ᠥᠪᠥᠷ ᠮᠣᠩᠭᠤᠯ ᠲᠥᠪ ‍ᠤᠨ‌ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ 369 ᠠᠰᠠᠭᠤᠳᠠᠯ ᠢ ᠪᠠᠶᠢᠴᠠᠭᠠᠨ ᠰᠢᠢᠳᠪᠦᠷᠢᠯᠡᠪᠡ
ᠨᠡᠶᠢᠲᠡᠯᠡᠭᠰᠡᠨ ᠴᠠᠭ᠄
2019-10-18
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠮᠡᠳᠡᠭᠡ ᠶᠢ ᠦᠨᠳᠦᠰᠦᠯᠡᠪᠡᠯ᠂ ᠥᠪᠥᠷ ᠮᠣᠩᠭᠤᠯ ᠤᠨ ᠥᠷᠨᠢᠭᠦᠯᠦᠭᠰᠡᠨ ︽ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠳᠣᠪᠤᠶᠢᠮ᠎ᠠ ᠠᠰᠠᠭᠤᠳᠠᠯ︾ ᠤᠨ ᠲᠤᠰᠬᠠᠶ ᠴᠡᠭᠴᠡᠯᠡᠨ ᠵᠠᠰᠠᠯᠲᠠ ᠶᠢᠨ ᠦᠷ᠎ᠡ ᠪᠦᠲᠦᠮᠵᠢ ᠢᠯᠡᠳᠲᠡ ᠪᠠᠶᠢᠵᠤ᠂ ᠡᠨᠡ ᠵᠢᠯ ᠤᠨ 1 — 8 ᠳ᠋ᠤᠭᠠᠷ ᠰᠠᠷ᠎ᠠ ᠳᠤ ᠲᠥᠪ ᠤᠨ  ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ 369 ᠠᠰᠠᠭᠤᠳᠠᠯ ᠢ ᠪᠠᠶᠢᠴᠠᠭᠠᠨ ᠰᠢᠢᠳᠪᠦᠷᠢᠯᠡᠪᠡ᠃      15 ᠤ ᠡᠳᠦᠷ ᠪᠣᠯᠣᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠪᠠᠶᠢᠩᠭᠤ ᠶᠢᠨ ᠳᠡᠳ᠋ ᠡᠷᠬᠢᠯᠡᠭᠴᠢ ᠰᠦᠨ ᠬᠤᠩ ᠮᠧᠶ ᠶᠢᠨ ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠠᠵᠢᠯ ᠥᠷᠨᠢᠭᠦᠯᠬᠦ ᠶᠠᠪᠤᠴᠠ ᠳᠤ᠂ ︽ᠲᠥᠪ ᠤᠨ ᠨᠠᠶ᠋ᠮᠠᠨ ᠲᠣᠭᠲᠠᠭᠠᠯ ᠤᠨ ᠵᠣᠷᠢᠭ ᠰᠠᠨᠠᠭ᠎ᠠ ᠠᠴᠠ ᠵᠥᠷᠢᠴᠡᠭᠰᠡᠨ ᠳᠣᠪᠤᠶᠢᠮ᠎ᠠ ᠠᠰᠠᠭᠤᠳᠠᠯ︾ ᠢ ᠲᠤᠰᠬᠠᠶ ᠴᠡᠭᠴᠡᠯᠡᠨ ᠵᠠᠰᠠᠬᠤ ᠪᠠ ︽ᠬᠡᠯᠪᠡᠷᠢᠴᠢ ᠦᠵᠡᠯ ᠨᠣᠶᠠᠨᠴᠢ ᠰᠤᠷᠲᠠᠯ ᠢ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ︾ ᠲᠤᠰᠬᠠᠶ ᠴᠡᠭᠴᠡᠯᠡᠨ ᠵᠠᠰᠠᠯᠲᠠ ᠶᠢ ᠥᠷᠨᠢᠭᠦᠯᠪᠡ᠃      ᠡᠨᠡ ᠵᠢᠯ ᠠᠴᠠ ᠨᠠᠭᠠᠰᠢ ᠪᠥᠬᠦ ᠣᠷᠣᠨ ᠳᠤ ᠲᠥᠪ ᠤᠨ ᠨᠠᠶ᠋ᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ 369 ᠠᠰᠠᠭᠤᠳᠠᠯ ᠢ ᠪᠠᠶᠢᠴᠠᠭᠠᠨ ᠰᠢᠶ᠋ᠳᠪᠦᠷᠢᠯᠡᠵᠦ᠂ 403 ᠬᠥᠮᠦᠨ ᠳᠤ ᠨᠠᠮ ᠤᠨ ᠰᠠᠬᠢᠯᠭ᠎ᠠ ᠪᠠᠲᠤ ᠵᠠᠰᠠᠭ ᠤᠨ ᠰᠠᠬᠢᠯᠭ᠎ᠠ ᠪᠠᠲᠤ ᠶᠢᠨ ᠰᠢᠢᠳᠬᠡᠯ ᠥᠭᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠠᠵᠢᠯ ᠤᠨ ᠰᠠᠯᠠᠭ᠎ᠠ ᠮᠥᠴᠢᠷ ᠤᠨ ᠲᠠᠷᠬᠠᠭᠠᠬᠤ ᠪᠢᠴᠢᠭ ᠮᠠᠲ᠋ᠧᠷᠢᠶᠠᠯ ᠤᠨ ᠲᠤᠭ᠎ᠠ ᠶᠢ ᠠᠳᠠᠯᠢ ᠬᠤᠭᠤᠴᠠᠭᠠᠨ ᠤ ᠬᠢ ᠠᠴᠠ ᠶᠡᠭᠡ ᠪᠠᠷ ᠴᠣᠮᠬᠠᠳᠬᠠᠪᠠ᠃ ᠲᠤᠰᠬᠠᠶ ᠴᠡᠭᠴᠡᠯᠡᠨ ᠵᠠᠰᠠᠬᠤ ᠶᠢ ᠥᠷᠨᠢᠭᠦᠯᠬᠦ ᠪᠠᠷ ᠳᠠᠮᠵᠢᠭᠤᠯᠤᠨ᠂ ᠪᠦᠬᠦ ᠣᠷᠣᠨ ᠤ ᠺᠠᠳ᠋ᠷ ᠤᠨ ᠠᠵᠢᠯ ᠤᠨ ᠰᠤᠷᠲᠠᠯ ᠢ ᠤᠯᠠᠮ ᠨᠢᠭᠡ ᠠᠯᠬᠤᠮ ᠬᠤᠪᠢᠷᠠᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠥᠭᠡᠷᠡᠴᠢᠯᠡᠯᠲᠡ ᠬᠢᠵᠦ ᠬᠥᠭᠵᠢᠭᠦᠯᠬᠦ ᠲᠣᠭᠲᠠᠭᠤᠨ ᠪᠠᠶᠢᠯᠭᠠᠬᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠬᠦᠴᠦᠲᠡᠶ ᠲᠦᠯᠬᠢᠨ ᠠᠬᠢᠭᠤᠯᠤᠭᠰᠠᠨ ᠪᠠ ᠪᠠᠲᠤᠯᠠᠪᠠ᠃      ᠡᠭᠦᠨ ᠠᠴᠠ ᠭᠠᠳᠠᠨ᠎ᠠ᠂ ᠥᠪᠥᠷ ᠮᠣᠩᠭᠤᠯ ᠣᠯᠠᠨ ᠲᠦᠮᠡᠨ ᠤ ᠰᠡᠳᠬᠢᠯ ᠵᠣᠪᠠᠵᠤ ᠪᠤᠬᠢᠨᠢᠳᠤᠵᠤ ᠪᠠᠶᠢᠭ᠎ᠠ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠪᠠ᠃ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠰᠢᠶ᠋ᠳᠪᠦᠷᠢᠯᠡᠬᠦ ᠶᠢ ᠬᠦᠴᠦᠲᠡᠢ ᠲᠦᠯᠬᠢᠨ ᠠᠬᠢᠭᠤᠯᠪᠠ᠃ ︽ᠥᠪᠥᠷ ᠮᠣᠩᠭᠤᠯ ᠤᠨ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠬᠤ ᠲᠣᠮᠣ ᠳ᠋ᠠᠶᠢᠲ᠋ᠠ ᠶᠢᠨ ᠲᠠᠪᠴᠠᠩ︾ ᠢ ᠨᠡᠭᠡᠭᠡᠨ ᠬᠥᠭᠵᠢᠭᠦᠯᠵᠦ᠂ ᠬᠥᠳᠡᠭᠡ ᠲᠣᠰᠬᠤᠨ ᠪᠠ ᠬᠤᠲᠠ ᠪᠠᠯᠭᠠᠰᠤ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠣᠭᠤᠰ ᠵᠢᠴᠢ ᠨᠤᠷᠠᠬᠤ ᠠᠶᠤᠯᠲᠠᠶ ᠭᠡᠷ ᠪᠠᠶᠢᠰᠢᠩ ᠤᠨ ᠨᠥᠬᠦᠪᠥᠷᠢ ᠵᠣᠭᠤᠰ ᠢ ᠲᠣᠭᠲᠠᠭᠠᠯ ᠠᠴᠠ ᠵᠥᠷᠢᠴᠡᠨ ᠠᠪᠬᠤ ᠠᠰᠠᠭᠤᠳᠠᠯ ᠡᠭᠦᠰᠬᠦ ᠶᠢ ᠪᠦᠲᠦᠮᠵᠢᠲᠡᠶ ᠰᠡᠷᠭᠡᠶᠢᠯᠡᠪᠡ᠃       ︽ᠢᠳᠡᠵᠦ ᠡᠮᠦᠰᠬᠦ ᠶᠠᠪᠤᠵᠤ ᠰᠠᠭᠤᠬᠤ︾ ᠳᠥᠷᠪᠡᠨ ᠶᠡᠭᠡ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠲᠣᠭᠲᠠᠭᠠᠯ ᠠᠴᠠ ᠵᠥᠷᠢᠴᠡᠭᠰᠡᠨ 4500 ᠭᠠᠷᠤᠶ ᠠᠰᠠᠭᠤᠳᠠᠯ ᠢ ᠬᠡᠷᠡᠭ ᠪᠣᠯᠭᠠᠨ ᠳᠠᠩᠰᠠᠯᠠᠵᠤ ᠪᠠᠶᠢᠴᠠᠭᠠᠨ ᠰᠢᠶ᠋ᠳᠪᠦᠷᠢᠯᠡᠪᠡ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠢᠯᠡᠴᠢᠯᠡᠨ ᠮᠡᠳᠡᠭᠦᠯᠬᠦ ᠬᠠᠮᠢᠶᠠᠷᠤᠯᠲᠠ ᠶᠢᠨ ᠲᠠᠪᠴᠠᠩ ᠤᠨ ᠬᠦᠯᠢᠶᠡᠨ ᠠᠪᠤᠭᠰᠠᠨ 12369 ᠢᠯᠡᠴᠢᠯᠡᠨ ᠮᠡᠳᠡᠭᠦᠯᠦᠭᠰᠡᠨ ᠬᠡᠷᠡᠭ ᠤᠨ 90% ᠶᠢ ᠨᠢ ᠨᠢᠭᠡᠨᠲᠡ ᠰᠢᠶ᠋ᠳᠪᠦᠷᠢᠯᠡᠵᠦ ᠳᠠᠭᠤᠰᠬᠠᠪᠠ᠃ ᠬᠥᠳᠡᠭᠡ ᠲᠣᠰᠬᠤᠨ ᠤ ᠵᠠᠰᠠᠮᠠᠯ ᠵᠠᠮ ᠢ 2863 ᠺᠢᠯᠣᠮᠧᠳ᠋ᠷ ᠰᠢᠨ᠎ᠡ ᠪᠠᠷ ᠥᠭᠡᠷᠡᠴᠢᠯᠡᠨ ᠵᠠᠰᠠᠵᠤ᠂ ︽ᠰᠠᠭᠠᠳ ᠦᠭᠡᠢ ᠪᠤᠴᠠᠬᠤ︾ ᠠᠰᠠᠭᠤᠳᠠᠯ ᠢ ᠰᠢᠶ᠋ᠳᠪᠦᠷᠢᠯᠡᠪᠡ᠃ ᠨᠢᠭᠡ ᠪᠦᠯᠦᠭ ︽ᠦᠨᠡᠮᠯᠡᠯ ᠠᠪᠬᠤ ᠳᠤ ᠬᠦᠴᠢᠷ︾᠂ ︽ᠣᠷᠣᠵᠤ ᠰᠠᠭᠤᠬᠤ ᠳᠤ ᠬᠦᠴᠢᠷ︾᠂ ︽ᠪᠤᠴᠠᠵᠤ ᠨᠡᠭᠦᠬᠦ ᠳᠤ ᠬᠦᠴᠢᠷ︾ ᠵᠡᠷᠭᠡ ᠭᠡᠷ ᠭᠠᠵᠠᠷ ᠬᠥᠷᠥᠩᠭᠡ ᠶᠢᠨ ᠬᠦᠷᠢᠶᠡᠨ ᠳᠠᠬᠢ ᠲᠡᠦᠬᠡᠨ ᠦᠯᠡᠳᠡᠭᠳᠡᠯ ᠠᠰᠠᠭᠤᠳᠠᠯ ᠢ ᠰᠢᠶ᠋ᠳᠪᠦᠷᠢᠯᠡᠪᠡ᠃ ᠢᠳᠡᠭᠡᠨ ᠪᠠ ᠡᠮ ᠤᠨ ᠵᠦᠢᠯ ᠤᠨ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ︽ᠺᠦᠨᠯᠦ᠋ᠨ︾ ᠠᠵᠢᠯᠯᠠᠭ᠎ᠠ ᠶᠢ ᠥᠷᠨᠢᠭᠦᠯᠵᠦ᠂ ᠬᠡᠯᠬᠢᠶᠡᠷᠡᠭᠰᠡᠨ ᠢᠳᠡᠭᠡᠨ ᠪᠠ ᠡᠮ ᠤᠨ ᠵᠦᠢᠯᠡᠰ ᠤᠨ ᠬᠡᠷᠡᠭ ᠢ ᠢᠯᠡᠷᠡᠭᠦᠯᠪᠡ᠃ ︽32 ᠦᠨᠡᠮᠯᠡᠯ ᠢ ᠨᠢᠭᠡᠳᠬᠡᠬᠦ︾ ᠶᠢ ᠬᠡᠷᠡᠭᠵᠢᠭᠦᠯᠵᠦ᠂ ︽ᠨᠢᠭᠡ ᠰᠦᠯᠵᠢᠶ᠎ᠡ ᠪᠠᠷ ᠭᠤᠶᠤᠴᠢᠯᠠᠬᠤ᠂ ᠨᠢᠭᠡ ᠴᠣᠩᠬᠤᠪᠴᠢ ᠪᠠᠷ ᠬᠦᠯᠢᠶᠡᠨ ᠠᠪᠴᠤ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠶ᠋ᠴᠡᠳᠬᠡᠬᠦ︾ ᠶᠢ ᠪᠡᠶᠡᠯᠡᠭᠦᠯᠵᠦ᠂ ᠠᠵᠤ ᠠᠬᠤᠶᠢᠯᠠᠯ ᠡᠷᠬᠢᠯᠡᠨ ᠪᠠᠶᠢᠭᠤᠯᠬᠤ ᠴᠠᠭ ᠢ ᠪᠣᠭᠤᠨᠢᠰᠬᠠᠭᠠᠳ 5 ᠠᠵᠢᠯᠯᠠᠬᠤ ᠡᠳᠦᠷ ᠪᠣᠯᠭᠠᠵᠤ᠂ ᠠᠵᠤ ᠠᠬᠤᠶᠢᠯᠠᠯ ᠤᠨ ︽ᠵᠥᠪᠰᠢᠶᠡᠷᠡᠯ ᠢᠶᠠᠷ ᠣᠷᠣᠬᠤ ᠳᠤ ᠬᠦᠴᠢᠷᠲᠡᠢ︾ ᠪᠠᠶᠢᠬᠤ ᠠᠰᠠᠭᠤᠳᠠᠯ ᠢ ᠰᠢᠢᠳᠪᠦᠷᠢᠯᠡᠵᠡᠢ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1