ᠲᠣᠭᠲᠠᠬᠤ ᠰᠢᠶᠠᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠢᠯᠠᠯᠲᠠ ᠲᠠᠢ ᠪᠠᠷ ᠲᠡᠭᠦᠰᠪᠡ
ᠨᠡᠶᠢᠲᠡᠯᠡᠭᠰᠡᠨ ᠴᠠᠭ᠄
2019-01-03
      12 ᠰᠠᠷ᠎ᠠ ᠶᠢᠨ 30 ᠤ ᠡᠳᠦᠷ ᠤᠨ ᠦᠳᠡ ᠶᠢᠨ ᠬᠤᠶᠢᠨ᠎ᠠ᠂ ᠲᠣᠭᠲᠠᠬᠤ ᠰᠢᠶᠠᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯᠳᠤᠭᠠᠨ ᠭᠤᠷᠪᠠᠳᠤᠭᠠᠷ ᠤᠳᠠᠭᠠᠨ ᠤ ᠪᠦᠭᠦᠳᠡ ᠬᠤᠷᠠᠯ ᠬᠤᠷᠠᠯᠳᠤᠭᠤᠯᠪᠠ᠃ ᠶᠡᠭᠡ ᠬᠤᠷᠠᠯ ᠳᠤ ᠣᠷᠣᠯᠴᠠᠬᠤ ᠶᠣᠰᠣᠲᠠᠶ ᠲᠥᠯᠥᠭᠡᠯᠡᠭᠴᠢ 166 ᠬᠥᠮᠦᠨ᠂ ᠴᠢᠯᠥᠭᠡ  ᠭᠤᠶᠤᠭᠴᠢ 3 ᠬᠦᠮᠦᠨ᠂ ᠪᠣᠳᠠᠲᠠᠢ 163 ᠬᠥᠮᠦᠨ ᠤᠷᠤᠯᠴᠠᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃
     ᠶᠡᠭᠡ ᠬᠤᠷᠠᠯ ᠤᠨ ᠲᠡᠷᠢᠭᠦᠯᠡᠭᠴᠢ ᠶᠢᠨ ᠲᠠᠶᠢᠰᠠᠨ ᠳᠤ ᠬᠦᠸᠧ ᡁᠢ ᠭᠠᠩ᠂ ᠯᠢ ᠴᠦᠨ ᠶᠠᠨ᠂ ᠰᠦᠨ ᠰᠢᠶᠦ᠋ᠨ᠂ ᠭᠤᠤ ᠪᠠᠲᠤ ᠵᠡᠷᠭᠡ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠬᠦ ᠭᠡᠰᠢᠭᠦᠳ ᠵᠢᠴᠢ ᠪᠦᠬᠦ ᠰᠢᠶᠠᠨ ᠤ ᠳᠡᠳ᠋ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷ ᠮᠤᠷᠢᠯᠡᠨ ᠰᠠᠭᠠᠭᠳᠠᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠣᠭᠲᠠᠭᠠᠭᠰᠠᠨ ᠰᠤᠯᠠ ᠣᠷᠣᠯᠴᠠᠬᠤ ᠬᠥᠮᠦᠰ ᠬᠤᠷᠠᠯ ᠳᠤ ᠤᠷᠤᠯᠴᠠᠪᠠ  ᠃      ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠪᠣᠯ᠄ ᠭᠦᠸᠧ ᡁᠢ ᠭᠠᠩ᠂ ᠰᠦᠨ ᠰᠢᠶᠦ᠋ᠨ᠂ ᠵᠢᠶᠠᠩ ᠴᠢ ᠡᠾᠸᠤ᠂ ᠲᠢᠶᠠᠨ ᠢᠦᠢ ᠱᠠᠨ᠂ ᠸᠠᠩ ᠶᠦᠩ ᠪᠢᠨ᠂ ᠤᠶᠤᠨᠴᠡᠴᠡᠭ ᠨᠠᠷ ᠪᠤᠯᠤᠨ᠎ᠠ᠃      ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ᠂ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠰᠦᠨ ᠰᠢᠶᠦ᠋ᠨ ᠬᠤᠷᠠᠯ ᠡᠷᠬᠢᠯᠡᠪᠡ᠃
     ᠬᠤᠷᠠᠯ ᠠᠴᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠶ ᠰᠢᠢᠳᠪᠦᠷᠢ᠂ ᠲᠤᠭᠳᠠᠬᠤ ᠰᠢᠶᠠᠨ ᠤ 2018 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠭᠦᠢᠴᠡᠳᠬᠡᠭᠰᠡᠨ ᠪᠠᠶᠢᠳᠠᠯ ᠬᠢᠭᠡᠳ 2019 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠢ ᠰᠢᠢᠳᠪᠦᠷᠢ ᠶᠢ ᠪᠠᠲᠤᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ᠂ ᠲᠣᠭᠲᠠᠬᠤ ᠰᠢᠶᠠᠨ ᠤ ᠠᠷᠠᠳ ᠤᠨ ᠰᠢᠭᠦᠬᠦ ᠬᠤᠷᠢᠶ᠎ᠠ ᠶᠢᠨ ᠠᠵᠢᠯ ᠤᠨ ᠢᠯᠡᠳᠬᠡᠯ᠂ ᠲᠣᠭᠲᠠᠬᠤ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠠᠵᠢᠯ ᠤᠨ ᠢᠯᠡᠳᠬᠡᠯ ᠤᠨ ᠲᠤᠬᠠᠶ ᠰᠢᠢᠳᠪᠦᠷᠢ ᠶᠢ ᠪᠠᠳᠤᠯᠠᠵᠠᠢ᠃      ᠶᠡᠭᠡ ᠬᠤᠷᠠᠯ ᠠᠴᠠ ᠬᠠᠮᠤᠭ ᠤᠨ ᠰᠡᠭᠦᠯ ᠳᠤ ᠲᠡᠭᠦᠰᠬᠦ ᠶᠣᠰᠣᠯᠠᠯ ᠬᠢᠪᠡ᠃ ᠰᠢᠶᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠰᠢᠶᠦ᠋ᠨ ᠲᠡᠭᠦᠰᠬᠦ ᠶᠤᠰᠤᠯᠠᠯ ᠲᠡᠭᠡᠷ᠎ᠡ ᠶᠠᠷᠢᠶ᠎ᠠ ᠲᠠᠯᠪᠢᠪᠠ᠃  ᠰᠦᠨ ᠰᠢᠶᠦ᠋ᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠢ ᠲᠦᠯᠦᠭᠡᠯᠡᠨ᠂ ᠤᠷᠳᠤ ᠬᠤᠭᠤᠴᠠᠭᠠᠨ ᠤ ᠲᠤᠷᠰᠢ ᠰᠢᠷᠭᠠᠭᠤ ᠬᠠᠲᠠᠭᠤᠵᠢᠯᠲᠠᠢ ᠡᠭᠦᠷᠭᠡ ᠲᠤᠰᠢᠶᠠᠯ ᠢᠶᠠᠨ ᠭᠦᠴᠡᠳᠭᠡᠵᠤ ᠪᠠᠶᠢᠭ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠬᠠᠯᠠᠮᠵᠢᠯᠠᠨ ᠳᠡᠮᠵᠢᠭᠰᠡᠨ ᠪᠣᠶ ᠪᠥᠬᠦᠶ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕ ᠴᠢᠩ ᠰᠡᠳᠬᠢᠯ ᠠᠴᠠ ᠪᠠᠨ ᠪᠠᠶᠠᠷ ᠤᠨ ᠡᠳᠦᠷ ᠤᠨ ᠮᠡᠨᠳᠦᠴᠢᠯᠡᠯ ᠪᠠ ᠬᠠᠮᠤᠭ ᠤᠨ ᠰᠠᠶᠢᠨ ᠰᠠᠶᠢᠬᠠᠨ ᠰᠢᠨ᠎ᠡ ᠵᠢᠯ ᠤᠨ ᠢᠷᠦᠬᠡᠯ ᠵᠥᠩᠨᠡᠯ ᠳᠡᠪᠰᠢᠭᠦᠯᠵᠦ ᠪᠠᠶᠢᠨ᠎ᠠ︕  ᠭᠡᠪᠡ᠃      ᠬᠠᠮᠤᠭ ᠡᠴᠦᠰ᠂ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ‌‍ᠶᠡᠭᠡ ᠬᠤᠷᠠᠯ ᠠᠮᠵᠢᠯᠳᠠ ᠲᠠᠢ ᠲᠡᠭᠦᠰᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1