ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠴᠦᠨ ᠶᠠᠨ ︽  ᠰᠠᠷᠠᠪᠴᠢᠨ ᠭᠡᠷ︾ ᠢ ᠢᠯᠭᠠᠷᠠᠭᠤᠯᠤᠨ ᠴᠡᠭᠴᠡᠯᠡᠬᠦ ᠠᠵᠢᠯ ᠢ ᠰᠢᠮᠳᠠᠭᠤᠯᠤᠨ ᠪᠠᠶᠢᠴᠠᠭᠠᠪᠠ
ᠨᠡᠶᠢᠲᠡᠯᠡᠭᠰᠡᠨ ᠴᠠᠭ᠄
2019-01-24
      1 ᠰᠠᠷ᠎ᠠ ᠶᠢᠨ 21 ᠤ ᠡᠳᠦᠷ᠂ ᠰᠢᠶᠠᠨ ᠤ ᠨᠠᠮ ᠤᠨ  ᠬᠤᠷᠥᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠴᠦᠨ ᠶᠠᠨ ᠭᠦ᠋ ᠴᠧᠩ ᠪᠠᠯᠭᠠᠰᠤ ᠶᠢᠨ ᠽᠧ ᠶᠤᠸᠠᠨ ᠢᠳᠡᠰᠢᠨ ᠨᠤᠭᠤᠭ᠎ᠠ ᠶᠢᠨ ᠰᠠᠭᠤᠷᠢᠨ ᠭᠠᠵᠠᠷ᠂ ᠰᠢᠨ᠎ᠡ ᠶᠢᠩᠽᠢ ᠪᠠᠯᠭᠠᠰᠤ ᠶᠢᠨ ᠵᠢᠶᠠ ᠹᠧᠩ ᠢᠳᠡᠰᠢᠨ ᠨᠣᠭᠤᠭ᠎ᠠ ᠶᠢᠨ ᠰᠠᠭᠤᠷᠢᠨ ᠭᠠᠵᠠᠷ ᠤᠨ ᠲᠤᠬᠠᠢ ᠶᠢᠨ ᠭᠠᠵᠠᠷ ᠲᠤᠨᠢ ᠬᠢᠨᠠᠨ ᠵᠢᠯᠤᠭᠤᠳᠴᠦ ︽ᠶᠡᠭᠡ ᠰᠠᠷᠠᠪᠴᠢᠨ ᠭᠡᠷ︾  ᠤᠨ ᠠᠰᠠᠭᠤᠳᠠᠯ ᠢ ᠲᠤᠰᠬᠠᠶᠢᠯᠠᠨ ᠢᠯᠭᠠᠷᠠᠭᠤᠯᠤᠨ ᠪᠠᠶᠢᠴᠠᠭᠠᠬᠤ ᠠᠵᠢᠯ ᠳᠤ ᠰᠢᠮᠳᠠᠭᠤᠯᠤᠨ ᠪᠠᠶᠢᠴᠠᠭᠠᠪᠠ᠃ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᡁᠢ ᠴᠢᠶᠠᠩ᠂ ᠡᠯ᠎ᠡ ᠪᠠᠯᠭᠠᠰᠤ᠂  ᠡᠯ᠎ᠡ ᠰᠠᠯᠠᠭ᠎ᠠ ᠮᠥᠴᠢᠷ ‍ᠤᠨ‌ᠬᠤᠯᠪᠣᠭᠳᠠᠯ ᠪᠦᠬᠦᠢ ᠬᠠᠷᠢᠭᠤᠴᠠᠯᠭᠠᠲᠠᠨ ᠪᠠᠷ᠎ᠠ ᠪᠣᠯᠵᠣ ᠰᠢᠮᠳᠠᠭᠤᠯᠤᠨ ᠪᠠᠶᠢᠴᠠᠭᠠᠵᠠᠶ᠃
      ᠯᠢ ᠴᠦᠨ ᠶᠠᠨ ᠰᠢᠮᠳᠠᠭᠤᠯᠤᠨ ᠪᠠᠶᠢᠴᠠᠭᠠᠬᠤ ᠳᠤᠮᠳᠠ ᠵᠢᠭᠠᠵᠤ ᠭᠠᠷᠭᠠᠭᠰᠠᠨ ᠨᠢ᠂ ︽ᠶᠡᠭᠡ ᠰᠠᠷᠠᠪᠴᠢᠨ ᠭᠡᠷ︾ ᠤᠨ ᠠᠰᠠᠭᠤᠳᠠᠯ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠪᠤᠯ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ  ᠬᠤᠷᠢᠶ᠎ᠠ ᠶᠢᠨ ᠴᠢᠬᠤᠯᠠ ᠨᠢᠭᠡᠨ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠲᠠ ᠮᠥᠨ᠂ ᠬᠥᠳᠡᠭᠡ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠰᠠᠭᠤᠷᠢ ᠪᠠᠲᠤᠯᠠᠭ᠎ᠠ ᠮᠥᠨ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ  ᠶᠡᠷᠦᠩᠬᠡᠢ ᠱᠦᠵᠢ ᠰᠢ ᠶᠢᠨ ᠫᠢᠩ ᠤᠨ ︽ᠶᠡᠭᠡ ᠰᠠᠷᠠᠪᠴᠢᠨ ᠭᠡᠷ︾ ᠤᠨ ᠠᠰᠠᠭᠤᠳᠠᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠵᠤ᠂ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ︽ᠲᠦᠷᠪᠡᠨ ᠤᠬᠠᠮᠰᠠᠷ︾ ᠤᠨ ᠲᠤᠬᠠᠢ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠴᠠᠭ ᠬᠤᠭᠤᠴᠠᠭ᠎ᠠ ᠶᠢ ᠴᠢᠩᠭ᠎ᠠ ᠪᠠᠷᠢᠮᠲᠠᠯᠠᠵᠤ᠂ ᠤᠷᠤᠰᠢᠵᠤ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠢᠯᠭᠠᠷᠠᠭᠤᠯᠤᠨ ᠵᠢᠭᠰᠠᠭᠠᠨ ᠴᠡᠭᠴᠡᠯᠡᠨ ᠰᠠᠶᠢᠵᠢᠷᠠᠭᠤᠯᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠬᠤᠳᠠᠯ ᠬᠠᠭᠤᠷᠮᠠᠭ ᠢᠶᠠᠷ ᠴᠡᠭᠴᠡᠯᠡᠨ ᠵᠠᠰᠠᠬᠤ ᠶᠢ ᠡᠷᠡᠰ ᠬᠤᠷᠢᠭᠯᠠᠵᠤ᠂ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠦᠷ᠎ᠡ ᠪᠦᠲᠦᠮᠵᠢ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1