ᠰᠤᠷᠪᠤᠯᠵᠢᠯᠠᠭᠴᠢ ᠤᠶᠢᠷ᠎ᠠ ᠳᠤ ᠬᠤᠷᠠᠯᠳᠤᠭᠤᠯᠤᠭᠰᠠᠨ ᠱᠤᠸᠠᠩ ᠾᠧ ᠪᠠᠯᠭᠠᠰᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠠᠴᠠ ᠣᠶᠢᠯᠭᠠᠭᠰᠠᠨ ᠨᠢ᠂ 2019 ᠣᠨ ᠤ | ᠳᠡᠭᠡᠷ᠎ᠡ ᠬᠠᠭᠠᠰ ᠵᠢᠯ ᠳᠤ ᠱᠤᠸᠠᠩ ᠾᠧ ᠪᠠᠯᠭᠠᠰᠤᠨ ᠤ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 14000 ᠲᠥᠭᠦᠷᠢᠭ ᠲᠤ ᠬᠦᠷᠴᠦ᠂ ᠬᠤᠲᠠ | ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ | 33000 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.7 % ᠪᠠ 0.9 % ᠪᠠᠷ | ᠨᠡᠮᠡᠭᠳᠡᠨ᠂ ᠬᠤᠲᠠ ᠪᠠᠯᠭᠠᠰᠤᠨ ᠤ ᠠᠵᠢᠯ ᠠᠯᠳᠠᠯᠲᠠ ᠶᠢᠨ ᠨᠣᠷᠮ᠎ᠠ ᠶᠢᠨ 3.5 ‰ ᠳᠤ ᠬᠢᠵᠠᠭᠠᠷᠯᠠᠪᠠ᠃ | ᠳᠠᠷᠠᠭᠠᠴᠢ ᠶᠢᠨ ᠱᠠᠲᠤᠨ ᠳᠤ᠂ ᠱᠤᠸᠠᠩ ᠾᠧ ᠪᠠᠯᠭᠠᠰᠤ ᠳᠦᠷᠪᠡᠨ ᠵᠦᠶᠯ ᠤᠨ ᠠᠵᠢᠯ ᠢ ᠭᠤᠤᠯᠳᠠᠯᠭ᠎ᠠ ᠲᠠᠢ | ᠰᠠᠶᠢᠲᠤᠷ ᠠᠳᠬᠤᠬᠤ ᠪᠣᠯᠤᠨ᠎ᠠ᠄ ᠨᠢᠭᠡ ᠳᠤ᠂ ᠰᠢᠶᠳᠪᠦᠷᠢᠲᠦ ᠳᠠᠶᠢᠯᠠᠯᠳᠤᠭᠠᠨ ᠬᠢᠵᠦ ᠰᠢᠶᠳᠪᠦᠷᠢᠲᠦ ᠢᠯᠠᠯᠲᠠ | ᠣᠯᠬᠤ ᠪᠠᠷ ᠬᠦᠴᠦᠯᠡᠨ ᠴᠢᠷᠮᠠᠶᠢᠵᠤ᠂ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠤ ᠢᠯᠠᠯᠲᠠ | ᠶᠢ ᠡᠷᠡᠰ ᠲᠡᠮᠡᠴᠡᠨ ᠣᠯᠵᠤ᠂ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ | ᠦᠷᠭᠦᠯᠵᠢᠯᠡᠨ ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ | ᠢᠯᠠᠯᠲᠠ ᠶᠢ ᠡᠷᠡᠰ ᠲᠡᠮᠡᠴᠡᠨ ᠣᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠤᠨ᠎ᠠ᠃ ᠬᠤᠶᠠᠷ ᠲᠤ᠂ ᠲᠠᠷᠢᠶᠠᠯᠠᠩ ᠬᠥᠳᠡᠭᠡ ᠲᠣᠰᠬᠤᠨ ᠤ ᠡᠯ᠎ᠡ ᠵᠦᠶᠯ ᠤᠨ ᠠᠵᠢᠯ ᠢ ᠰᠠᠶᠢᠲᠤᠷ | ᠠᠳᠬᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠨᠢᠶᠠᠨ ᠽᠢ ᠸᠠᠨ ᠲᠣᠰᠬᠤᠨ | ᠤ ᠲᠦᠮᠡᠨ ᠮᠦ ᠶᠢᠨ ᠲᠠᠷᠢᠶᠠᠨ ᠭᠠᠵᠠᠷ ᠢ ᠥᠭᠡᠷᠡᠴᠢᠯᠡᠬᠦ ᠲᠥᠷᠥᠯ ᠵᠦᠶᠯ ᠪᠠ ᠾᠧ ᠰᠢ ᠶᠢᠨ 8.2 ᠺᠢᠯᠣᠮᠧᠲᠷ ᠤᠨ | ᠲᠣᠰᠬᠤᠨ ᠳᠤ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ | ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠳ᠋ᠠ ᠶᠠᠩ ᠴᠠᠩ᠂ ᠵᠠᠩ ᠰᠧ ᠬᠤᠤ ᠵᠡᠷᠭᠡ ᠲᠣᠰᠬᠤᠨ ᠤ ᠲᠡᠰ ᠤᠨ | ᠵᠢᠭᠰᠠᠭᠠᠯ ᠤᠨ ᠭᠠᠵᠠᠷ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠠᠰᠠᠭᠤᠳᠠᠯ ᠢ ᠠᠯᠬᠤᠮ ᠬᠤᠪᠢᠶᠠᠨ | ᠰᠢᠶᠳᠪᠦᠷᠢᠯᠡᠬᠦ ᠪᠠ ᠣᠷᠣᠵᠤ ᠭᠠᠷᠬᠤ ᠭᠠᠵᠠᠷ ᠤᠨ ᠲᠣᠰᠬᠤᠨ ᠤ ᠬᠢᠨᠠᠨ ᠡᠵᠡᠮᠳᠡᠬᠦ ᠲᠥᠬᠦᠭᠡᠷᠦᠮᠵᠢ ᠤᠭᠰᠠᠷᠠᠵᠤ᠂ | ᠵᠢᠯ ᠤᠨ ᠰᠡᠭᠦᠯᠴᠢ ᠠᠴᠠ ᠡᠮᠦᠨ᠎ᠡ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ | ᠪᠢᠯᠧᠲ ᠥᠭᠴᠦ ᠲᠣᠭᠲᠠᠭᠠᠭᠰᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠢ ᠪᠦᠬᠦ | ᠲᠠᠯ᠎ᠠ ᠪᠠᠷ ᠪᠡᠶᠡᠯᠡᠭᠦᠯᠦᠨ᠎ᠡ︔ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠶᠢ ᠰᠠᠶᠢᠲᠤᠷ ᠠᠳᠬᠤᠵᠤ᠂ ᠨᠡᠷ᠎ᠡ | ᠠᠯᠳᠠᠷ ᠲᠠᠢ ᠲᠠᠷᠢᠵᠤ ᠲᠡᠵᠢᠭᠡᠬᠦ ᠬᠤᠷᠰᠢᠶ᠎ᠠ ᠶᠢᠨ ᠭᠠᠭ᠋ᠠᠶ ᠶᠢᠨ ᠡᠭᠦᠯᠳᠡᠷ ᠢ ᠰᠢᠨᠡᠳᠬᠡᠬᠦ ᠶᠢ ᠪᠡᠶᠡᠯᠡᠭᠦᠯᠵᠦ᠂ ᠳ᠋ᠠ ᠶᠠᠩ | ᠴᠠᠩ ᠤᠨ 200 ᠲᠣᠨ ᠬᠠᠭᠤᠷᠠᠶ ᠯᠠᠵᠤᠤ ᠬᠠᠲᠠᠭᠠᠬᠤᠢ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢ | ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠭᠠᠵᠠᠷ ᠰᠢᠷᠣᠶ ᠶᠢᠨ ᠡᠷᠬᠡ ᠶᠢ ᠨᠤᠲᠠᠯᠠᠨ ᠲᠣᠭᠲᠠᠭᠠᠬᠤ᠂ ᠦᠨᠡᠮᠯᠡᠯ | ᠣᠯᠭᠤᠬᠤ ᠶᠢ ᠪᠡᠶᠡᠯᠡᠭᠦᠯᠬᠦ ᠶᠢᠨ ᠬᠠᠮᠲᠤ ᠰᠢᠨ᠎ᠡ ᠲᠥᠷᠥᠯ ᠵᠦᠶᠯ ᠰᠢᠨ᠎ᠡ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ | ᠲᠦᠷᠭᠡᠳᠬᠡᠨ᠎ᠡ᠃ ᠭᠤᠷᠪᠠ ᠳᠤ᠂ ᠦᠷᠭᠦᠯᠵᠢᠯᠡᠨ ᠨᠡᠶᠢᠭᠡᠮ ᠤᠨ ᠲᠣᠭᠲᠠᠭᠤᠨ ᠪᠠ ᠥᠨᠢ ᠤᠳᠠᠭᠠᠨ ᠠᠮᠤᠷ ᠲᠦᠪᠰᠢᠨ | ᠪᠠᠶᠢᠬᠤ ᠶᠡᠷᠦᠩᠬᠡᠶ ᠬᠠᠷᠠᠯᠲᠠ ᠶᠢᠨ ᠲᠣᠭᠤᠷᠢᠨ ᠳᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ | ᠲᠡᠮᠡᠴᠡᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠭᠦᠨᠵᠡᠭᠡᠶ ᠠᠬᠢᠭᠤᠯᠤᠨ᠎ᠠ᠃ ᠳᠥᠷᠪᠡ ᠳᠤ᠂ ︽ᠤᠭ ᠰᠠᠨᠠᠭ᠎ᠠ | ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ | ᠯᠠᠪᠳᠠᠭᠤᠨ ᠪᠠᠲᠤᠲᠠᠶ ᠥᠷᠨᠢᠭᠦᠯᠵᠦ᠂ ᠰᠤᠷᠤᠯᠴᠠᠯᠭ᠎ᠠ ᠬᠥᠮᠦᠵᠢᠯ᠂ ᠪᠠᠶᠢᠴᠠᠭᠠᠨ ᠰᠤᠳᠤᠯᠤᠯᠲᠠ᠂ ᠠᠰᠠᠭᠤᠳᠠᠯ ᠢ | ᠪᠠᠶᠢᠴᠠᠭᠠᠨ ᠦᠵᠡᠬᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠦᠨᠡᠨ ᠪᠣᠳᠠᠲᠠᠶ ᠦᠷ᠎ᠡ | ᠪᠦᠲᠦᠮᠵᠢ ᠣᠯᠬᠤ ᠶᠢ ᠠᠬᠢᠭᠤᠯᠤᠨ᠎ᠠ᠃ | ᠬᠤᠷᠠᠯ ᠠᠴᠠ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠪᠠ | ᠨᠢᠭᠡ ᠳᠡᠳ᠋ ᠪᠠᠯᠭᠠᠰᠤᠨ ᠳᠠᠷᠤᠭ᠎ᠠ ᠶᠢ ᠬᠠᠤᠯᠢ ᠶᠣᠰᠣᠭᠠᠷ ᠰᠣᠩᠭᠤᠨ ᠭᠠᠷᠭᠠᠪᠠ᠃ | ᠰᠤᠷᠪᠤᠯᠵᠢᠯᠠᠭᠴᠢ ᠤᠶᠢᠷ᠎ᠠ ᠶᠢᠨ ᠡᠳᠦᠷ ᠬᠤᠷᠠᠯᠳᠤᠭᠰᠠᠨ ᠦᠱᠧᠨ ᠪᠠᠯᠭᠠᠰᠤᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠠᠴᠠ | ᠤᠢᠢᠯᠠᠭᠠᠭᠰᠠᠨ ᠢᠶᠠᠷ᠂ ᠦᠱᠧᠨ ᠪᠠᠯᠭᠠᠰᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠢᠳᠠᠪᠤᠷᠢᠵᠢᠭᠤᠯᠬᠤ᠂ | ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠰᠢᠨ᠎ᠡ ᠣᠶᠢᠯᠠᠭᠠᠭᠳᠠᠬᠤᠨ ᠢ ᠤᠬᠠᠮᠰᠠᠷ ᠠᠴᠠ | ᠪᠠᠨ ᠦᠶᠯᠡᠳᠦᠯᠭᠡᠵᠢᠭᠦᠯᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠵᠣᠷᠢᠭᠲᠠᠶ ᠪᠠᠷ ᠬᠠᠷᠢᠭᠤᠴᠠᠯᠭ᠎ᠠ | ᠡᠭᠦᠷᠭᠡᠯᠡᠵᠦ᠂ ᠪᠦᠬᠦ ᠪᠠᠯᠭᠠᠰᠤᠨ ᠤ ᠠᠵᠤ ᠠᠬᠤᠶ ᠪᠣᠯᠤᠨ ᠨᠡᠶᠢᠭᠡᠮ ᠤᠨ ᠡᠯ᠎ᠡ ᠵᠦᠶᠯ ᠤᠨ ᠦᠢᠯᠡᠰ ᠤᠨ ᠡᠷᠡᠭᠦᠯ | ᠲᠦᠷᠭᠡᠨ ᠬᠥᠭᠵᠢᠯᠲᠡ ᠶᠢ ᠠᠬᠢᠭᠤᠯᠪᠠ᠃ | ᠳᠣᠤᠷ᠎ᠠ ᠬᠠᠭᠠᠰ ᠵᠢᠯ ᠳᠤ ᠳᠣᠤᠷᠠᠬᠢ ᠳᠣᠯᠣᠭᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ | ᠠᠳᠬᠤᠨ᠎ᠠ᠂ ᠨᠢᠭᠡ ᠳᠤ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢ | ᠴᠥᠬᠦᠷᠡᠰᠢ ᠥᠬᠡᠶ ᠰᠠᠶᠢᠲᠤᠷ ᠠᠳᠬᠤᠵᠤ᠂ ᠲᠠᠷᠢᠶᠠᠯᠠᠩ ᠤᠨ ᠰᠠᠭᠤᠷᠢ ᠲᠥᠬᠦᠭᠡᠷᠦᠮᠵᠢ ᠪᠠ ᠭᠠᠵᠠᠷ ᠰᠢᠷᠣᠶ ᠶᠢᠨ | ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠨ᠎ᠠ︔ | ᠬᠤᠶᠠᠷ ᠲᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠬᠥᠭᠵᠢᠯᠲᠡ ᠶᠢᠨ | ᠥᠷᠢᠰᠦᠯᠳᠦᠬᠦ ᠬᠦᠴᠦᠨ ᠢ ᠴᠢᠩᠭᠠᠷᠠᠭᠤᠯᠬᠤ ᠪᠠ ᠠᠵᠤ ᠦᠢᠯᠡᠰ ᠤᠨ ᠪᠠᠶᠢᠷᠢᠰᠢᠯ ᠢ ᠰᠢᠯᠢᠳᠡᠭᠵᠢᠭᠦᠯᠬᠦ ᠲᠠᠯ᠎ᠠ ᠪᠠᠷ | ᠰᠢᠨ᠎ᠡ ᠰᠢᠪᠲᠤᠯᠤᠯᠲᠠ ᠭᠠᠷᠭᠠᠨ᠎ᠠ ; ᠭᠤᠷᠪᠠ ᠳᠤ᠂ ᠰᠠᠭᠤᠭᠠᠯᠢ ᠠᠷᠠᠳ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠶᠢ ᠢᠳᠡᠪᠬᠢᠲᠡᠢ ᠥᠷᠨᠢᠭᠦᠯᠵᠦ᠂ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢ ᠴᠢᠩᠭᠠᠳᠬᠠᠬᠤ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠨ᠎ᠠ︔ ᠳᠥᠷᠪᠡ ᠳᠤ᠂ ᠤᠨᠢᠨ ᠳᠡᠭᠡᠷ᠎ᠡ | ᠨᠢ ᠶᠠᠳᠠᠭᠤ ᠶᠢ ᠲᠡᠳᠬᠦᠬᠦ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠠᠬᠢᠴᠠ ᠳᠡᠭᠡᠷ᠎ᠡ ᠰᠢᠨ᠎ᠡ ᠰᠢᠪᠲᠤᠯᠤᠯᠲᠠ ᠶᠢ ᠪᠡᠶᠡᠯᠡᠭᠦᠯᠦᠨ᠎ᠡ︔ ᠲᠠᠪᠤ ᠳᠤ᠂ ᠲᠠᠷᠢᠶᠠᠴᠢᠳ ᠲᠤ ᠠᠰᠢᠭ | ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠨᠠᠢᠳᠠᠪᠤᠷᠢᠵᠢᠭᠤᠯᠬᠤ᠂ ᠠᠷᠠᠳ ᠤᠨ ᠠᠮᠢᠳᠤᠷᠠᠯ ᠨᠡᠶᠢᠭᠡᠮ | ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠨ᠎ᠠ︔ ᠵᠢᠷᠭᠤᠭ᠎ᠠ | ᠳᠤ᠂ ᠵᠠᠰᠠᠭ ᠤᠨ ᠣᠷᠳᠣᠨ ᠤ ᠦᠢᠯᠡᠴᠢᠯᠡᠭᠡᠨ ᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠵᠠᠰᠠᠭ ᠤᠨ | ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠨ᠎ᠠ︔ | ᠲᠤᠯᠤᠭ᠎ᠠ ᠳᠤ᠂ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠲᠡᠮᠡᠴᠡᠯ ᠢ ᠦᠷᠭᠦᠯᠵᠢᠯᠡᠨ | ᠴᠢᠩᠭᠠᠳᠬᠠᠵᠤ᠂ ᠣᠯᠠᠨ ᠲᠦᠮᠡᠨ ᠳᠤ ᠲᠥᠪ ᠴᠢᠬᠡᠴᠢ ᠨᠡᠶᠢᠭᠡᠮ ᠤᠨ ᠰᠠᠶᠢᠨ ᠰᠠᠶᠢᠬᠠᠨᠨ ᠣᠷᠴᠢᠨ ᠲᠣᠭᠤᠷᠢᠨ ᠢ | ᠡᠭᠦᠳᠴᠦ ᠥᠭᠭᠦᠨ᠎ᠡ᠃ | ᠬᠤᠷᠠᠯ ᠠᠴᠠ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠪᠠ | ᠪᠠᠯᠭᠠᠰᠤᠨ ᠳᠡᠳ᠋ ᠳᠠᠷᠤᠭ᠎ᠠ ᠨᠢᠭᠡ ᠶᠢ ᠰᠣᠩᠭᠤᠨ ᠭᠠᠷᠭᠠᠵᠤ᠂ ᠰᠢᠨ᠎ᠡ ᠪᠠᠷ ᠰᠣᠩᠭᠤᠭᠳᠠᠭᠰᠠᠨ ᠬᠤᠶᠠᠷ ᠨᠡᠷᠡᠰ | ᠨᠥᠬᠦᠳ ᠦᠨᠳᠦᠰᠦᠨ ᠬᠠᠤᠯᠢ ᠳᠤ ᠲᠥᠪ ᠴᠢᠩᠭ᠎ᠠ ᠪᠠᠷ ᠲᠠᠩᠭᠠᠷᠢᠭᠯᠠᠪᠠ᠃ |