ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠲᠤᠭᠤᠶᠢᠯᠠᠩ 2019 ᠣᠨ ᠤ 21 ᠳ᠋ᠦ᠋ᠭᠡᠷ ᠤᠳᠠᠭ᠎ᠠ ᠶᠢᠨ ᠬᠤᠷᠠᠯ ᠵᠢᠴᠢ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-10-01
       9 ᠰᠠᠷ᠎ᠠ ᠶᠢᠨ 29 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠠᠷᠠᠳ  ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠢᠶᠠᠨ ᠤ ᠳᠠᠷᠤᠭ᠎ᠠ ᠯᠢ ᠴᠦᠨ ᠶᠠᠨ ᠰᠢᠶᠠᠨ ᠤ ᠠᠷᠠᠳ ᠤᠨ ᠵᠠᠰᠠᠭ ᠣᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2019 ᠣᠨ 21 ᠳ᠋ᠦ᠋ᠭᠡᠷ ᠬᠤᠷᠠᠯᠳᠤᠭᠠᠨ ᠵᠢᠴᠢ ᠲᠥᠪᠯᠡᠷᠡᠭᠦᠯᠦᠨ ᠰᠤᠷᠤᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ  ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠭᠡᠰᠢᠭᠦᠳ ᠬᠤᠷᠠᠯ ᠳᠤ ᠣᠷᠣᠯᠴᠠᠪᠠ᠃ ᠠᠵᠤ ᠦᠶᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠢᠶᠣᠤ ᠸᠧᠨ ᠸᠧᠶ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ  ᠪᠠᠶᠢᠴᠠᠭᠠᠬᠤ ᠵᠥᠪᠯᠡᠯ  ᠤᠨ ᠬᠠᠷᠢᠭᠤᠴᠠᠯᠭᠠᠲᠠᠨ ᠤᠷᠢᠯᠭ᠎ᠠ ᠪᠠᠷ ᠬᠤᠷᠠᠯ ᠳᠤ ᠣᠷᠣᠯᠴᠠᠪᠠ᠃ ᠡᠯ᠎ᠡ ᠪᠠᠯᠭᠠᠰᠤ᠂  ᠾᠧ ᠺᠧ ᠬᠠᠮᠢᠶᠠᠷᠤᠯᠲᠠ  ᠶᠢᠨ ᠵᠥᠪᠯᠡᠯ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠲᠣᠭᠲᠠᠭᠠᠬᠤ ᠳᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ  ᠶᠢᠨ ᠬᠠᠤᠯᠢ ᠲᠣᠭᠲᠠᠭᠠᠯ ᠪᠠ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠠᠩᠰᠠᠯᠠᠵᠤ ᠬᠢᠨᠠᠨ ᠪᠠᠶᠢᠴᠠᠭᠠᠬᠤ ᠲᠣᠭᠲᠠᠭᠠᠯ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ︵ᠲᠤᠷᠰᠢᠨ ᠬᠡᠷᠡᠭᠵᠢᠭᠦᠯᠬᠦ︶︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠭᠡᠰᠢᠭᠦᠨ ᠤ ᠬᠥᠮᠦᠵᠢᠯ ᠤᠨ ᠬᠠᠮᠢᠶᠠᠷᠤᠯᠲᠠ ᠶᠢᠨ ᠳᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠤᠨ ᠳᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ︾ ᠵᠡᠷᠭᠡ ᠨᠠᠮ ᠤᠨ ᠳᠣᠲᠣᠭᠠᠳᠤ ᠶᠢᠨ ᠭᠤᠤᠯᠳᠠᠯᠭ᠎ᠠ ᠲᠠᠢ ᠬᠠᠤᠯᠢ ᠲᠣᠭᠲᠠᠭᠠᠯ ᠢ ᠬᠠᠮᠲᠤ ᠪᠠᠷ ᠰᠤᠷᠤᠯᠴᠠᠪᠠ᠃ ᠲᠥᠪ ᠤᠨ ᠤᠯᠤᠰ ᠲᠥᠷᠦ ᠶᠢᠨ ᠲᠣᠪᠴᠢᠶᠠᠨ ᠤ 2019 ᠣᠨ ᠤ 8 ᠰᠠᠷ᠎ᠠ ᠶᠢᠨ 30 ᠤ ᠡᠳᠦᠷ ᠤᠨ ᠬᠤᠷᠠᠯ ᠤᠨ ᠵᠣᠷᠢᠭ ᠰᠠᠨᠠᠭ᠎ᠠ᠂ ︽ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠬᠤ ᠺᠠᠳ᠋ᠷ ᠤᠨ ᠠᠶᠤᠯᠭᠦᠶ ᠦᠶᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ︾ ᠢ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠲᠥᠪ  ᠤᠨ ᠤᠯᠤᠰ ᠲᠥᠷᠦ ᠶᠢᠨ ᠲᠣᠪᠴᠢᠶᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠳᠡᠭᠡ ᠲᠣᠰᠬᠤᠨ ᠤ ᠠᠵᠢᠯ ᠤᠨ ᠳᠦᠷᠢᠮ︾᠂ ︽ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠳᠦᠷᠢᠮ︾ ᠢ ᠰᠤᠷᠤᠯᠴᠠᠪᠠ᠃ ᠰᠢᠶᠠᠨ ᠤ ᠤᠳᠤᠷᠢᠳᠤᠯᠭ᠎ᠠ ᠱᠢ ᠯᠢ ᠵᠢᠶᠦ᠋ᠨ᠂ ᠯᠦ ᠢᠦᠢ ᠵᠦᠩ ᠶᠡᠷᠦᠩᠬᠡᠶ ᠱᠦᠵᠢ ᠰᠢ ᠶᠢᠨ ᠫᠢᠩ ᠤᠨ ᠬᠠᠤᠯᠢ ᠶᠣᠰᠣᠭᠠᠷ ᠤᠯᠤᠰ ᠢᠶᠠᠨ ᠵᠠᠰᠠᠬᠤ ᠪᠠ ᠳᠦᠷᠢᠮ ᠢᠶᠠᠷ ᠨᠠᠮ ᠢ ᠵᠠᠰᠠᠬᠤ᠂ ᠲᠣᠭᠲᠠᠭᠠᠯ ᠶᠣᠰᠣᠭᠠᠷ ᠨᠠᠮ ᠢ ᠵᠠᠰᠠᠬᠤ ᠲᠤᠬᠠᠶ ᠴᠢᠬᠤᠯᠠ ᠥᠭᠦᠯᠡᠯᠲᠡ᠂ ᠤᠶᠢᠷ᠎ᠠ  ᠶᠢᠨ ᠬᠤᠭᠤᠴᠠᠭᠠᠨ ᠳᠤ ᠨᠡᠶᠢᠲᠡᠯᠡᠭᠰᠡᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠨᠠᠮ  ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠲᠣᠭᠤᠷᠢᠨ ᠳᠤ ᠶᠠᠷᠢᠯᠴᠠᠭ᠎ᠠ ᠬᠢᠪᠡ᠃      ᠬᠤᠷᠠᠯ ᠠᠴᠠ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ᠂ ᠤᠯᠤᠰ ᠠᠴᠠ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠢ ᠣᠯᠠᠨ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠰᠤᠷᠤᠯᠴᠠᠨ ᠭᠦᠨᠵᠡᠭᠡᠶ ᠲᠤᠭᠤᠰᠢᠯᠠᠭᠤᠯᠵᠦ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠳᠤ ᠲᠥᠯᠥᠪᠵᠢᠭᠦᠯᠦᠨ ᠠᠬᠢᠭᠤᠯᠬᠤ ᠪᠠ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ  ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠪᠠᠷ ᠭᠤᠤᠯᠳᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠬᠤ ᠬᠡᠷᠡᠭᠲᠡᠶ᠃ ᠬᠡᠨ ᠡᠷᠬᠢᠯᠡᠨ ᠬᠠᠮᠢᠶᠠᠷᠪᠠᠯ ᠬᠡᠨ ᠬᠠᠷᠢᠭᠤᠴᠠᠬᠤ ᠵᠠᠷᠴᠢᠮ ᠶᠣᠰᠣᠭᠠᠷ᠂ ᠪᠣᠳᠠᠲᠠᠶ ᠠᠵᠢᠯ ᠲᠠᠢ ᠨᠢᠭᠲᠠ ᠤᠶᠠᠯᠳᠤᠭᠤᠯᠤᠨ᠂ ᠨᠠᠮ ᠤᠨ ᠲᠥᠪ ᠬᠤᠷᠢᠶᠠᠨ ᠤ ᠡᠯ᠎ᠡ ᠵᠦᠶᠯ ᠤᠨ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠳᠠᠬᠢᠨ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠠᠵᠤ ᠠᠬᠤᠶ᠂ ᠤᠯᠤᠰ ᠲᠥᠷᠥ᠂ ᠰᠣᠶᠣᠯ᠂ ᠨᠡᠶᠢᠭᠡᠮ᠂ ᠠᠮᠢ ᠠᠬᠤᠢ ᠶᠢᠨ ᠪᠣᠯᠪᠠᠰᠤᠨ ᠵᠡᠷᠭᠡ ᠡᠯ᠎ᠡ ᠲᠠᠯ᠎ᠠ ᠶᠢᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠪᠠ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠪᠠᠲᠤᠯᠠᠨ᠎ᠠ ᠭᠡᠵᠦ ᠴᠢᠬᠤᠯᠠᠴᠢᠯᠠᠪᠠ᠃      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ 70 ᠵᠢᠯ ᠤᠨ ᠲᠤᠷᠰᠢ ᠨᠠᠮ  ᠠᠴᠠ ᠠᠷᠠᠳ ᠲᠦᠮᠡᠨ ᠢ ᠤᠳᠤᠷᠢᠳᠤᠨ ᠤᠯᠤᠰ ᠠᠴᠠ ᠳᠦᠷᠢᠮ ᠪᠣᠯᠤᠨ ᠬᠠᠤᠯᠢ ᠴᠠᠭᠠᠵᠠ ᠶᠢᠨ ᠳᠦᠷᠢᠮ ᠤᠨ ᠪᠠᠶᠢᠭᠤᠯᠤᠯᠲᠠ ᠶᠢ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠤᠨ ᠳᠦᠷᠢᠮ ᠪᠣᠯᠤᠨ ᠬᠠᠤᠯᠢ ᠴᠠᠭᠠᠵᠠ ᠶᠢᠨ ᠳᠦᠷᠢᠮ ᠤᠨ ᠡᠷᠡᠰ ᠪᠠᠲᠤ ᠢᠲᠡᠭᠡᠯ᠂ ᠡᠭᠦᠷᠭᠡ ᠬᠠᠷᠢᠭᠤᠴᠠᠯᠭ᠎ᠠ ᠪᠠᠨ ᠦᠶᠯᠡᠳᠦᠯᠭᠡᠵᠢᠭᠦᠯᠬᠦ ᠶᠢ ᠭᠦᠨᠵᠡᠭᠡᠶ ᠲᠠᠨᠢᠬᠤ ᠬᠡᠷᠡᠭᠲᠡᠶ᠃ ︽ᠳᠥᠷᠪᠡᠨ ᠤᠬᠠᠮᠰᠠᠷ︾ ᠢ ᠪᠠᠲᠤ ᠪᠠᠬᠢ ᠪᠤᠢ ᠪᠣᠯᠭᠠᠵᠤ᠂ ︽ᠳᠥᠷᠪᠡᠨ ᠢᠲᠡᠭᠡᠯ︾ ᠢ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠯᠤᠰ ᠤᠨ ᠪᠠᠶᠢᠭᠤᠯᠤᠯ ᠪᠣᠯᠤᠨ ᠬᠠᠤᠯᠢ ᠴᠠᠭᠠᠵᠠ ᠶᠢᠨ ᠪᠠᠶᠢᠭᠤᠯᠤᠯ ᠢ ᠤᠯᠠᠮ ᠨᠢᠭᠡ ᠠᠯᠬᠤᠮ ᠰᠠᠶᠢᠲᠤᠷ ᠪᠠᠷᠢᠮᠲᠠᠯᠠᠵᠤ᠂ ᠰᠠᠶᠢᠲᠤᠷ ᠬᠡᠷᠡᠭᠵᠢᠭᠦᠯᠦᠨ᠂ ᠰᠠᠶᠢᠲᠤᠷ ᠬᠠᠮᠠᠭᠠᠯᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠤᠯᠤᠰ ᠢ ᠵᠠᠰᠠᠬᠤ ᠰᠢᠰᠲ᠋ᠧᠮ ᠪᠣᠯᠤᠨ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠪᠠᠷ ᠴᠢᠷᠮᠠᠶᠢᠨ᠎ᠠ ᠭᠡᠵᠦ ᠱᠠᠭᠠᠷᠳᠠᠪᠠ᠃      ᠬᠤᠷᠠᠯ ᠠᠴᠠ ᠪᠠᠰᠠ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠲᠥᠰᠦᠯ ᠢ ᠰᠤᠳᠤᠯᠤᠨ ᠶᠠᠷᠢᠯᠴᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1