ᠵᠨᠬᠤᠧᠠ ᠮᠤᠩᠭᠤᠯ ᠨᠧᠲ ᠤᠯᠠᠭᠠᠨᠬᠠᠲᠠ ᠶᠢᠨ 10 ᠰᠠᠷ᠎ᠠ ᠶᠢᠨ 12 ᠤᠨ ᠡᠲᠦᠷ ᠤᠨ ᠴᠠᠬᠢᠯᠭᠠᠨ ᠮᠡᠲᠡᠭᠡ ︵ | ᠬ᠊ • ᠦᠵᠡᠰᠭᠦᠯᠡᠩ︶ 10 ᠰᠠᠷ᠎ᠠ ᠶᠢᠨ 12 ᠤᠨ ᠡᠲᠦᠷ ᠤᠨ ᠦᠲᠡ ᠠᠴᠠ ᠡᠮᠦᠨ᠎ᠡ᠂ ᠲᠤᠮᠲᠠᠲᠤ ᠮᠤᠩᠭᠤᠯ | ᠤᠷᠤᠰ ᠤᠨ ᠮᠤᠩᠭᠤᠯ ᠰᠤᠲᠤᠯᠤᠯ ᠤᠨ ᠤᠯᠠᠨ ᠤᠯᠤᠰ ᠤᠨ ᠡᠷᠲᠡᠮ ᠰᠢᠨᠵᠢᠯᠡᠭᠡᠨ ᠤ ᠰᠤᠲᠤᠯᠤᠨ ᠶᠠᠷᠢᠯᠴᠠᠬᠤ | ᠠᠩᠬᠠᠲᠤᠭᠠᠷ ᠬᠤᠷᠠᠯ ᠦᠪᠦᠷ ᠮᠤᠩᠭᠤᠯ ᠤᠨ ᠤᠯᠠᠭᠠᠨᠬᠠᠲᠠ ᠬᠤᠲᠠ ᠶᠢᠨ ᠪᠠᠭᠠᠷᠢᠨ ᠵᠡᠬᠦᠨ ᠬᠤᠰᠢᠭᠤᠨ ᠤ ᠲᠦᠪ | ᠯᠢᠨᠳᠦ᠋ᠩ ᠪᠠᠯᠭᠠᠰᠤᠨ ᠳᠤ ᠨᠡᠬᠡᠬᠡᠯᠲᠡ ᠪᠠᠨ ᠬᠢᠪᠡ᠃ | ᠤᠭ ᠬᠤᠷᠠᠯ ᠢ ᠦᠪᠦᠷ ᠮᠤᠩᠭᠤᠯ ᠤᠨ ᠶᠡᠭᠡ ᠰᠤᠷᠭᠠᠭᠤᠯᠢ᠂ ᠮᠤᠩᠭᠤᠯ ᠤᠯᠤᠰ ᠤᠨ ᠤᠯᠤᠰ ᠤᠨ ᠶᠡᠭᠡ | ᠰᠤᠷᠭᠠᠭᠤᠯᠢ᠂ ᠤᠷᠤᠰ ᠤᠨ ᠰᠢᠨᠵᠢᠯᠡᠬᠦ ᠤᠬᠠᠭᠠᠨ ᠤ ᠠᠺᠠᠳᠧᠮᠢ ᠠᠴᠠ ᠭᠤᠤᠯᠯᠠᠨ ᠡᠷᠬᠢᠯᠡᠵᠦ᠂ ᠢᠲ᠋ᠠᠯᠢ ᠤᠯᠤᠰ ᠤᠨ | ᠸᠧᠨᠧᠼᠢᠶ᠎ᠠ ᠶᠢᠨ ᠺᠠᠹᠤᠰᠺᠠᠷᠢ ᠶᠡᠭᠡ ᠰᠤᠷᠭᠠᠭᠤᠯᠢ᠂ ᠬᠠᠩᠭᠠᠷᠢ ᠶᠢᠨ ᠧᠦᠲ᠋ᠧᠤᠰ ᠯᠤᠷᠠᠨᠳ᠋ ᠶᠡᠭᠡ ᠰᠤᠷᠭᠠᠭᠤᠯᠢ᠂ | ᠰᠽᠧᠭᠧᠳ᠋ ᠶᠡᠭᠡ ᠰᠤᠷᠭᠠᠭᠤᠯᠢ ᠠᠴᠠ ᠬᠠᠮᠵᠢᠵᠤ ᠡᠷᠬᠢᠯᠡᠨ᠂ ᠦᠪᠦᠷ ᠮᠤᠩᠭᠤᠯ ᠤᠨ ᠦᠪᠦᠷ ᠮᠤᠩᠭᠤᠯ ᠤᠨ | ᠤᠯᠠᠭᠠᠨᠬᠠᠲᠠ ᠬᠤᠲᠠ ᠶᠢᠨ ᠪᠠᠭᠠᠷᠢᠨ ᠵᠡᠬᠦᠨ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠠᠴᠠ ᠬᠠᠷᠢᠭᠤᠴᠠᠨ | ᠵᠤᠬᠢᠶᠠᠨ ᠪᠠᠶᠢᠭᠤᠯᠪᠠ᠃ | ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠰᠤᠲᠤᠯᠤᠯ ᠤᠨ ᠲᠡᠭᠡᠳᠦ ᠰᠤᠷᠭᠠᠭᠤᠯᠢ ᠶᠢᠨ | ᠪᠠᠶᠢᠩᠭᠤ ᠶᠢᠨ ᠲᠡᠳ᠋ ᠵᠠᠬᠢᠷᠤᠯ ᠤᠶᠤᠨᠴᠢ ᠨᠡᠬᠡᠬᠡᠯᠲᠡ ᠶᠢᠨ ᠠᠷᠭ᠎ᠠ ᠬᠡᠮᠵᠢᠶᠠᠨ ᠤ ᠦᠶ᠎ᠠ ᠪᠠᠷ ᠦᠭᠡ ᠬᠡᠯᠡᠨ᠎ᠡ ︵ | ᠵᠢᠷᠤᠭ ᠢ ᠤᠯᠠᠭᠠᠨᠬᠠᠲᠠ ᠶᠢᠨ ᠷᠠᠳᠢᠣ᠋ ᠲᠧᠯᠧᠶ᠋ᠰ ᠬᠤᠷᠢᠶᠠᠨ ᠤ ᠰᠤᠷᠪᠤᠯᠵᠢᠯᠠᠭᠴᠢ ᠡᠷᠳᠡᠨᠢᠪᠤᠯᠠᠭ︶ | ᠨᠡᠬᠡᠬᠡᠯᠲᠡ ᠶᠢᠨ ᠠᠷᠭ᠎ᠠ ᠬᠡᠮᠵᠢᠶᠠᠨ ᠤ ᠦᠶ᠎ᠠ ᠪᠠᠷ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ | ᠰᠤᠲᠤᠯᠤᠯ ᠤᠨ ᠲᠡᠭᠡᠳᠦ ᠰᠤᠷᠭᠠᠭᠤᠯᠢ ᠶᠢᠨ ᠪᠠᠶᠢᠩᠭᠤ ᠶᠢᠨ ᠲᠡᠳ᠋ ᠵᠠᠬᠢᠷᠤᠯ ᠤᠶᠤᠨᠴᠢ᠂ ᠲᠤᠰ ᠤᠲᠠᠭᠠᠨ ᠤ | ᠬᠤᠷᠠᠯ ᠨᠢ ︽ᠲᠦᠪ ᠢ ᠰᠠᠬᠢᠨ ᠰᠢᠨ᠎ᠡ ᠶᠢ ᠡᠭᠦᠳᠴᠤ᠂ ᠠᠽᠢᠶ᠎ᠠ ᠧᠦ᠋ᠷᠦᠫᠠ ᠳᠤ ᠬᠠᠨᠲᠤᠵᠤ᠂ ᠬᠢᠯᠢ ᠰᠤᠨᠲᠠᠯᠠᠨ | ᠨᠢᠭᠲᠠᠷᠠᠯᠴᠠᠵᠤ᠂ ᠲᠡᠯᠡᠬᠡᠢ ᠳ᠋ᠠᠬᠢᠨ ᠳᠤ ᠬᠠᠷᠠᠭ᠎ᠠ ᠪᠠᠨ ᠲᠡᠯᠡᠶᠡ︾ ᠭᠡᠬᠦ ᠭᠤᠤᠯ ᠰᠡᠳᠦᠪ ᠤᠨ ᠲᠠᠭᠠᠤ ᠭᠤᠤᠯᠲᠠᠭᠤ | ᠮᠤᠩᠭᠤᠯ ᠬᠡᠯᠡ ᠦᠰᠦᠭ ᠪᠢᠴᠢᠭ ᠤᠨ ᠰᠤᠲᠤᠯᠭ᠎ᠠ᠂ ᠮᠤᠩᠭᠤᠯ ᠤᠳᠬ᠎ᠠ ᠵᠤᠬᠢᠶᠠᠯ ᠤᠨ ᠤᠷᠠᠯᠢᠭ ᠤᠨ ᠰᠤᠲᠤᠯᠭ᠎ᠠ᠂ | ᠮᠤᠩᠭᠤᠯ ᠲᠡᠦᠬᠡ ᠰᠤᠶᠤᠯ ᠤᠨ ᠰᠤᠲᠤᠯᠭ᠎ᠠ᠂ ᠮᠤᠩᠭᠤᠯ ᠦᠨᠳᠦᠰᠦᠲᠡᠨ ᠤ ᠰᠤᠨᠢᠨ ᠮᠡᠲᠡᠭᠡ ᠲᠠᠮᠵᠢᠭᠤᠯᠭ᠎ᠠ ᠶᠢᠨ | ᠰᠤᠲᠤᠯᠭ᠎ᠠ ᠵᠡᠷᠭᠡ ᠲᠦᠷᠪᠡᠨ ᠰᠢᠨᠵᠢᠯᠡᠭᠡᠨ ᠤ ᠬᠦᠷᠢᠶᠡᠨ ᠳᠤ ᠬᠤᠯᠪᠤᠭᠲᠠᠬᠤ ᠪᠤᠯᠤᠨ᠎ᠠ᠃ ᠡᠷᠲᠡᠮ ᠰᠢᠨᠵᠢᠯᠡᠭᠡᠨ ᠤ | ᠬᠤᠷᠠᠯ ᠢᠶᠠᠷ ᠲᠠᠮᠵᠢᠭᠤᠯᠤᠨ ᠲᠤᠲᠤᠭᠠᠲᠤ ᠭᠠᠲᠠᠭᠠᠲᠤ ᠶᠢᠨ ᠮᠤᠩᠭᠤᠯᠴᠢ ᠡᠷᠲᠡᠮᠲᠡᠳ ᠤᠨ ᠡᠷᠲᠡᠮ ᠰᠢᠨᠵᠢᠯᠡᠭᠡᠨ ᠤ | ᠬᠠᠮᠲᠤᠷᠠᠯᠴᠠᠭ᠎ᠠ᠂ ᠰᠤᠯᠢᠯᠴᠠᠭ᠎ᠠ ᠶᠢ ᠴᠢᠩᠭᠠᠳᠬᠠᠨ ᠡᠭᠦᠨ ᠤ ᠤᠯᠠᠮ ᠢᠶᠠᠷ ᠡᠷᠲᠡᠮ ᠰᠢᠨᠵᠢᠯᠡᠭᠡᠨ ᠤ ᠬᠠᠷᠠᠭᠠᠰᠤ ᠶᠢ | ᠦᠷᠭᠡᠳᠭᠡᠨ᠂ ᠵᠠᠯᠠᠭᠤ ᠡᠷᠲᠡᠮᠲᠡᠳ ᠲᠤ ᠰᠤᠲᠤᠯᠵᠤ ᠰᠤᠷᠤᠯᠴᠠᠬᠤ ᠠᠵᠠ ᠲᠤᠬᠢᠶᠠᠯ ᠢ ᠤᠯᠭᠤᠨ ᠮᠤᠩᠭᠤᠯ | ᠰᠤᠲᠤᠯᠤᠯ ᠤᠨ ᠦᠷᠨᠢᠬᠦᠨ ᠬᠦᠭᠵᠢᠯᠲᠠ ᠶᠢ ᠠᠬᠢᠭᠤᠯᠬᠤ ᠵᠤᠷᠢᠯᠲᠠ ᠲᠠᠢ ᠶᠤᠮ ᠭᠡᠪᠡ᠃ ᠲᠤᠮᠲᠠᠲᠤ ᠤᠯᠤᠰ ᠤᠨ | ᠦᠪᠦᠷ ᠮᠤᠩᠭᠤᠯ᠂ ᠪᠡᠭᠡᠵᠢᠩ᠂ ᠭᠠᠨᠰᠤ᠂ ᠯᠢᠶᠤᠤᠨᠢᠩ ᠵᠡᠷᠭᠡ ᠭᠠᠵᠠᠷ ᠲᠡᠲᠦᠢ ᠦᠭᠡᠢ ᠮᠤᠩᠭᠤᠯ ᠤᠯᠤᠰ᠂ ᠤᠷᠤᠰ᠂ | ᠬᠠᠩᠭᠠᠷᠢ᠂ ᠠᠩᠭ᠍ᠯᠢ᠂ ᠠᠮᠧᠷᠢᠺᠠ᠂ ᠺᠤᠷᠢᠶᠠ᠂ ᠶᠠᠫᠤᠨ᠂ ᠲᠦᠷᠺ ᠵᠡᠷᠭᠡ ᠤᠯᠤᠰ ᠤᠷᠤᠨ ᠤ ᠶᠡᠭᠡ ᠲᠡᠭᠡᠳᠦ | ᠰᠤᠷᠭᠠᠭᠤᠯᠢ᠂ ᠰᠤᠲᠤᠯᠭᠠᠨ ᠤ ᠬᠦᠷᠢᠶᠡᠯᠡᠩ ᠤᠨ 150 ᠡᠷᠲᠡᠮᠲᠡᠳ ᠠᠴᠠ 106 ᠦᠭᠦᠯᠡᠯ ᠲᠡᠪᠰᠢᠬᠦᠯᠦᠨ | ᠤᠷᠤᠯᠴᠠᠪᠠ᠃ | ᠪᠠᠭᠠᠷᠢᠨ ᠵᠡᠬᠦᠨ ᠬᠤᠰᠢᠭᠤ ᠪᠤᠯ ᠦᠯᠵᠡᠢ ᠮᠦᠷᠡᠨ ᠤ ᠰᠤᠶᠤᠯ᠂ ᠬᠢᠲᠠᠨ ᠤ ᠰᠤᠶᠤᠯ ᠤᠨ ᠭᠤᠯᠤᠮᠲᠠ ᠤᠷᠤᠨ | ᠪᠤᠯᠬᠤ ᠪᠦᠭᠡᠳ ᠡᠨᠡ ᠭᠠᠵᠠᠷ ᠬᠢᠲᠡᠨ ᠤ ᠲᠡᠭᠡᠳᠦ ᠨᠡᠶᠢᠰᠯᠡᠯ᠂ ᠬᠢᠲᠠᠨ ᠤ ᠬᠠᠭᠠᠳ ᠤᠨ ᠤᠩᠭᠤᠨ ᠵᠡᠷᠭᠡ ᠲᠡᠦᠬᠡ ᠶᠢᠨ | ᠲᠤᠷᠠᠰᠬᠠᠯᠲᠤ ᠦᠪ ᠪᠠᠶᠢᠲᠠᠭ᠃ ᠤᠶᠤᠨᠴᠢ ᠬᠡᠯᠡᠬᠦ ᠳᠡᠭᠡᠨ᠂ ᠲᠤᠰ ᠤᠲᠠᠭᠠᠨ ᠤ ᠬᠤᠷᠠᠯ ᠢ ᠪᠠᠭᠠᠷᠢᠨ ᠵᠡᠬᠦᠨ | ᠬᠤᠰᠢᠭᠤᠨ ᠳᠤ ᠵᠤᠬᠢᠶᠠᠨ ᠪᠠᠶᠢᠭᠤᠯᠤᠭᠰᠠᠨ ᠨᠢ ᠠᠴᠢ ᠬᠤᠯᠪᠤᠭᠲᠠᠯ ᠭᠦᠨ᠂ ᠤᠨᠴᠠᠭᠠᠢ ᠤᠳᠬ᠎ᠠ ᠠᠭᠤᠯᠭ᠎ᠠ ᠲᠠᠢ᠃ | ᠡᠷᠲᠡᠮ ᠰᠢᠨᠵᠢᠯᠡᠭᠡᠨ ᠤ ᠬᠤᠷᠠᠯ ᠳᠤ ᠤᠷᠤᠯᠴᠠᠭᠰᠠᠨ ᠡᠷᠲᠡᠮᠲᠡᠨ ᠰᠤᠲᠤᠯᠭᠠᠳᠠᠨ ᠡᠷᠲᠡᠮ ᠨᠤᠮ ᠢᠶᠠᠨ | ᠰᠤᠯᠢᠯᠴᠠᠬᠤ ᠶᠢᠨ ᠲᠠᠭᠠᠤ ᠪᠠᠰᠠ ᠲᠤᠬᠠᠢ ᠶᠢᠨ ᠤᠷᠤᠨ ᠨᠤᠲᠤᠭ ᠤᠨ ᠰᠤᠶᠤᠯ ᠲᠡᠦᠬᠡ ᠶᠢᠨ ᠲᠤᠬᠠᠢ ᠤᠶᠢᠯᠠᠭᠠᠵᠤ | ᠪᠤᠯᠤᠨ᠎ᠡ᠃ 2015 ᠤᠨ ᠳᠤ ᠮᠠᠨ ᠤ ᠰᠤᠷᠭᠠᠭᠤᠯᠢ ᠪᠠᠭᠠᠷᠢᠨ ᠵᠡᠬᠦᠨ ᠬᠤᠰᠢᠭᠤᠨ ᠤ ᠠᠷᠠᠳ ᠤᠨ ᠵᠠᠰᠠᠭ ᠤᠨ | ᠤᠷᠲᠤᠨ ᠲᠠᠢ ᠬᠠᠮᠲᠤᠷᠠᠯᠴᠠᠭᠠᠨ ᠤ ᠭᠡᠷ᠎ᠡ ᠲᠤᠬᠢᠷᠠᠯᠴᠠᠵᠤ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠬᠢᠲᠠᠨ ᠤ | ᠰᠤᠶᠤᠯ ᠤᠨ ᠠᠵᠤ ᠦᠢᠯᠡᠰᠵᠢᠯᠲᠡ ᠶᠢ ᠰᠤᠲᠤᠯᠬᠤ ᠲᠦᠪ ᠬᠢᠭᠡᠳ ᠤᠶᠤᠲᠠᠳ ᠤᠨ ᠲᠠᠲᠤᠯᠭ᠎ᠠ ᠶᠢᠨ ᠰᠠᠭᠤᠷᠢᠨ | ᠭᠠᠵᠠᠷ ᠪᠠᠶᠢᠭᠤᠯᠤᠨ 2018 ᠤᠨ ᠤ 4 ᠰᠠᠷ᠎ᠠ ᠠᠴᠠ ᠡᠬᠢᠯᠡᠨ ᠬᠠᠮᠲᠤ ᠶᠢᠨ ᠦᠢᠯᠡ ᠠᠵᠢᠯᠯᠠᠭ᠎ᠠ ᠪᠠᠨ ᠡᠬᠢᠯᠡᠬᠦᠯᠪᠡ᠃ | ᠡᠨᠡ ᠨᠢ ᠲᠤᠬᠠᠢ ᠶᠢᠨ ᠤᠷᠤᠨ ᠤ ᠰᠢᠯᠢᠲᠡᠭ ᠰᠤᠶᠤᠯ ᠤᠯᠠᠮᠵᠢᠯᠠᠯ ᠢ ᠤᠯᠠᠮ ᠦᠷᠭᠡᠨ ᠲᠡᠯᠭᠡᠷ ᠢᠶᠠᠷ ᠰᠤᠲᠤᠯᠵᠤ᠂ | ᠰᠤᠶᠤᠯ ᠤᠨ ᠠᠵᠤ ᠦᠢᠯᠡᠰᠵᠢᠯᠲᠡ ᠶᠢ ᠠᠬᠢᠭᠤᠯᠤᠨ ᠶᠡᠭᠡ ᠲᠡᠭᠡᠳᠦ ᠰᠤᠷᠭᠠᠭᠤᠯᠢ ᠬᠢᠭᠡᠳ ᠤᠷᠤᠨ ᠨᠤᠲᠤᠭ ᠤᠨ | ᠬᠠᠮᠲᠤᠷᠠᠯᠴᠠᠭᠠᠨ ᠤ ᠬᠡᠯᠪᠡᠷᠢ ᠲᠤᠷᠰᠢᠯᠭ᠎ᠠ ᠶᠢ ᠲᠦᠭᠡᠮᠡᠯᠵᠢᠬᠦᠯᠬᠦ ᠳᠤ ᠴᠢᠬᠤᠯᠠ ᠨᠦᠬᠦᠴᠡᠯ ᠪᠤᠯᠤᠮᠵᠢ ᠪᠤᠯᠤᠭᠰᠠᠨ | ᠪᠠᠶᠢᠨ᠎ᠠ ᠭᠡᠪᠡ᠃ | ᠤᠶᠢᠯᠠᠭᠠᠭᠰᠠᠨ ᠢᠶᠠᠷ᠂ ᠲᠤᠮᠲᠠᠲᠤ ᠮᠤᠩᠭᠤᠯ ᠤᠷᠤᠰ ᠤᠨ ᠮᠤᠩᠭᠤᠯ ᠰᠤᠲᠤᠯᠤᠯ ᠤᠨ ᠤᠯᠠᠨ ᠤᠯᠤᠰ ᠤᠨ | ᠡᠷᠲᠡᠮ ᠰᠢᠨᠵᠢᠯᠡᠭᠡᠨ ᠤ ᠰᠤᠲᠤᠯᠤᠨ ᠶᠠᠷᠢᠯᠴᠠᠬᠤ ᠠᠩᠬᠠᠲᠤᠭᠠᠷ ᠬᠤᠷᠠᠯ ᠨᠢ ᠬᠤᠶᠠᠷ ᠡᠲᠦᠷ ᠤᠨ ᠬᠤᠭᠤᠴᠠᠭ᠎ᠠ ᠲᠠᠢ | ᠶᠠᠪᠤᠭᠲᠠᠨ᠎ᠠ᠃ | | |