ᠫᠤᠤᠵᠢᠩ ᠤᠨ ᠠᠶᠤᠯᠭᠦᠢ ᠶᠢᠨ ᠡᠵᠡᠩᠨᠡᠯᠳᠡ ᠬᠠᠮᠢᠶᠠᠷᠤᠯᠳᠠ ᠶᠢ ᠤᠯᠠᠮ ᠨᠢᠭᠡ ᠠᠯᠬᠤᠮ ᠴᠢᠩᠭᠠᠳᠬᠠᠵᠤ ᠂ | ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠳᠤᠯᠠᠵᠤ᠂ ᠬᠠᠤᠯᠢ ᠪᠤᠰᠤ ᠫᠤᠤᠵᠢᠩ | ᠡᠵᠡᠩᠨᠡᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠬᠦ ᠶᠢᠨ ᠲᠦᠯᠦᠭᠡ᠂ ︽ᠫᠤᠤᠵᠢᠩ ᠤᠨ | ᠡᠵᠡᠩᠨᠡᠯᠳᠡ ᠶᠢᠨ ᠵᠥᠪᠰᠢᠶᠡᠷᠡᠯ ᠬᠡᠷᠡᠭᠵᠢᠭᠦᠯᠬᠦ ᠠᠷᠭ᠎ᠠ︾ ᠪᠣᠯᠤᠨ ︽ᠬᠥᠬᠡᠬᠤᠲᠠ ᠶᠢᠨ ᠫᠤᠤᠵᠢᠩ ᠤᠨ ᠠᠶᠤᠯᠭᠦᠢ ᠶᠢᠨ | ᠬᠠᠮᠢᠶᠠᠷᠤᠯᠲᠠ ᠶᠢᠨ ᠲᠣᠭᠲᠠᠭᠠᠯ︾ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠮᠠᠨ ᠤ ᠰᠢᠶᠠᠨ ᠤ ᠪᠣᠳᠠᠲᠤ | ᠪᠠᠶᠢᠳᠠᠯ ᠢ ᠦᠨᠳᠦᠰᠦᠯᠡᠨ᠂ ᠤᠳᠤ ᠠᠴᠠ ᠡᠬᠢᠯᠡᠨ ᠴᠠᠭᠠᠨ ᠰᠠᠷ᠎ᠠ ᠶᠢᠨ ᠬᠤᠭᠤᠴᠠᠭᠠᠨ ᠳᠤ ︽ᠫᠤᠤᠵᠢᠩ ᠲᠦᠷ ᠴᠠᠭ | ᠪᠣᠷᠣᠯᠠᠭᠤᠯᠬᠤ ᠵᠥᠪᠰᠢᠶᠡᠷᠡᠯ ᠤᠨ ᠦᠨᠡᠮᠯᠡᠯ︾ ᠳᠠᠩᠰᠠᠯᠠᠭᠤᠯᠬᠤ ᠪᠠᠷ ᠲᠤᠭᠳᠠᠭᠠᠯ ᠭᠠᠷᠭᠠᠪᠠ᠃ ᠫᠤᠤᠵᠠᠩ ᠡᠵᠡᠩᠨᠡᠬᠦ | ᠰᠠᠨᠠᠭ᠎ᠠ ᠲᠠᠢ ᠡᠵᠡᠩᠨᠡᠭᠴᠢ ᠲᠤᠰ ᠬᠥᠮᠦᠨ ᠤ ᠪᠡᠶ᠎ᠡ ᠶᠢᠨ ᠦᠨᠡᠮᠯᠡᠯ ᠢᠶᠠᠨ ᠠᠪᠴᠦ᠂ 2019 ᠤᠠ ᠤ 1 ᠰᠠᠷ᠎ᠠ ᠶᠢᠨ | 3 ᠤ ᠡᠳᠤᠷ ᠠᠴᠠ 2019 ᠤᠨ ᠤ 1 ᠰᠠᠷ᠎ᠠ ᠶᠢᠨ 11 ᠤ ᠡᠳᠤᠷ ᠪᠤᠯᠳᠠᠯ᠎ᠠ᠂ ᠰᠢᠶᠠᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪᠤᠨ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ | ᠦᠢᠯᠡᠴᠢᠯᠡᠭᠡᠨ ᠤ ᠭᠠᠵᠠᠷ ᠳᠠᠩᠰᠠᠯᠠᠭᠤᠯᠬᠤ ᠬᠡᠷᠡᠭᠲᠡᠶ᠂ ᠬᠤᠭᠤᠴᠠᠭ᠎ᠠ ᠬᠡᠲᠦᠷᠡᠭᠰᠡᠨ ᠪᠠᠶᠢᠪᠠᠯ ᠬᠦᠯᠢᠶᠡᠨ ᠠᠪᠬᠤ | ᠦᠭᠡᠢ᠃ ᠳᠠᠩᠰᠠᠯᠠᠭᠤᠯᠬᠤ ᠲᠤᠬᠠᠢ ᠶᠢᠨ ᠴᠠᠭ ᠲᠤ ᠰᠢᠶᠠᠨ ᠤ ᠠᠶᠤᠯᠭᠦᠶ ᠦᠢᠯᠡᠳᠪᠦᠷᠢᠯᠡᠯ ᠤᠨ | ᠬᠢᠨᠠᠯᠲᠠᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠨ ︽ᠫᠤᠤᠵᠢᠩ ᠲᠦᠷ ᠴᠠᠭ ᠤᠨ ᠪᠣᠷᠣᠯᠠᠭᠤᠯᠬᠤ | ᠵᠥᠪᠰᠢᠶᠡᠷᠡᠯ ᠤᠨ ᠦᠨᠡᠮᠯᠡᠯ︾ ᠭᠤᠶᠤᠴᠢᠯᠠᠨ ᠠᠪᠬᠤ ᠵᠦᠢᠯᠡᠰ ᠪᠠ ᠬᠠᠩᠭᠠᠬᠤ ᠴᠢᠬᠤᠯᠠᠳᠠᠢ ᠮᠠᠲ᠋ᠧᠷᠢᠶᠠᠯ ᠢ ᠰᠢᠰᠲ᠋ᠧᠮ | ᠲᠠᠢ ᠮᠡᠳᠡᠭᠳᠡᠬᠦ ᠪᠤᠯᠤᠨ᠎ᠠ᠂ ᠴᠠᠭ ᠲᠤᠬᠠᠢ ᠳᠠᠭᠠᠨ ᠬᠠᠩᠭᠠᠵᠤ ᠲᠡᠶᠢᠯᠦᠭᠰᠡᠨ ᠦᠭᠡᠢ ᠪᠤᠶᠤ ᠬᠠᠩᠭᠠᠭᠰᠠᠨ ᠮᠠᠲ᠋ᠧᠷᠢᠶᠠᠯ | ᠨᠢ ᠪᠦᠷᠢᠨ ᠪᠤᠰᠤ ᠪᠠᠶᠢᠪᠠᠯ ᠦᠨᠡᠮᠯᠡᠯ ᠣᠯᠭᠤᠬᠤ ᠦᠭᠡᠢ᠃ | ᠲᠣᠭᠲᠠᠬᠤ ᠰᠢᠶᠠᠨ ᠠᠶᠤᠯᠭᠦᠶ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ | 2019 ᠤᠨ ᠤ 1 ᠰᠠᠷ᠎ᠠ ᠶᠢᠨ 2 ᠤ ᠡᠳᠤᠷ |