠲᠦᠮᠡᠨ ᠤ ᠣᠷᠣᠯᠴᠠᠬᠤ ᠬᠠᠯᠠᠭᠤᠨ ᠵᠣᠷᠢᠭ ᠢ ᠤᠯᠠᠮ ᠨᠢᠭᠡ ᠠᠯᠬᠤᠮ ᠪᠠᠳᠠᠷᠠᠭᠤᠯᠤᠨ᠎ᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1