ᠭᠤᠷᠪᠠᠳᠤᠭᠠᠷ ᠬᠤᠭᠤᠴᠠᠭᠠᠨ ᠤ ᠲᠤᠮᠳᠠᠳᠤ ᠮᠤᠩᠭᠤᠯ ᠤᠨ ᠰᠦᠯᠵᠢᠶᠠᠨ ᠵᠠᠭᠤᠴᠢᠯᠠᠭᠤᠷ ᠤᠨ ᠬᠠᠮᠳᠤᠷᠠᠨ ᠠᠵᠢᠯᠯᠠᠬᠤ ᠶᠠᠷᠢᠯᠴᠠᠬᠤ ᠬᠤᠷᠠᠯ ᠲᠦᠡᠭᠯᠢᠶᠤᠤ ᠬᠤᠳᠠ ᠳᠤ ᠶᠠᠪᠤᠭᠳᠠᠵᠠᠢ
ᠨᠡᠶᠢᠲᠡᠯᠡᠭᠰᠡᠨ ᠴᠠᠭ᠄
2019-10-16
      ᠭᠤᠷᠪᠠᠳᠤᠭᠠᠷ ᠬᠤᠭᠤᠴᠠᠭᠠᠨ ᠤ ᠲᠤᠮᠳᠠᠳᠤ ᠮᠤᠩᠭᠤᠯ ᠤᠨ ᠰᠦᠯᠵᠢᠶᠠᠨ ᠵᠠᠭᠤᠴᠢᠯᠠᠭᠤᠷ ᠤᠨ ᠬᠠᠮᠳᠤᠷᠠᠨ ᠠᠵᠢᠯᠯᠠᠬᠤ ᠶᠠᠷᠢᠯᠴᠠᠬᠤ ᠬᠤᠷᠠᠯ 10 ᠰᠠᠷ᠎ᠠ ᠶᠢᠨ 14 ᠤ ᠡᠳᠦᠷ ᠲᠦᠡᠭᠯᠢᠶᠤᠤ ᠬᠤᠳᠠ ᠳᠤ ᠶᠠᠪᠤᠭᠳᠠᠪᠠ᠃ ᠮᠤᠩᠭᠤᠯ ᠤᠯᠤᠰ ᠤᠨ ᠦᠨᠳᠦᠰᠤᠨ ᠤ ᠰᠠᠶᠢᠲ ᠤᠨ ᠬᠦᠭᠵᠢᠯ ᠤᠨ ᠨᠢᠭᠡᠳᠦᠭᠰᠡᠨ ᠬᠤᠯᠪᠤᠭ᠎ᠠ᠂ ᠮᠤᠩᠭᠤᠯ ᠤᠯᠤᠰ ᠤᠨ ᠰᠡᠳᠬᠦᠯᠴᠢᠳ ᠤᠨ ᠨᠢᠭᠡᠳᠦᠭᠰᠡᠨ ᠡᠪᠯᠡᠯ ᠵᠢᠴᠢ ᠬᠡᠰᠡᠭ ᠠᠶᠢᠮᠠᠭ ᠲᠠᠬᠢ ᠬᠤᠪᠢᠶᠠᠷᠢ ᠡᠪᠯᠡᠯ᠂ ᠲᠤᠮᠳᠠᠳᠤ ᠤᠯᠤᠰ ᠤᠨ ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠤᠨᠢᠨ ᠮᠡᠳᠡᠭᠡᠨ ᠤ ᠠᠯᠪᠠᠨ ᠬᠡᠷ ᠵᠢᠴᠢ ᠬᠡᠰᠡᠭ ᠠᠶᠢᠮᠠᠭ ᠬᠤᠳᠠ ᠶᠢᠨ ᠠᠷᠠᠳ ᠤᠨ ᠵᠠᠰᠠᠭ ᠤᠨ ᠤᠷᠳᠤᠨ ︵ᠠᠶᠢᠮᠠᠭ ᠤᠨ ᠵᠠᠬᠢᠷᠭ᠎ᠠ︶ ᠤ ᠰᠤᠨᠢᠨ ᠮᠡᠳᠡᠭᠡᠨ ᠤ ᠠᠯᠪᠠᠨ ᠬᠡᠷ ᠤᠨ ᠬᠠᠷᠢᠭᠤᠴᠠᠯᠭᠠᠳᠠᠨ ᠪᠤᠯᠤᠨ ᠬᠤᠶᠠᠷ ᠤᠯᠤᠰ ᠤᠨ ᠰᠦᠯᠵᠢᠶᠠᠨ ᠵᠠᠭᠤᠴᠢᠯᠠᠭᠤᠷ ᠤᠨ ᠲᠦᠯᠦᠭᠡᠯᠡᠭᠴᠢ 50 ᠭᠠᠷᠤᠢ ᠬᠦᠮᠦᠨ ᠬᠤᠷᠠᠯ ᠳᠤ ᠤᠷᠤᠯᠴᠠᠵᠠᠢ᠃      ᠬᠤᠷᠠᠯ ᠲᠡᠭᠡᠷ᠎ᠠ᠂ ᠰᠦᠯᠵᠢᠶᠠᠨ ᠵᠠᠭᠤᠴᠢᠯᠠᠭᠤᠷ᠂ ᠢᠯᠠᠩᠭᠤᠶ᠎ᠠ ᠨᠠᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠤᠨ ᠴᠠᠭ ᠡᠷᠢᠨ ᠳᠤ ᠬᠡᠷᠬᠢᠨ ᠰᠤᠷᠪᠤᠯᠵᠢᠯᠠᠵᠦ ᠮᠡᠳᠡᠭᠡᠯᠡᠬᠦ᠂ ᠬᠡᠷᠬᠢᠨ ᠬᠠᠮᠢᠶᠠᠷᠤᠯᠳᠠ ᠪᠠᠨ ᠴᠢᠩᠭᠠᠳᠬᠠᠬᠤ᠂ ᠬᠡᠷᠬᠢᠨ ᠮᠡᠳᠡᠭᠡᠨ ᠤ ᠪᠠᠨ ᠢᠳᠡᠭᠡᠮᠵᠢᠳᠤ ᠴᠢᠨᠠᠷ ᠢ ᠲᠡᠭᠡᠭᠰᠢᠯᠡᠬᠦᠯᠬᠦ ᠵᠡᠷᠭᠡ ᠲᠠᠯ᠎ᠠ ᠪᠠᠷ ᠶᠠᠷᠢᠯᠴᠠᠨ ᠰᠤᠳᠤᠯᠪᠠ᠃ ᠬᠤᠷᠠᠯ ᠳᠤ ᠤᠷᠤᠯᠴᠠᠭᠰᠠᠳ ᠬᠤᠶᠠᠷ ᠤᠯᠤᠰ ᠤᠨ ᠰᠦᠯᠵᠢᠶᠠᠨ ᠵᠠᠭᠤᠴᠢᠯᠠᠭᠤᠷ ᠤᠨ ᠬᠢᠨ ᠨᠠᠩ ᠨᠢᠬᠳᠠᠷᠠᠭᠰᠠᠨ ᠰᠤᠯᠢᠯᠴᠠᠭ᠎ᠠ ᠪᠠ ᠬᠠᠷᠢᠯᠴᠠᠨ ᠠᠶᠢᠯᠴᠢᠯᠠᠯ ᠤᠨ ᠲᠤᠭᠳᠠᠴᠠ ᠶᠢ ᠪᠠᠶᠢᠭᠤᠯᠵᠤ᠂ ᠬᠤᠯᠪᠤᠯᠳᠤᠭ᠎ᠠ ᠪᠠ ᠨᠡᠪᠳᠡᠷᠡᠯᠴᠡᠭᠡ ᠪᠠᠨ ᠴᠢᠩᠭᠠᠳᠬᠠᠨ ᠠᠮᠢᠳᠤᠷᠠᠯ ᠳᠤ ᠨᠠᠩ ᠢᠯᠡᠬᠦᠦ ᠤᠢᠢᠷᠠᠳᠤᠭᠰᠠᠨ ᠰᠤᠷᠪᠤᠯᠵᠢᠯᠠᠭ᠎ᠠ ᠠᠪᠴᠤ᠂ ᠬᠤᠶᠠᠷ ᠤᠯᠤᠰ ᠤᠨ ᠠᠷᠠᠳ ᠲᠦᠮᠠᠨ ᠤ ᠨᠦᠬᠦᠷᠰᠡᠭ ᠬᠠᠷᠢᠴᠠᠭᠠᠨ ᠤ ᠲᠤᠮᠳᠠᠬᠢ ᠤᠯᠠᠨ ᠰᠠᠶᠢᠬᠠᠨ ᠰᠡᠳᠬᠢᠯ ᠬᠦᠳᠡᠯᠭᠡᠮ᠎ᠠ ᠦᠯᠢᠭᠡᠷ ᠤᠳ ᠢ ᠠᠭᠤᠳᠠᠯᠤᠨ᠂ ᠬᠤᠶᠠᠷ ᠤᠯᠤᠰ ᠤᠨ ᠭᠦᠭᠵᠢᠯ ᠬᠤᠪᠢᠷᠠᠯ ᠢ ᠵᠦᠪ ᠤᠨᠤᠪᠴᠢᠳᠠᠢ᠂ ᠲᠦᠪ ᠭᠤᠤᠯᠴᠢ ᠪᠠᠷ ᠲᠠᠨᠢᠯᠴᠠᠭᠤᠯᠵᠤ᠂ ᠬᠤᠶᠠᠷ ᠤᠯᠤᠰ ᠤᠨ ᠨᠦᠬᠦᠷᠯᠡᠯ ᠢ ᠵᠤᠵᠠᠭᠠᠳᠬᠠᠨ ᠠᠷᠠᠳ ᠲᠦᠮᠠᠨ ᠤ ᠬᠠᠷᠢᠯᠴᠠᠨ ᠢᠳᠡᠭᠡᠯᠴᠠᠯ ᠤᠢᠢᠯᠠᠭᠠᠯᠴᠠᠯ ᠢ ᠬᠦᠨᠵᠡᠬᠡᠶᠢᠷᠡᠬᠦᠯᠬᠦ ᠳᠤ ᠨᠡᠩ ᠶᠡᠭᠡ ᠬᠦᠴᠦᠨ ᠵᠢᠳᠬᠦᠯ ᠢᠶᠠᠨ ᠦᠵᠡᠬᠦᠯᠪᠠᠯ ᠵᠤᠬᠢᠨ᠎ᠠ ᠬᠡᠵᠤ ᠰᠠᠨᠠᠯ ᠨᠢᠭᠡᠳᠠᠢ ᠢᠯᠡᠷᠭᠡᠶᠢᠯᠡᠭᠰᠡᠨ ᠪᠠᠶᠢᠨ᠎ᠠ᠃      ᠬᠤᠷᠠᠯ ᠲᠡᠭᠡᠷ᠎ᠠ᠂ ᠦᠪᠠᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠤᠨᠢᠨ ᠮᠡᠳᠡᠭᠡᠨ ᠤ ᠠᠯᠪᠠᠨ ᠬᠡᠷ ᠪᠤᠯᠤᠨ ᠮᠤᠩᠭᠤᠯ ᠤᠯᠤᠰ ᠤᠨ ᠦᠨᠳᠦᠰᠤᠨ ᠤ ᠰᠠᠶᠢᠲ ᠤᠨ ᠬᠦᠭᠵᠢᠯ ᠤᠨ ᠨᠢᠭᠡᠳᠦᠭᠰᠡᠨ ᠬᠤᠯᠪᠤᠭ᠎ᠠ ᠶᠢᠨ ᠬᠠᠮᠳᠤᠷᠠᠨ ᠠᠵᠢᠯᠯᠠᠬᠤ ᠰᠠᠨᠠᠮᠵᠢ ᠶᠢᠨ ᠪᠢᠴᠢᠭ ᠲᠤ ᠭᠠᠷ ᠤᠨ ᠦᠰᠦᠭ ᠵᠢᠷᠤᠭᠰᠠᠨ ᠠᠴᠠ ᠭᠠᠳᠠᠨ᠎ᠠ᠂ ᠲᠦᠡᠭᠯᠢᠶᠤᠤ᠂ ᠤᠯᠠᠭᠠᠨᠬᠠᠳᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠪᠠ ᠠᠯᠠᠱᠠ ᠠᠶᠢᠮᠠᠭ ᠤᠨ ᠵᠠᠬᠢᠷᠭ᠎ᠠ ᠶᠢᠨ ᠰᠤᠨᠢᠨ ᠮᠡᠳᠡᠭᠡᠨ ᠤ ᠠᠯᠪᠠᠨ ᠬᠡᠷ ᠤᠨ ᠬᠢᠨ ᠲᠤᠰ ᠲᠤᠰ ᠮᠤᠩᠭᠤᠯ ᠤᠯᠤᠰ ᠤᠨ ᠰᠡᠳᠬᠦᠯᠴᠢᠳ ᠤᠨ ᠨᠢᠭᠡᠳᠦᠭᠰᠡᠨ ᠡᠪᠯᠡᠯ ᠤᠨ ᠬᠡᠨᠳᠡᠢ ᠠᠶᠢᠮᠠᠭ᠂ ᠠᠷᠤᠬᠠᠡᠭᠭᠠᠢ ᠠᠶᠢᠮᠠᠭ᠂ ᠪᠠᠶᠠᠨᠬᠤᠡᠭᠭᠤᠷ ᠠᠶᠢᠮᠠᠭ ᠤᠨ ᠬᠤᠪᠢᠶᠠᠷᠢ ᠡᠪᠯᠡᠯ ᠤᠨ ᠬᠢᠨ ᠲᠠᠢ ᠬᠠᠮᠳᠤᠷᠠᠨ ᠠᠵᠢᠯᠯᠠᠬᠤ ᠰᠠᠨᠠᠮᠵᠢ ᠪᠢᠴᠢᠭ ᠲᠤᠭᠳᠠᠭᠠᠵᠠᠢ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1