ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠬᠢᠭᠡᠳ ᠲᠠᠶᠢᠸᠠᠨ ᠤ ᠲᠠᠷᠢᠶᠠᠯᠠᠩ ᠤᠨ ᠪᠣᠬᠢᠷᠲᠤᠯ ᠥᠬᠡᠶ ᠬᠥᠭᠵᠢᠯᠲᠡ ᠶᠢᠨ ᠶᠠᠷᠢᠶᠠᠨ ᠤ ᠲᠠᠪᠴᠠᠩ ᠵᠢᠴᠢ ᠬᠠᠮᠲᠤᠷᠠᠯᠴᠠᠭᠠᠨ ᠤ ᠵᠥᠪᠳᠡᠨ ᠶᠠᠷᠢᠯᠴᠠᠬᠤ ᠬᠤᠷᠠᠯ ᠬᠦᠬᠡᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2019-10-15
      10 ᠳ᠋ᠤᠭᠠᠷ ᠰᠠᠷ᠎ᠠ ᠶᠢᠨ 10 ᠤ ᠡᠳᠦᠷ᠂ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠬᠢᠭᠡᠳ ᠲᠠᠶᠢᠸᠠᠨ ᠤ ᠲᠠᠷᠢᠶᠠᠯᠠᠩ ᠤᠨ ᠪᠣᠬᠢᠷᠲᠤᠯ ᠥᠬᠡᠶ ᠬᠥᠭᠵᠢᠯᠲᠡ ᠶᠢᠨ ᠶᠠᠷᠢᠶᠠᠨ ᠤ ᠲᠠᠪᠴᠠᠩ ᠵᠢᠴᠢ ᠬᠠᠮᠲᠤᠷᠠᠯᠴᠠᠭᠠᠨ ᠤ ᠵᠥᠪᠳᠡᠨ ᠶᠠᠷᠢᠯᠴᠠᠬᠤ ᠬᠤᠷᠠᠯ ᠬᠦᠬᠡᠬᠤᠲᠠ ᠳᠤ ᠶᠠᠪᠤᠭᠳᠠᠪᠠ᠃      ᠲᠣᠰ ᠤᠳᠠᠭ᠎ᠠ ᠶᠢᠨ ᠶᠠᠷᠢᠶᠠᠨ ᠤ ᠲᠠᠪᠴᠠᠩ ᠨᠢ ᠠᠮᠢ ᠠᠬᠤᠢ ᠶᠢᠨ ᠲᠠᠷᠢᠶᠠᠯᠠᠩ ᠢ ᠬᠥᠭᠵᠢᠭᠦᠯᠬᠦ᠂ ᠬᠥᠳᠡᠭᠡ ᠲᠣᠰᠬᠤᠨ ᠤ ᠠᠵᠤ ᠠᠬᠤᠶ ᠶᠢ ᠬᠥᠭᠵᠢᠭᠦᠯᠦᠨ ᠮᠠᠨᠳᠤᠭᠤᠯᠬᠤ ᠪᠠᠷ ᠭᠤᠤᠯ ᠰᠡᠳᠦᠪ ᠪᠣᠯᠭᠠᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠬᠠᠶᠢᠨ ᠰᠦᠪᠡᠭᠴᠢᠯᠡᠵᠦ᠂ ᠬᠤᠶᠠᠷ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢ ᠠᠬᠢᠭᠤᠯᠵᠤ᠂ ᠶᠠᠰᠤ ᠴᠢᠨᠠᠷ ᠢᠶᠠᠷ ᠬᠥᠳᠡᠭᠡ ᠠᠵᠤ ᠠᠬᠤᠶ ᠶᠢ ᠬᠥᠭᠵᠢᠭᠦᠯᠬᠦ᠂ ᠪᠣᠬᠢᠷᠲᠤᠯ ᠦᠭᠡᠢ ᠪᠠᠷ ᠬᠥᠳᠡᠭᠡ ᠠᠵᠤ ᠠᠬᠤᠶ ᠶᠢ ᠬᠥᠭᠵᠢᠭᠦᠯᠬᠦ᠂ ᠲᠥᠷᠥᠯ ᠲᠡᠮᠳᠡᠭ ᠢᠶᠠᠷ ᠬᠥᠳᠡᠭᠡ ᠠᠵᠤ ᠠᠬᠤᠶ ᠶᠢ ᠬᠦᠴᠦᠷᠬᠡᠭᠵᠢᠭᠦᠯᠬᠦ᠂ ᠰᠢᠨ᠎ᠡ ᠶᠢ ᠡᠭᠦᠳᠦᠨ ᠬᠥᠭᠵᠢᠭᠦᠯᠬᠦ ᠶᠢ ᠪᠡᠶᠡᠯᠡᠭᠦᠯᠵᠦ᠂ ᠬᠠᠮᠲᠤ ᠪᠠᠷ ᠡᠭᠦᠳᠴᠦ ᠬᠠᠮᠲᠤ ᠪᠠᠷ ᠠᠰᠢᠭ ᠬᠦᠷᠲᠡᠵᠦ ᠬᠠᠮᠲᠤ ᠪᠠᠷ ᠬᠦᠷᠲᠡᠬᠦ ᠬᠠᠷᠠᠯᠲᠠ ᠳᠤ ᠬᠦᠷᠬᠦ ᠪᠣᠯᠣᠨ᠎ᠠ᠃      ᠣᠶᠢᠯᠠᠭᠠᠭᠰᠠᠨ ᠢᠶᠠᠷ᠂ ᠥᠪᠥᠷ ᠮᠣᠩᠭᠤᠯ ᠬᠢᠭᠡᠳ ᠲᠠᠶᠢᠸᠠᠨ ᠤ ᠲᠠᠷᠢᠶᠠᠯᠠᠩ ᠤᠨ ᠪᠣᠬᠢᠷᠲᠤᠯ ᠥᠬᠡᠶ ᠬᠥᠭᠵᠢᠯᠲᠡ ᠶᠢᠨ ᠶᠠᠷᠢᠶᠠᠨ ᠤ ᠲᠠᠪᠴᠠᠩ ᠵᠢᠴᠢ ᠬᠠᠮᠲᠤᠷᠠᠯᠴᠠᠭᠠᠨ ᠤ ᠵᠥᠪᠳᠡᠨ ᠶᠠᠷᠢᠯᠴᠠᠬᠤ ᠬᠤᠷᠠᠯ ᠪᠣᠯ ᠳᠤᠮᠳᠠᠳᠤ ᠤᠯᠤᠰ ᠤᠨ ᠭᠤᠮᠢᠨᠳᠠᠩ ᠨᠠᠮ ᠤᠨ ᠬᠤᠪᠢᠰᠬᠠᠯᠲᠤ ᠬᠤᠷᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠠᠴᠠ ᠲᠠᠷᠢᠶᠠᠯᠠᠩ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠶᠢᠨ ᠲᠥᠯᠥᠭᠡ ᠬᠢᠭᠰᠡᠨ ᠰᠦᠪᠡᠭᠴᠢᠯᠡᠯᠲᠡ ᠮᠦᠨ︔ ᠳᠤᠮᠳᠠᠳᠤ ᠤᠯᠤᠰ ᠤᠨ ᠭᠤᠮᠢᠨᠳᠠᠩ ᠨᠠᠮ ᠤᠨ ᠬᠤᠪᠢᠰᠬᠠᠯᠲᠤ ᠬᠤᠷᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠨᠢ ᠥᠪᠡᠷᠲᠡᠭᠡᠨ ᠵᠠᠰᠠᠬᠤ ᠣᠷᠣᠨ ᠤ ᠭᠤᠤᠯ ᠠᠵᠢᠯ ᠤᠨ ᠲᠣᠭᠤᠷᠢᠨ ᠳᠤ᠂ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠵᠦ᠂ ᠦᠵᠡᠯ ᠰᠠᠨᠠᠭ᠎ᠠ ᠪᠠᠨ ᠴᠢᠯᠥᠭᠡᠯᠡᠨ᠂ ᠨᠡᠭᠡᠭᠡᠯᠲᠡ ᠪᠠᠨ ᠥᠷᠭᠡᠳᠬᠡᠵᠦ᠂ ᠥᠪᠡᠷᠲᠡᠭᠡᠨ ᠵᠠᠰᠠᠬᠤ ᠣᠷᠣᠨ ᠤ ︽ᠠᠮᠢ ᠠᠬᠤᠶ ᠶᠢ ᠲᠡᠷᠢᠭᠦᠨ ᠳᠤ ᠲᠠᠯᠪᠢᠬᠤ ᠪᠣᠬᠢᠷᠲᠤᠯ ᠥᠬᠡᠶ ᠬᠥᠭᠵᠢᠯᠲᠡ︾ ᠶᠢᠨ ᠴᠢᠨᠠᠷ ᠰᠠᠶᠢᠲᠠᠶ ᠬᠥᠭᠵᠢᠯᠲᠡ ᠶᠢ ᠬᠠᠶᠢᠨ ᠰᠦᠪᠡᠭᠴᠢᠯᠡᠬᠦ ᠳᠤ ᠰᠢᠨ᠎ᠡ ᠶᠢ ᠡᠭᠦᠳᠬᠦ ᠦᠢᠯᠡᠳᠦᠯᠭᠡ ᠪᠣᠯᠤᠨ᠎ᠠ᠃       ᠬᠤᠷᠠᠯ ᠳᠤ ᠣᠷᠣᠯᠴᠠᠭᠰᠠᠨ ᠬᠦᠨᠳᠦᠲᠦ ᠵᠣᠴᠢᠨ ᠪᠣᠯᠤᠨ ᠲᠤᠰᠬᠠᠶ ᠮᠡᠷᠭᠡᠵᠢᠯᠲᠡᠨ ᠡᠷᠳᠡᠮᠲᠡᠳ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠶᠠᠷᠢᠶᠠᠨ ᠤ ᠲᠠᠪᠴᠠᠩ ᠤᠨ ᠭᠤᠤᠯ ᠰᠡᠳᠦᠪ ᠤᠨ ᠲᠣᠭᠤᠷᠢᠨ ᠳᠤ ᠲᠣᠰ ᠲᠣᠰ ᠶᠠᠷᠢᠶ᠎ᠠ ᠲᠠᠯᠪᠢᠵᠤ᠂ ᠬᠤᠶᠠᠷ ᠡᠷᠭᠢ ᠶᠢᠨ ᠲᠠᠷᠢᠶᠠᠯᠠᠩ ᠮᠠᠯ ᠠᠵᠤ ᠠᠬᠤᠢ ᠶᠢᠨ ᠬᠠᠮᠢᠶ᠎ᠠ ᠪᠦᠬᠦᠢ ᠬᠦᠷᠢᠶᠡᠨ ᠤ ᠬᠥᠭᠵᠢᠯᠲᠡ ᠶᠢᠨ ᠪᠠᠶᠢᠳᠠᠯ ᠪᠣᠯᠤᠨ ᠬᠠᠨᠳᠤᠰᠢ ᠶᠢ ᠨᠠᠷᠢᠨ ᠲᠠᠨᠢᠯᠴᠠᠭᠤᠯᠵᠤ᠂ ᠬᠤᠶᠠᠷ ᠡᠷᠭᠢ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠲᠤᠷᠰᠢᠯᠭ᠎ᠠ ᠪᠠᠨ ᠭᠦᠨᠵᠡᠭᠡᠶ ᠰᠣᠯᠢᠯᠴᠠᠨ ᠶᠠᠷᠢᠯᠴᠠᠪᠠ᠃ ᠶᠠᠷᠢᠶᠠᠨ ᠤ ᠲᠠᠪᠴᠠᠩ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠪᠠᠰᠠ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠤ ᠬᠠᠮᠢᠶ᠎ᠠ ᠪᠦᠬᠦᠢ ᠠᠵᠤ ᠠᠬᠤᠶᠢᠯᠠᠯ ᠢ ᠲᠣᠭᠤᠷᠢᠨ ᠦᠵᠡᠵᠦ ᠰᠢᠨᠵᠢᠯᠡᠨ ᠪᠠᠶᠢᠴᠠᠭᠠᠬᠤ ᠪᠣᠯᠤᠨ᠎ᠠ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1