ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠣᠯᠤᠨ ᠰᠢᠶᠠᠨ ᠤ | ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ 1 ᠰᠠᠷ᠎ᠠ ᠶᠢᠨ 22 ᠤᠨ ᠡᠳᠦᠷ᠂ | ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2018 ᠣᠨ ᠤ | ᠠᠷᠠᠳᠴᠢᠯᠠᠯᠳᠤ ᠠᠮᠢᠳᠤᠷᠠᠯ ᠤᠨ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ | ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠢᠶᠠᠨ ᠤ | ᠳᠠᠷᠤᠭ᠎ᠠ ᠯᠢ ᠴᠦᠨ ᠶᠠᠨ ᠬᠤᠷᠠᠯ ᠡᠷᠬᠢᠯᠡᠪᠡ᠃ ᠰᠢᠶᠠᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ | ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠢᠨᠠᠨ ᠪᠠᠶᠢᠴᠠᠭᠠᠬᠤ ᠵᠥᠪᠯᠡᠯ ᠤᠨ ᠬᠠᠮᠢᠶ᠎ᠠ ᠪᠦᠬᠦᠢ | ᠬᠠᠷᠢᠭᠤᠴᠠᠯᠭᠠᠲᠠᠨ ᠤᠷᠢᠯᠭ᠎ᠠ ᠪᠠᠷ ᠬᠤᠷᠠᠯ ᠳᠤ ᠣᠷᠣᠯᠴᠠᠪᠠ᠃ | ᠬᠤᠷᠠᠯᠳᠤᠭᠠᠨ ᠨᠢ ︽ᠰᠢᠨ᠎ᠡ ᠶᠢ ᠡᠭᠦᠳᠴᠦ ᠤᠨᠤᠯ ᠢᠶᠠᠷ ᠵᠡᠪᠰᠡᠭᠯᠡᠬᠦ ᠶᠢ ᠴᠢᠩᠭᠠᠷᠠᠭᠤᠯᠵᠤ᠂ ︿ᠲᠦᠷᠪᠡᠨ | ᠤᠬᠠᠮᠰᠠᠷ﹀ ᠢ ᠪᠠᠲᠤ ᠪᠠᠬᠢ ᠪᠣᠶ ᠪᠣᠯᠭᠠᠵᠤ᠂ ︿ᠳᠦᠷᠪᠡᠨ ᠢᠲᠡᠭᠡᠯ > ᠢᠶᠠᠨ ᠪᠠᠲᠤᠳᠬᠠᠵᠤ᠂ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠨ᠂ ᠦᠨᠡᠨ ᠢ ᠪᠠᠷᠢᠮᠲᠠᠯᠠᠨ ᠪᠣᠳᠠᠲᠤ ᠠᠵᠢᠯᠯᠠᠭ᠎ᠠ ᠶᠢ ᠡᠷᠬᠢᠮᠯᠡᠬᠦ ᠰᠤᠷᠲᠠᠯ ᠢᠶᠠᠷ ᠨᠠᠮ ᠤᠨ | ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠠᠰᠤᠷᠬᠠᠢ ᠪᠣᠳᠠᠲᠠᠢ | ᠨᠠᠶᠢᠳᠠᠪᠦᠷᠢᠵᠢᠭᠤᠯᠤᠶ᠎ᠠ︾ ᠭᠤᠣᠯ ᠰᠡᠳᠦᠪ ᠪᠤᠯᠭᠠᠵᠤ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ 2017 ᠣᠨ ᠤ ᠠᠷᠠᠳᠴᠢᠯᠠᠯᠳᠤ ᠠᠮᠢᠳᠤᠷᠠᠯ ᠤᠨ ᠬᠤᠷᠠᠯ ᠤᠨ ᠴᠡᠭᠴᠡᠯᠡᠨ | ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠦᠷᠢᠵᠢᠭᠤᠯᠤᠭᠰᠠᠨ ᠪᠠᠶᠢᠳᠠᠯ ᠪᠠ ᠰᠢᠶᠠᠨ ᠤ ᠵᠠᠰᠠᠭ ᠤᠨ ᠣᠷᠳᠣᠨ ᠤ | ᠨᠠᠮ ᠤᠨ ᠤᠳᠤᠷᠢᠳᠬᠤ ᠳᠤᠭᠤᠶᠢᠯᠠᠩ ᠤᠨ 2018 ᠣᠨ ᠤ ᠠᠷᠠᠳᠴᠢᠯᠠᠯᠳᠤ ᠠᠮᠢᠳᠤᠷᠠᠯ ᠤᠨ ᠬᠤᠷᠠᠯ ᠳᠤ ᠰᠠᠨᠠᠯ | ᠬᠤᠷᠢᠶᠠᠭᠰᠠᠨ ᠪᠠᠶᠢᠳᠠᠯ ᠢ ᠵᠠᠷᠯᠠᠪᠠ᠃ ᠯᠢ ᠴᠦᠨ ᠶᠠᠨ ᠨᠦᠬᠦᠷ ᠰᠢᠶᠠᠨ ᠤ ᠠᠷᠠᠳ ᠤᠨ ᠵᠠᠰᠠᠭ ᠤᠨ ᠣᠷᠳᠣᠨ ᠤ | ᠨᠠᠮ ᠤᠨ ᠤᠳᠤᠷᠢᠳᠬᠤ ᠳᠤᠭᠤᠶᠢᠯᠠᠩ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠬᠤ ᠪᠤᠯᠤᠨ ᠬᠤᠪᠢ ᠬᠥᠮᠦᠨ ᠤ | ᠬᠠᠷᠭᠤᠭᠤᠯᠤᠨ ᠪᠠᠶᠢᠴᠠᠭᠠᠯᠳᠠ ᠬᠢᠪᠡ᠃ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠳ | ᠨᠢᠭᠡ ᠪᠠᠷ ᠲᠥᠪ ᠴᠢᠩᠭ᠎ᠠ ᠨᠠᠷᠢᠨ ᠬᠢᠨᠠᠮᠠᠭᠠᠢ ᠬᠤᠪᠢ ᠬᠥᠮᠦᠨ ᠤ ᠬᠠᠷᠭᠤᠭᠤᠯᠤᠨ ᠪᠠᠶᠢᠴᠠᠭᠠᠯᠳᠠ᠂ ᠰᠢᠭᠦᠮᠵᠢᠯᠡᠯ ᠪᠠ | ᠥᠪᠡᠷ ᠤᠨ ᠰᠢᠭᠦᠮᠵᠢᠯᠡᠯ ᠬᠢᠪᠡ᠃ | ᠯᠢ ᠴᠦᠨ ᠶᠠᠨ ᠳ᠋ᠦᠩᠨᠡᠯᠲᠡ ᠶᠢᠨ ᠶᠠᠷᠢᠶ᠎ᠠ ᠲᠠᠯᠪᠢᠬᠤ ᠳᠠᠭᠠᠨ ᠵᠢᠭᠠᠵᠤ ᠭᠠᠷᠭᠠᠭᠰᠠᠨ ᠨᠢ᠂ ᠡᠨᠡ ᠤᠳᠠᠭ᠎ᠠ ᠶᠢᠨ | ᠠᠷᠠᠳᠴᠢᠯᠠᠯᠳᠤ ᠠᠮᠢᠳᠤᠷᠠᠯ ᠤᠨ ᠬᠤᠷᠠᠯ ᠠᠮᠵᠢᠯᠳᠠ ᠲᠠᠢ ᠶᠠᠪᠤᠭᠳᠠᠪᠠ᠂ ᠡᠨᠡ ᠪᠤᠯ ᠨᠢᠭᠡᠨ ᠤᠳᠠᠭᠠᠨ ᠤ ᠪᠡᠯᠡᠳᠬᠡᠯ | ᠭᠦᠢᠴᠡᠳ᠂ ᠶᠠᠪᠤᠴᠠ ᠯᠠᠪᠳᠠᠭᠤᠨ ᠪᠠᠲᠤᠲᠠᠶ᠂ ᠡᠯᠪᠡᠭ ᠳᠡᠯᠪᠡᠭ ᠦᠷ᠎ᠡ ᠪᠦᠲᠦᠭᠡᠯ ᠲᠠᠢ ᠬᠤᠷᠠᠯ᠂ ᠮᠦᠨ ᠴᠦ ᠨᠢᠭᠤᠷ | ᠤᠯᠠᠶᠢᠯᠭᠠᠨ ᠬᠥᠯᠥᠰᠥ ᠭᠠᠷᠭᠠᠬᠤ᠂ ᠠᠰᠠᠭᠤᠳᠠᠯ ᠢ ᠢᠯᠡᠴᠢᠯᠡᠬᠦ᠂ ᠲᠦᠮᠡᠨ ᠤ ᠰᠠᠨᠠᠯ ᠢ ᠠᠪᠴᠤ ᠤᠯᠠᠨ ᠤ ᠤᠬᠠᠭᠠᠨ ᠢ | ᠨᠢᠭᠳᠠᠷᠠᠭᠤᠯᠬᠤ ᠬᠤᠷᠠᠯ᠂ ᠨᠡᠩ ᠴᠤ ᠨᠢᠭᠡᠨ ᠤᠳᠠᠭ᠎ᠠ ᠶᠢᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ | ᠪᠦᠯᠬᠦᠮᠳᠡᠯ ᠢ ᠴᠢᠩᠭᠠᠳᠬᠠᠵᠤ᠂ ᠬᠥᠭᠵᠢᠯᠲᠡᠶᠢ ᠰᠦᠪᠡᠭᠴᠢᠯᠡᠬᠦ ᠬᠤᠷᠠᠯ ᠪᠣᠯᠤᠨ᠎ᠠ ᠭᠡᠪᠡ᠃ ᠨᠥᠬᠦᠳ ᠡ᠂ | ᠠᠭᠤᠳᠠᠮᠴᠢ ᠪᠠᠭᠲᠠᠭᠠᠮᠵᠢᠲᠠᠢ ᠰᠡᠳᠬᠢᠯ ᠢᠶᠠᠷ᠂ ᠴᠢᠩ ᠦᠨᠡᠨᠴᠢ ᠪᠠᠷ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠬᠢᠵᠦ | ᠂ ᠦᠨᠡᠨ ᠪᠣᠳᠠᠲᠠᠶ ᠲᠥᠪ ᠭᠤᠣᠯᠴᠢ ᠪᠠᠶᠢᠵᠤ᠂ ᠦᠨᠡᠨ ᠠᠴᠠ ᠵᠥᠪ ᠢ ᠡᠷᠢᠬᠦ ᠣᠪᠣᠷ ᠢᠶᠠᠷ ᠰᠠᠨᠠᠯ ᠪᠠ ᠰᠠᠨᠠᠭᠤᠯᠭ᠎ᠠ | ᠳᠤᠷᠠᠳᠴᠤ᠂ ᠬᠡᠪ ᠴᠢᠨᠠᠷ ᠢᠶᠠᠨ ᠲᠡᠭᠡᠭᠰᠢᠯᠡᠭᠦᠯᠵᠦ᠂ ᠦᠵᠡᠯ ᠰᠠᠨᠠᠭ᠎ᠠ ᠪᠠᠨ ᠰᠤᠯᠢᠯᠴᠠᠨ᠂ ᠬᠠᠮᠲᠤ ᠶᠢᠨ ᠲᠠᠨᠢᠯᠲᠠ | ᠨᠢᠭᠡᠳᠤᠵᠤ᠂ ᠪᠦᠯᠬᠦᠮᠳᠡᠯ ᠢ ᠴᠢᠩᠭᠠᠳᠬᠠᠨ ᠦᠷ᠎ᠡ ᠪᠦᠲᠦᠮᠵᠢ ᠡᠯᠡᠪᠭ ᠪᠠᠶᠢᠨ᠎ᠠ᠃ | ᠯᠢ ᠴᠦᠨ ᠶᠠᠨ ᠨᠦᠬᠦᠷ᠂ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠬᠢᠨ ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢᠶᠠᠷ ᠰᠢᠨ᠎ᠡ ᠡᠬᠢᠯᠡᠯᠳᠡ ᠶᠢᠨ | ᠴᠢᠭ ᠪᠣᠯᠭᠠᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ | ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠵᠢᠯᠤᠭᠤᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ᠂ ᠤᠬ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ | ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠡᠷᠡᠰ ᠵᠣᠷᠢᠭ ᠢᠶᠠᠷ ᠰᠢᠨ᠎ᠡ ᠶᠢ ᠡᠭᠦᠳᠬᠦ᠂ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠵᠤ᠂ ᠰᠢᠨ᠎ᠡ ᠴᠠᠭ ᠦᠶ᠎ᠡ ᠶᠢᠨ ᠲᠣᠭᠲᠠᠬᠤ ᠶᠢᠨ | ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ ᠭᠡᠵᠪ | ᠴᠢᠬᠤᠯᠠᠴᠢᠯᠠᠪᠠ᠃ |