ᠲᠣᠭᠲᠠᠬᠤ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠲᠡᠵᠢᠭᠡᠯ ᠪᠣᠷᠳᠤᠭ᠎ᠠ ᠦᠢᠯᠡᠳᠪᠦᠷᠢᠯᠡᠬᠦ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠳᠤ ᠲᠤᠰᠬᠠᠶᠢᠯᠠᠨ ᠪᠠᠶᠢᠴᠠᠭᠠᠯᠳᠠ ᠶᠢᠨ ᠠᠵᠢᠯ ᠦᠷᠨᠢᠭᠦᠯᠪᠡ
ᠨᠡᠶᠢᠲᠡᠯᠡᠭᠰᠡᠨ ᠴᠠᠭ᠄
2019-01-08
      ᠦᠢᠷ᠎ᠠ ᠶᠢᠨ ᠡᠳᠦᠷ᠂ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠬᠠᠤᠯᠢ ᠬᠡᠷᠡᠭᠵᠢᠭᠦᠯᠬᠦ ᠠᠵᠢᠯᠳᠠ ᠢ ᠵᠣᠬᠢᠶᠠᠨ ᠪᠠᠶᠢᠭᠤᠯᠤᠨ ᠰᠢᠶᠠᠨ ᠤ ᠬᠢᠯᠢ ᠳᠣᠲᠣᠷᠠᠬᠢ ᠲᠡᠵᠢᠭᠡᠯ ᠪᠣᠷᠳᠤᠭ᠎ᠠ ᠪᠣᠯᠤᠨ ᠲᠡᠵᠢᠭᠡᠯ ᠪᠣᠷᠳᠣᠭᠠᠨ ᠤ ᠨᠡᠮᠡᠯᠲᠡ ᠡᠳ᠋ ᠦᠢᠯᠡᠳᠪᠦᠷᠢᠯᠡᠬᠦ ᠠᠵᠤ ᠠᠬᠤᠶᠢᠯᠠᠯ ᠤᠨ ᠲᠡᠵᠢᠭᠡᠯ ᠪᠣᠷᠳᠤᠭ᠎ᠠ ᠶᠢᠨ ᠠᠶᠤᠯᠭᠦᠢ ᠦᠢᠯᠡᠳᠪᠦᠷᠢᠯᠡᠯ ᠳᠤ ᠪᠠᠶᠢᠴᠠᠭᠠᠯᠲᠠ ᠬᠢᠪᠡ᠃  ᠪᠠᠶᠢᠴᠠᠭᠠᠯᠳᠠ ᠳᠤ ᠦᠢᠯᠡᠳᠪᠦᠷᠢᠯᠡᠯ ᠤᠨ ᠵᠠᠩᠭᠢᠯᠠᠭ᠎ᠠ᠂ ᠰᠢᠯᠭᠠᠨ ᠪᠠᠶᠢᠴᠠᠭᠠᠬᠤ ᠭᠤᠭᠴᠤᠭ᠎ᠠ᠂ ᠭᠠᠯ ᠰᠡᠷᠭᠡᠶᠢᠯᠡᠬᠦ ᠪᠠ ᠴᠠᠬᠢᠯᠭᠠᠨ ᠬᠡᠷᠡᠭᠯᠡᠬᠦ᠂ ᠭᠦᠸᠧᠯᠦ ᠶᠢᠨ ᠠᠶᠤᠯᠭᠦᠶ᠂ ᠲᠣᠭᠤᠰᠣ ᠬᠢᠵᠠᠭᠠᠷᠯᠠᠬᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠠᠭᠤᠯᠭ᠎ᠠ ᠪᠠᠭᠳᠠᠭᠠᠨ᠎ᠠ᠃ ᠪᠠᠶᠢᠴᠠᠭᠠᠯᠲᠠ ᠶᠢᠨ ᠳᠤᠮᠳᠠ 3 ᠪᠣᠷᠳᠤᠭ᠎ᠠ ᠦᠢᠯᠡᠳᠪᠦᠷᠢᠯᠡᠬᠦ ᠠᠵᠤ ᠠᠬᠤᠶᠢᠯᠠᠯ ᠨᠢ ᠠᠮᠤᠷ ᠲᠦᠪᠰᠢᠨ ᠤ ᠦᠢᠯᠡᠳᠪᠦᠷᠢᠯᠡᠯ ᠤᠨ ᠳᠠᠯᠳᠠ ᠬᠡᠮ ᠣᠷᠣᠰᠢᠵᠤ ᠪᠠᠶᠢᠭ᠎ᠠ ᠪᠤᠯᠬᠤᠷ ᠬᠠᠤᠯᠢ ᠬᠡᠷᠡᠭᠵᠢᠭᠦᠯᠬᠦ ᠠᠵᠢᠯᠲᠠᠨ ᠲᠤᠬᠠᠶ ᠶᠢᠨ ᠭᠠᠵᠠᠷ ᠲᠤᠨᠢ ᠠᠯᠪᠠᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠠᠯᠪᠠᠳᠠᠯᠭ᠎ᠠ ᠶᠢᠨ ᠪᠢᠴᠢᠭ ᠪᠠᠭᠤᠯᠭᠠᠪᠠ᠃ ᠲᠤᠰ ᠤᠳᠠᠭᠠᠨ ᠤ ᠪᠠᠶᠢᠴᠠᠭᠠᠯᠲᠠ ᠳᠤ᠂ ᠬᠠᠤᠯᠢ ᠬᠡᠷᠡᠭᠵᠢᠭᠦᠯᠬᠦ ᠲᠡᠷᠭᠡ 6 ᠤᠳᠠᠭ᠎ᠠ᠂ ᠬᠠᠤᠯᠢ ᠬᠡᠷᠡᠭᠵᠢᠭᠦᠯᠬᠦ ᠠᠵᠢᠯᠲᠠᠨ 24 ᠬᠥᠮᠦᠨ ᠤᠳᠠᠭ᠎ᠠ ᠤᠷᠤᠯᠴᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1