ᠲᠣᠭᠲᠠᠬᠤ ᠰᠢᠶᠠᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ‌ᠬᠤᠷᠠᠯᠳᠤᠪᠠ
ᠨᠡᠶᠢᠲᠡᠯᠡᠭᠰᠡᠨ ᠴᠠᠭ᠄
2019-01-03
      12 ᠰᠠᠷ᠎ᠠ ᠶᠢᠨ 28 ᠤ ᠡᠳᠤᠷ ᠤᠨ ᠦᠳᠡ ᠶᠢᠨ ᠡᠮᠦᠨ᠎ᠡ᠂ ᠲᠣᠭᠲᠠᠬᠤ ᠰᠢᠶᠠᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯᠳᠤᠭᠠᠨ ᠶᠦᠨ ᠵᠦᠩ ᠰᠣᠶᠣᠯ ᠤᠨ ᠣᠷᠳᠣᠨ ᠤ ᠬᠤᠷᠠᠯ ᠤᠨ ᠲᠢᠩᠬᠢᠮ ᠳᠤ ᠦᠪᠡᠳᠡᠭᠰᠢ ᠶᠡᠭᠡ‌‍ᠪᠡᠷ ᠬᠤᠷᠠᠯ ᠡᠬᠢᠯᠡᠪᠡ᠃ ᠰᠢᠶᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠰᠦᠨ ᠰᠢᠶᠦ᠋ᠨ ᠶᠡᠭᠡ ᠬᠤᠷᠠᠯ ᠵᠢᠩᠬᠢᠨᠢ ᠪᠠᠷ ᠡᠬᠢᠯᠡᠭᠰᠡᠨ ᠢ ᠲᠤᠩᠬᠠᠭᠯᠠᠪᠠ᠃ ᠰᠢᠶᠠᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠳᠤ ᠣᠷᠣᠯᠴᠠᠪᠠᠰᠤ ᠵᠣᠬᠢᠬᠤ ᠲᠥᠯᠥᠭᠡᠯᠡᠭᠴᠢ 166 ᠬᠥᠮᠦᠨ᠂ ᠦᠨᠦᠳᠦᠷ ᠤᠨ ᠬᠤᠷᠠᠯ ᠳᠤ 162  ᠲᠦᠯᠦᠭᠡᠯᠡᠭᠴᠢ ᠤᠷᠤᠯᠴᠠᠪᠠ᠃
     ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠬᠦ ᠭᠡᠰᠢᠭᠦᠳ ᠪᠣᠯᠤᠨ ᠪᠦᠬᠦ ᠰᠢᠶᠠᠨ ᠤ ᠳᠡᠳ᠋ ᠭᠠᠵᠠᠷ ᠤᠨ ᠳᠡᠰ ᠠᠴᠠ ᠳᠡᠭᠡᠭᠰᠢᠬᠢ ᠤᠳᠤᠷᠢᠳᠬᠤ ᠺᠠᠳ᠋ᠷᠴᠤᠳ ᠲᠡᠷᠢᠭᠦᠯᠡᠭᠴᠢ ᠶᠢᠨ ᠲᠠᠶᠢᠰᠠᠨ ᠳᠤ ᠰᠠᠭᠤᠯᠴᠠᠪᠠ᠃ ᠦᠨᠦᠳᠦᠷ ᠤᠨ ᠶᠡᠭᠡ ᠬᠤᠷᠠᠯ ᠳᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠣᠭᠲᠠᠭᠠᠭᠰᠠᠨ ᠰᠤᠯᠠ ᠣᠷᠣᠯᠴᠠᠬᠤ ᠬᠥᠮᠦᠰ᠂ ᠲᠣᠭᠲᠠᠬᠤ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠬᠤᠷᠠᠯᠳᠤᠭᠠᠨ ᠤ ᠪᠦᠬᠦ ᠭᠡᠰᠢᠭᠦᠨ ᠪᠣᠯᠤᠨ ᠰᠤᠯᠠ ᠣᠷᠣᠯᠴᠠᠭᠴᠢ ᠬᠤᠷᠠᠯ ᠳᠤ ᠰᠤᠯᠠ ᠤᠷᠤᠯᠴᠠᠵᠠᠢ᠃
     ᠥᠨᠥᠳᠦᠷ ᠤᠨ ᠶᠡᠭᠡ ᠬᠤᠷᠠᠯ ᠤᠨ ᠭᠦᠢᠴᠡᠳᠬᠡᠬᠦ ᠲᠡᠷᠢᠭᠦᠯᠡᠭᠴᠢ ᠪᠣᠯ ᠭᠦᠸᠧ ᡁᠢ ᠭᠠᠩ᠂ ᠰᠦᠨ ᠰᠢᠶᠦ᠋ᠨ᠂ ᠵᠢᠶᠠᠩ ᠴᠢ ᠡᠾᠸᠤ᠂ ᠲᠢᠶᠠᠨ ᠢᠦᠢ ᠱᠠᠨ᠂ ᠸᠠᠩ ᠶᠦᠩ ᠪᠢᠨ᠂ ᠤᠶᠤᠨᠴᠡᠴᠡᠭ ᠨᠠᠷ ᠪᠤᠯᠤᠨ᠎ᠠ᠃
     ᠶᠡᠭᠡ ᠬᠤᠷᠠᠯ ᠤᠨ ᠭᠦᠢᠴᠡᠳᠬᠡᠬᠦ ᠲᠡᠷᠢᠭᠦᠯᠡᠭᠴᠢ᠂ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠰᠦᠨ ᠰᠢᠶᠦ᠋ᠨ ᠬᠤᠷᠠᠯ ᠢ ᠡᠷᠬᠢᠯᠡᠪᠡ᠃
     ᠰᠢᠶᠠᠨ ᠤ ᠨᠠᠮ ᠤᠨ ᠬᠤᠲᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠴᠦᠨ ᠶᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠃  ᠯᠢ ᠴᠦᠨ ᠶᠠᠨ ᠨᠦᠬᠦᠷ ᠤᠨ ᠢᠯᠡᠳᠬᠡᠯ ᠨᠢ ᠨᠢᠭᠡ ᠳᠤ᠂ 2018 ᠣᠨ ᠤ ᠠᠵᠢᠯ ᠤᠨ ᠡᠷᠭᠢᠴᠡᠭᠦᠯᠦᠯ᠂ ᠬᠤᠶᠠᠷ ᠲᠤ᠂ 2019 ᠣᠨ ᠤ ᠠᠵᠢᠯ ᠤᠨ ᠳᠤᠬᠢᠷᠠᠭᠤᠯᠤᠯᠳᠠ ᠭᠡᠬᠦ ᠬᠤᠶᠠᠷ ᠪᠦᠯᠦᠭ ᠢᠶᠠᠷ ᠪᠦᠷᠢᠯᠳᠦᠵᠡᠢ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1