ᠲᠤᠭᠳᠠᠬᠤ ᠰᠢᠶᠠᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2019-10-01
      9 ᠰᠠᠷ᠎ᠠ ᠶᠢᠨ 30 ᠤ ᠡᠳᠦᠷ᠂ ᠲᠤᠭᠳᠠᠬᠤ ᠰᠢᠶᠠᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠤᠭᠤᠯᠪᠠ᠃ ᠯᠢ ᠴᠦᠨ ᠶᠠᠨ᠂ ᠰᠦᠨ ᠰᠢᠶᠦ᠋ᠨ᠂ ᠶᠦᠨ ᠷᠦᠢ ᠵᠢᠶᠦ᠋ᠨ ᠵᠡᠷᠭᠡ ᠰᠢᠶᠠᠨ ᠤ ᠤᠳᠤᠷᠢᠳᠤᠯᠭ᠎ᠠ᠂ ᠰᠢᠶᠠᠨ ᠤ ᠰᠢᠭᠤᠳ ᠬᠠᠷᠢᠶ᠎ᠠ ᠨᠢᠭᠡᠴᠡ ᠶᠢᠨ ᠺᠠᠳ᠋ᠷ ᠠᠵᠢᠯᠲᠠᠨ ᠤ ᠲᠥᠯᠥᠭᠡᠯᠡᠭᠴᠢ ᠵᠢᠴᠢ ᠨᠡᠢᠭᠡᠮ ᠤᠨ ᠡᠯ᠎ᠡ ᠡᠲᠡᠭᠡᠳ ᠤᠨ ᠣᠯᠠᠨ ᠲᠦᠮᠡᠨ ᠤ ᠲᠥᠯᠥᠭᠡᠯᠡᠭᠴᠢ ᠶᠣᠰᠣᠯᠠᠯ ᠳᠤ ᠣᠷᠣᠯᠴᠠᠵᠠᠶ᠃      ᠦᠳᠡ ᠡᠮᠦᠨᠡᠬᠢ 9 ᠴᠠᠭ ᠲᠤ᠂ ᠤᠯᠤᠰ ᠤᠨ ᠲᠤᠭ ᠮᠠᠨᠳᠤᠭᠤᠯᠬᠤ ᠶᠣᠰᠣᠯᠠᠯ ᠵᠢᠩᠬᠢᠨᠢ ᠪᠠᠷ ᠡᠬᠢᠯᠡᠵᠦ᠂ ᠤᠯᠤᠰ ᠤᠨ ᠲᠤᠭ ᠤᠨ ᠬᠠᠮᠠᠭᠠᠯᠠᠭᠴᠢ ᠢᠳᠡᠷᠡᠭᠦᠨ ᠠᠯᠬᠤᠭ᠎ᠠ ᠪᠠᠷ ᠤᠯᠤᠰ ᠤᠨ ᠲᠤᠭ ᠮᠠᠨᠳᠤᠭᠤᠯᠬᠤ ᠲᠠᠢᠰᠠᠨ ᠳᠤ ᠬᠦᠷᠴᠦ᠂ ᠰᠦᠷ ᠵᠢᠪᠬᠤᠯᠠᠩᠲᠤ ︽ᠤᠷᠤᠭᠰᠢᠯᠠᠯᠲᠠ ᠶᠢᠨ ᠳᠠᠭᠤᠤ︾ ᠶᠢ ᠳᠠᠭᠠᠯᠳᠤᠨ᠂ ᠲᠠᠪᠤᠨ ᠣᠳᠣᠲᠤ ᠤᠯᠠᠭᠠᠨ ᠲᠤᠭ ᠨᠠᠮᠢᠷᠠᠨ ᠮᠠᠨᠳᠤᠵᠦ᠂ ᠰᠠᠯᠬᠢᠨ ᠤ ᠠᠶ᠎ᠠ ᠪᠠᠷ ᠨᠠᠮᠢᠷᠠᠵᠤ᠂ ᠮᠢᠩᠭ᠎ᠠ ᠭᠠᠷᠤᠶ ᠺᠠᠳ᠋ᠷ ᠣᠯᠠᠨ ᠲᠦᠮᠡᠨ ᠬᠠᠮᠲᠤ ᠪᠠᠷ ᠤᠯᠤᠰ ᠤᠨ ᠲᠠᠭᠤᠤ ᠳᠠᠭᠤᠯᠠᠵᠤ᠂ ᠨᠠᠩ ᠴᠡᠴᠡᠭᠯᠡᠨ ᠬᠦᠴᠦᠷᠬᠡᠭᠵᠢᠬᠦ ᠶᠢ ᠵᠥᠩᠨᠡᠪᠡ᠃      ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠴᠦᠨ ᠶᠠᠨ ᠰᠢᠶᠠᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠡᠮᠦᠨ᠎ᠡ ᠠᠴᠠ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠳᠤ ᠪᠠᠶᠠᠷ  ᠤᠨ ᠡᠳᠦᠷ ᠤᠨ ᠮᠡᠨᠳᠦᠴᠢᠯᠡᠯ ᠪᠠ ᠴᠢᠩ ᠰᠡᠳᠬᠢᠯ ᠤᠨ ᠵᠥᠩᠨᠡᠯ ᠳᠡᠪᠰᠢᠭᠦᠯᠪᠡ᠃ ᠤᠯᠤᠰ ᠤᠨ ᠪᠠᠶᠠᠷ ᠤᠨ ᠬᠤᠭᠤᠴᠠᠭᠠᠨ ᠳᠤ ᠮᠥᠨ ᠯᠡ ᠠᠵᠢᠯ ᠤᠨ ᠪᠠᠶᠢᠷᠢ ᠪᠠᠨ ᠪᠠᠲᠤ ᠰᠠᠬᠢᠵᠤ  ᠪᠠᠶᠢᠭ᠎ᠠ ᠨᠥᠬᠦᠳ ᠲᠤ ᠳᠣᠲᠣᠨᠣ ᠮᠡᠨᠳᠦᠴᠢᠯᠡᠯ ᠬᠦᠷᠭᠡᠵᠦ ᠪᠠᠶᠢᠬᠤ ᠪᠠᠨ ᠢᠯᠡᠳᠭᠡᠪᠡ᠃      ᠯᠢ ᠴᠦᠨ ᠶᠠᠨ᠂ ᠡᠬᠡ ᠤᠯᠤᠰ ᠤᠨ ᠦᠰᠦᠨ ᠪᠣᠶᠢᠵᠢᠯᠲᠠ ᠶᠢ ᠳᠠᠭᠠᠯᠳᠤᠨ᠂ ᠲᠤᠭᠳᠠᠬᠤ ᠰᠢᠶᠠᠨ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠣᠭᠤᠳᠤᠯᠭ᠎ᠠ ᠳᠣᠤᠷ᠎ᠠ᠂ ᠥᠪᠡᠷᠲᠡᠭᠡᠨ ᠵᠠᠰᠠᠬᠤ ᠣᠷᠣᠨ ᠪᠣᠯᠤᠨ ᠬᠦᠬᠡᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠯᠠᠮᠵᠢᠯᠠᠯ ᠳᠡᠮᠵᠢᠯᠭᠡ ᠳᠣᠤᠷ᠎ᠠ᠂ ᠴᠠᠭ ᠦᠶ᠎ᠡ ᠶᠢ ᠲᠠᠭᠠᠨ ᠪᠦᠬᠦ ᠲᠠᠯ᠎ᠠ ᠪᠠᠷ ᠤᠷᠤᠭᠰᠢᠯᠠᠵᠤ᠂ ᠦᠵᠡᠯ ᠰᠠᠨᠠᠭ᠎ᠠ ᠪᠠᠨ ᠴᠢᠯᠥᠭᠡᠯᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠵᠠᠮ ᠨᠡᠭᠡᠭᠡᠨ ᠰᠢᠨ᠎ᠡ ᠶᠢ ᠡᠭᠦᠳᠴᠦ᠂ ᠠᠵᠤ ᠠᠬᠤᠶ ᠨᠡᠶᠢᠭᠡᠮ ᠲᠦᠷᠭᠡᠨ ᠬᠥᠭᠵᠢᠵᠦ᠂ ᠬᠤᠲᠠ ᠬᠥᠳᠡᠭᠡ ᠶᠢᠨ ᠳᠦᠷᠰᠦ ᠪᠠᠶᠢᠳᠠᠯ ᠰᠠᠶᠢᠵᠢᠷᠠᠵᠤ᠂ ᠠᠷᠠᠳ ᠤᠨ ᠠᠮᠢᠳᠤᠷᠠᠯ ᠤᠨ ᠲᠦᠪᠰᠢᠨ ᠲᠠᠰᠤᠷᠠᠯᠲᠠ ᠦᠭᠡᠢ ᠳᠡᠭᠡᠭᠰᠢᠯᠡᠵᠦ᠂ ᠡᠯ᠎ᠡ ᠵᠦᠶᠯ ᠤᠨ ᠦᠶᠯᠡᠰ ᠰᠢᠨ᠎ᠡ ᠳᠡᠭᠲᠡᠷ ᠲᠤ ᠭᠠᠷᠴᠠᠶ᠃ ᠲᠠᠷᠠᠭᠠᠴᠢ ᠶᠢᠨ ᠠᠯᠬᠤᠮ ᠤᠨ ᠠᠵᠢᠯ ᠤᠨ ᠳᠤᠮᠳᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢᠮᠠᠭᠲᠠ ᠵᠥᠪ ᠤᠯᠤᠰ ᠲᠥᠷᠥ ᠶᠢᠨ ᠴᠢᠭᠯᠡᠯ ᠢ ᠪᠠᠷᠢᠮᠲᠠᠯᠠᠵᠤ᠂ ᠦᠵᠡᠯ ᠰᠠᠨᠠᠭ᠎ᠠ᠂ ᠤᠯᠤᠰ ᠲᠥᠷᠥ᠂ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ  ᠶᠢᠨ ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ ᠬᠤᠷᠢᠶ᠎ᠠ ᠲᠠᠢ ᠲᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠬᠡᠷᠡᠭᠲᠡᠶ᠃ ᠪᠣᠷᠣᠭᠵᠢᠭᠤᠨ ᠦᠨᠡᠨᠴᠢ ᠡᠷᠬᠢᠮ ᠲᠡᠭᠡᠳᠦ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠢᠮᠠᠭᠲᠠ ᠪᠠᠷᠢᠮᠲᠠᠯᠠᠵᠤ᠂ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ᠂ ᠨᠡᠶᠢᠭᠡᠮ ᠵᠢᠷᠤᠮ ᠢ ᠬᠠᠶᠢᠷᠠᠯᠠᠬᠤ ᠶᠢ ᠨᠢᠭᠡᠳᠬᠡᠬᠦ ᠬᠡᠷᠡᠭᠲᠡᠶ᠃ ᠤᠷᠤᠭᠰᠢᠯᠠᠨ ᠳᠠᠪᠰᠢᠬᠤ ᠵᠣᠷᠢᠭ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠲᠤᠭᠳᠠᠬᠤ ᠰᠢᠶᠠᠨ ᠤ ᠡᠶ᠎ᠡ ᠵᠣᠬᠢᠴᠠᠩᠭᠤᠶ ᠲᠣᠭᠲᠠᠭᠤᠨ ᠰᠠᠶᠢᠨ ᠰᠠᠶᠢᠬᠠᠨ ᠪᠠᠶᠢᠳᠠᠯ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ 20 ᠲᠦᠮᠡᠨ ᠣᠯᠠᠨ ᠲᠦᠮᠡᠨ  ᠳᠤ ᠨᠠᠩ ᠣᠯᠠᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠣᠯᠭᠤᠬᠤ ᠪᠠᠷ ᠴᠢᠷᠮᠠᠶᠢᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠲᠡᠮᠡᠴᠡᠬᠦ ᠬᠠᠷᠠᠯᠲᠠ ᠶᠢ ᠲᠦᠷᠭᠡᠨ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ  ᠶᠢᠨ ᠬᠦᠰᠡᠯᠡᠩ ᠢ ᠪᠡᠶᠡᠯᠡᠭᠦᠯᠵᠦ᠂ ᠲᠤᠭᠳᠠᠬᠤ ᠶᠢᠨ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠬᠦ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1