ᠲᠣᠭᠲᠠᠬᠤ ᠰᠢᠶᠠᠨ᠄ ᠵᠢᠭᠤᠯᠴᠢᠯᠠᠯ ᠤᠨ ᠬᠡᠷᠡᠭᠯᠡᠭᠡ ᠳᠠᠬᠢᠨᠲᠠ ᠲᠡᠦᠬᠡ ᠶᠢᠨ ᠰᠢᠨ᠎ᠡ ᠶᠢ ᠡᠭᠦᠳᠪᠡ
ᠨᠡᠶᠢᠲᠡᠯᠡᠭᠰᠡᠨ ᠴᠠᠭ᠄
2019-10-10
      ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ᠂ ᠲᠤᠭᠳᠠᠬᠤ ᠰᠢᠶᠠᠨ ᠤ ᠡᠯ᠎ᠡ ᠦᠵᠡᠮᠵᠢ ᠶᠢᠨ ᠣᠷᠣᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠭᠤᠷ ᠠᠮᠢᠰᠬᠤᠯ ᠦᠷᠭᠦᠯᠵᠢᠯᠡᠨ ᠬᠥᠷ ᠬᠥᠭᠵᠢᠶᠡᠨ ᠲᠠᠢ ᠪᠠᠶᠢᠵᠤ᠂ ᠵᠢᠭᠤᠯᠴᠢᠯᠠᠯ ᠢ ᠬᠦᠯᠢᠶᠡᠨ ᠠᠪᠤᠭᠰᠠᠨ ᠬᠥᠮᠦᠨ ᠤ ᠲᠤᠭ᠎ᠠ ᠪᠠ ᠵᠢᠭᠤᠯᠴᠢᠯᠠᠯ ᠤᠨ ᠣᠷᠣᠯᠭ᠎ᠠ ᠴᠥᠮ ᠲᠣᠭᠲᠠᠭᠤᠨ ᠢᠶᠠᠷ ᠨᠡᠮᠡᠭᠳᠡᠬᠦ ᠪᠠᠶᠢᠳᠠᠯ ᠢᠶᠠᠨ ᠪᠠᠲᠤᠯᠠᠪᠠ᠃ ᠤᠯᠤᠰ ᠤᠨ ᠪᠠᠶᠠᠷ ᠤᠨ ᠠᠮᠠᠷᠠᠯᠲᠠ ᠶᠢᠨ ᠡᠮᠦᠨ᠎ᠡ ᠳᠥᠷᠪᠡᠨ ᠡᠳᠦᠷ᠂ ᠵᠢᠭᠤᠯᠴᠢᠯᠠᠯ ᠤᠨ ᠬᠡᠷᠡᠭᠯᠡᠭᠡ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠡᠯ᠎ᠡ ᠦᠵᠡᠮᠵᠢ  ᠶᠢᠨ ᠣᠷᠣᠨ ᠨᠡᠶᠢᠲᠡ 69300 ᠵᠤᠭᠠᠴᠠᠭᠰᠠᠳ ᠢ ᠬᠦᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 129.8 % ᠨᠡᠮᠡᠭᠳᠡᠵᠦ᠂ ᠵᠢᠭᠤᠯᠴᠢᠯᠠᠯ ᠤᠨ ᠣᠷᠣᠯᠭ᠎ᠠ 1244.8 ᠲᠦᠮᠡᠨ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 196.4 % ᠨᠡᠮᠡᠭᠳᠡᠪᠡ᠃      ᠡᠨᠡ ᠵᠢᠯ ᠤᠨ ᠤᠯᠤᠰ ᠤᠨ ᠪᠠᠶᠠᠷ ᠤᠨ ᠠᠮᠠᠷᠠᠯᠲᠠ ᠳᠤ᠂ ᠬᠤᠪᠢ ᠶᠢᠨ ᠮᠠᠰᠢᠨ ᠢᠶᠠᠷ ᠵᠤᠭᠠᠴᠠᠬᠤ᠂ ᠭᠡᠷ ᠪᠦᠯᠢ ᠶᠢᠨ ᠵᠤᠭᠠᠴᠠᠯ᠂ ᠨᠠᠮᠤᠷ ᠤᠨ ᠵᠤᠭᠠᠴᠠᠯ ᠨᠢ ᠠᠮᠠᠷᠠᠯᠲᠠ ᠶᠢᠨ ᠡᠳᠦᠷ ᠤᠨ ᠵᠤᠭᠠᠴᠠᠯ ᠤᠨ ᠵᠠᠬ᠎ᠠ ᠳᠡᠯᠭᠡᠭᠦᠷ ᠤᠨ ᠰᠢᠨ᠎ᠡ ᠭᠢᠯᠠᠰ ᠴᠡᠭ ᠪᠣᠯᠵᠤ᠂ ᠮᠦᠽᠧᠶ᠂ ᠨᠣᠮ ᠤᠨ ᠰᠠᠩ ᠨᠢ ᠵᠤᠭᠠᠴᠠᠭᠰᠠᠳ ᠤᠨ ᠬᠠᠮᠲᠤ ᠪᠠᠷ ᠡᠳ᠋ᠯᠡᠬᠦ ᠰᠢᠨ᠎ᠡ ᠣᠷᠣᠨ ᠵᠠᠷ ᠪᠣᠯᠪᠠ᠃ ᠦᠶᠯᠡᠴᠢᠯᠡᠭᠡ ᠶᠢ ᠳᠡᠭᠡᠭᠰᠢᠯᠡᠭᠦᠯᠬᠦ᠂ ᠵᠠᠬ᠎ᠠ ᠳᠡᠯᠭᠡᠭᠦᠷ ᠢ ᠵᠠᠰᠠᠬᠤ ᠵᠡᠷᠭᠡ ᠣᠯᠠᠨ ᠵᠦᠶᠯ ᠤᠨ ᠬᠦᠴᠦᠨ ᠵᠦᠶᠯ ᠤᠨ ᠦᠶᠯᠡᠳᠦᠯ ᠳᠣᠤᠷ᠎ᠠ᠂ ᠵᠤᠭᠠᠴᠠᠭᠰᠠᠳ ᠤᠨ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠢᠯᠡᠳᠲᠡ ᠳᠡᠭᠡᠭᠰᠢᠯᠡᠭᠦᠯᠪᠡ᠃ ᠶᠡᠭᠡ ᠬᠡᠮᠵᠢᠶᠡᠨ ᠤ ᠠᠶᠠᠨᠴᠢᠳ ᠤᠷᠤᠰᠬᠠᠯ ᠢ ᠠᠷᠭᠠᠴᠠᠬᠤ ᠶᠢᠨ ᠲᠥᠯᠥᠭᠡ᠂ ᠡᠯ᠎ᠡ ᠦᠵᠡᠮᠵᠢ ᠶᠢᠨ ᠣᠷᠣᠨ ᠡᠯ᠎ᠡ ᠵᠦᠶᠯ ᠤᠨ ᠰᠣᠶᠣᠯ ᠵᠤᠭᠠᠴᠠᠯ ᠤᠨ ᠠᠵᠢᠯᠯᠠᠭ᠎ᠠ ᠥᠷᠨᠢᠭᠦᠯᠵᠦ᠂ ᠵᠤᠭᠠᠴᠠᠭᠰᠠᠳ ᠢ ᠰᠢᠨ᠎ᠡ ᠰᠣᠷᠭᠤᠭ ᠲᠥᠷᠥᠭᠳᠡᠯ ᠲᠠᠢ ᠪᠣᠯᠭᠠᠭᠰᠠᠨ ᠪᠥᠭᠡᠳ ᠤᠯᠤᠰ ᠢᠶᠠᠨ ᠬᠠᠶᠢᠷᠠᠯᠠᠵᠤ ᠡᠷᠡᠯᠬᠡᠭᠯᠡᠨ ᠤᠷᠤᠭᠰᠢᠯᠠᠬᠤ ᠵᠣᠷᠢᠭ ᠰᠠᠨᠠᠭ᠎ᠠ ᠶᠢ ᠦᠷᠭᠦᠯᠵᠢᠯᠡᠭᠦᠯᠵᠦ᠂ ᠡᠯ᠎ᠡ ᠦᠵᠡᠮᠵᠢ ᠶᠢᠨ ᠣᠷᠣᠨ ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠵᠣᠬᠢᠴᠠᠭᠤᠯᠵᠤ ᠬᠤᠯᠪᠣᠭᠠᠯᠠᠨ ᠬᠥᠳᠡᠯᠦᠯᠴᠡᠬᠦ ᠶᠢ ᠢᠳᠡᠪᠬᠢᠲᠡᠢ ᠴᠢᠩᠭᠠᠳᠬᠠᠵᠤ᠂ ᠲᠡᠷᠭᠡᠨ ᠵᠤᠭᠰᠤᠭᠠᠯ ᠤᠨ ᠲᠤᠭ᠎ᠠ ᠬᠡᠮᠵᠢᠶ᠎ᠡ ᠶᠢ ᠨᠡᠮᠡᠭᠳᠡᠭᠦᠯᠵᠦ᠂ ᠲᠡᠷᠭᠡᠨ ᠤ ᠤᠷᠤᠰᠬᠠᠯ ᠢ ᠬᠢᠨᠠᠨ ᠬᠡᠮᠵᠢᠬᠦ ᠪᠠ ᠰᠠᠯᠭᠠᠨ ᠲᠣᠬᠢᠷᠠᠭᠤᠯᠬᠤ ᠠᠵᠢᠯ ᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠦᠵᠡᠮᠵᠢ ᠶᠢᠨ ᠣᠷᠣᠨ ᠤ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠶᠢ ᠠᠬᠢᠭᠤᠯᠪᠠ᠃      ᠵᠢᠭᠤᠯᠴᠢᠯᠠᠭᠴᠢᠳ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠠᠶᠠᠷ ᠤᠨ ᠡᠳᠦᠷ ᠠᠴᠠ ᠡᠮᠦᠨ᠎ᠡ ᠣᠯᠠᠨ ᠤᠳᠠᠭ᠎ᠠ ᠲᠤᠰᠬᠠᠶ ᠬᠤᠷᠠᠯ ᠬᠤᠷᠠᠯᠳᠤᠭᠤᠯᠵᠤ ᠲᠤᠬᠢᠷᠠᠭᠤᠯᠤᠨ ᠪᠠᠶᠢᠷᠢᠯᠠᠭᠤᠯᠵᠤ᠂ ᠰᠢᠶᠠᠨ ᠤ ᠵᠢᠭᠤᠯᠴᠢᠯᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ  ᠤ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ᠂ ᠾᠧ ᠺᠸᠤ ᠶᠢᠨ ᠬᠠᠮᠢᠶᠠᠷᠤᠯᠲᠠ ᠶᠢᠨ ᠵᠥᠪᠯᠡᠯ ᠨᠢᠭᠲᠠ ᠬᠠᠮᠵᠢᠯᠴᠠᠨ᠂ ᠬᠦᠴᠦ ᠪᠠᠨ ᠬᠠᠮᠲᠤᠳᠬᠠᠨ᠂ ᠠᠶᠤᠯᠭᠦᠶ ᠦᠶᠯᠡᠳᠪᠦᠷᠢᠯᠡᠯ ᠤᠨ ᠲᠣᠤᠷ ᠲᠠᠲᠠᠬᠤ ᠮᠠᠶ᠋ᠢᠭ ᠤᠨ ᠶᠡᠭᠡ ᠪᠠᠶᠢᠴᠠᠭᠠᠯᠲᠠ ᠶᠢ ᠬᠢᠨᠠᠮᠠᠭᠠᠶ ᠥᠷᠨᠢᠭᠦᠯᠵᠦ᠂ ᠱᠧᠨ ᠴᠢᠤᠸᠠᠨ ᠠᠮᠢ ᠠᠬᠤᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠬᠠᠳᠤᠨ ᠭᠤᠤᠯ ᠤᠨ ᠮᠠᠶ ᠶᠧ ᠵᠢᠯᠠᠭ᠎ᠠ  ᠶᠢᠨ ᠠᠮᠢ ᠠᠬᠤᠢ ᠶᠢᠨ ᠰᠡᠯᠡᠭᠦᠴᠡᠯ ᠵᠢᠭᠤᠯᠴᠢᠯᠠᠯ ᠤᠨ ᠣᠷᠣᠨ᠂ ᠬᠠᠳᠤᠨ ᠭᠤᠤᠯ ᠤᠨ ᠰᠠᠭᠤᠭᠳᠠᠯ ᠰᠢᠯ ᠦᠵᠡᠮᠵᠢ  ᠶᠢᠨ ᠲᠠᠪᠴᠠᠩ ᠢ ᠭᠤᠤᠯᠳᠠᠯᠭ᠎ᠠ ᠲᠠᠢ ᠰᠢᠮᠳᠠᠭᠤᠯᠤᠨ ᠪᠠᠶᠢᠴᠠᠭᠠᠵᠤ᠂ ᠦᠵᠡᠮᠵᠢ ᠶᠢᠨ ᠣᠷᠣᠨ ᠤ ᠳᠡᠭᠦᠵᠢᠩ ᠵᠠᠮ᠂ ᠭᠠᠲᠤᠯᠬᠤ ᠣᠩᠭᠤᠴᠠ᠂ ᠭᠠᠯ ᠤᠨᠲᠠᠷᠠᠭᠠᠬᠤ᠂ ᠠᠶᠤᠯ ᠶᠡᠬᠡᠲᠡᠶ ᠵᠢᠭᠤᠯᠴᠢᠯᠠᠯ ᠤᠨ ᠲᠥᠷᠥᠯ ᠵᠦᠶᠯ᠂ ᠵᠤᠭ᠎ᠠ ᠴᠡᠩᠭᠡᠯ ᠤᠨ ᠪᠡᠯᠡᠳᠬᠡᠮᠵᠢ ᠶᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠵᠤ᠂ ᠠᠮᠤᠷ ᠲᠦᠪᠰᠢᠨ ᠤ ᠳᠠᠯᠳᠠ ᠭᠡᠮ ᠢ ᠠᠷᠢᠯᠭᠠᠨ᠂ ᠠᠮᠠᠷᠠᠯᠲᠠ ᠶᠢᠨ ᠡᠳᠦᠷ ᠤᠨ ᠵᠢᠭᠤᠯᠴᠢᠯᠠᠯ ᠤᠨ ᠠᠮᠤᠷ ᠲᠦᠪᠰᠢᠨ ᠪᠥᠭᠡᠳ ᠡᠮᠬᠢ ᠵᠢᠷᠤᠮ ᠲᠠᠢ ᠪᠠᠶᠢᠬᠤ  ᠶᠢ ᠦᠨᠡᠨᠬᠦ ᠪᠠᠳᠤᠯᠠᠭᠰᠠᠨ ᠪᠠᠶᠢᠨ᠎ᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1