ᠲᠤᠭᠳᠠᠬᠤ ᠰᠢᠶᠠᠨ ᠶᠠᠳᠠᠭᠤ ᠶᠢ ᠲᠡᠳᠬᠦᠬᠦ ᠡᠳᠦᠷᠯᠢᠭ ᠤᠨ ᠰᠢᠷᠢᠰ ᠠᠵᠢᠯᠯᠠᠭ᠎ᠠ ᠦᠷᠨᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2019-10-18
      10 ᠰᠠᠷ᠎ᠠ ᠶᠢᠨ 17 ᠤ ᠡᠳᠦᠷ ᠪᠣᠯ ᠪᠦᠬᠦ ᠤᠯᠤᠰ ᠤᠨ ᠵᠢᠷᠭᠤᠭᠠᠳᠠᠬᠢ ᠶᠠᠳᠠᠭᠤ ᠶᠢ ᠲᠡᠳᠬᠦᠬᠦ ᠡᠳᠦᠷ ᠪᠣᠯᠤᠨ᠎ᠠ᠂ ᠲᠣᠰ ᠡᠳᠦᠷ᠂ ᠲᠤᠭᠳᠠᠬᠤ ᠰᠢᠶᠠᠨ ︽ᠶᠠᠳᠠᠭᠤ ᠶᠢ ᠲᠡᠳᠬᠦᠵᠦ ᠬᠦᠴᠢᠷᠳᠡᠯᠲᠡᠶ ᠶᠢ ᠲᠤᠰᠠᠯᠠᠵᠤ ᠬᠦᠰᠡᠯ ᠵᠡᠭᠦᠳᠦ ᠪᠠᠨ ᠲᠡᠷᠭᠡᠯᠰᠢᠭᠦᠯᠦᠨ ᠰᠤᠷᠤᠯᠭ᠎ᠠ ᠶᠢ ᠲᠡᠳᠬᠦᠬᠦ︾᠂ ᠶᠠᠳᠠᠭᠤ ᠶᠢ ᠲᠡᠳᠬᠦᠬᠦ ᠡᠳᠦᠷ ᠤᠨ ᠭᠤᠤᠯ ᠰᠡᠳᠦᠪᠲᠦ ᠤᠬᠠᠭᠤᠯᠭ᠎ᠠ ᠵᠡᠷᠭᠡ ᠰᠢᠷᠢᠰ ᠠᠵᠢᠯᠯᠠᠭ᠎ᠠ ᠶᠢ ᠥᠷᠨᠢᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠤᠬᠠᠭᠤᠯᠵᠤ᠂ ᠲᠤᠭᠳᠠᠬᠤ ᠰᠢᠶᠠᠨ  ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠴᠢᠬᠤᠯᠠ ᠥᠭᠦᠯᠡᠯᠲᠡ ᠶᠢ ᠭᠦᠶᠴᠡᠳ ᠳᠡᠯᠭᠡᠨ ᠦᠵᠡᠭᠦᠯᠵᠦ᠂ ᠤᠯᠠᠮ ᠴᠢᠨᠠᠭᠰᠢᠳᠠ ᠡᠷᠴᠢ ᠵᠣᠷᠢᠭ ᠢᠶᠠᠨ ᠬᠥᠪᠴᠢᠯᠡᠵᠦ᠂ ᠬᠠᠮᠲᠤᠷᠠᠯ ᠬᠦᠴᠦᠨ ᠢ ᠨᠢᠭᠲᠠᠷᠠᠭᠤᠯᠵᠤ᠂ ᠭᠠᠪᠰᠢᠭᠠᠢᠯᠠᠨ ᠪᠠᠶᠢᠯᠳᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠴᠢᠨᠠᠷ ᠰᠠᠶᠢᠲᠠᠶ ᠰᠠᠶᠢᠲᠤᠷ ᠬᠢᠬᠦ ᠳᠤ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠪᠠ᠃ ᠰᠢᠶᠠᠨ ᠤ ᠤᠳᠤᠷᠢᠳᠤᠯᠭ᠎ᠠ ᠵᠤᠤ ᠯᠢ ᠮᠢᠨ᠂ ᠱᠢ ᠯᠢ ᠵᠢᠶᠦ᠋ᠨ ᠠᠵᠢᠯᠯᠠᠭ᠎ᠠ ᠳᠤ ᠣᠷᠣᠯᠴᠠᠵᠠᠶ᠃      ︽ᠶᠠᠳᠠᠭᠤ ᠶᠢ ᠲᠡᠳᠬᠦᠵᠦ ᠬᠦᠰᠡᠯ ᠵᠡᠭᠦᠳᠦ ᠶᠢ ᠲᠡᠷᠭᠡᠯᠰᠢᠭᠦᠯᠬᠦ︾ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠳᠤ᠂ ᠥᠪᠥᠷ ᠮᠣᠩᠭᠤᠯ ᠤᠨ ᠵᠢᠦ ᠲᠠᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠰᠢᠶᠠᠨ ᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠪᠠᠭ᠎ᠠ ᠰᠤᠷᠭᠠᠭᠤᠯᠢ ᠳᠤ 50 ᠲᠦᠮᠡᠨ ᠲᠥᠭᠦᠷᠢᠭ ᠤᠨ ᠥᠷᠲᠡᠭ ᠲᠠᠢ ᠨᠣᠮ ᠪᠢᠴᠢᠭ ᠬᠠᠨᠳᠢᠪᠯᠠᠵᠤ᠂ ᠲᠣᠭᠲᠠᠬᠤ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠬᠦᠴᠢᠷᠳᠡᠯᠲᠡᠶ ᠰᠤᠷᠤᠭᠴᠢᠳ ᠲᠤ 30 ᠲᠦᠮᠡᠨ ᠲᠥᠭᠦᠷᠢᠭ ᠤᠨ ᠪᠡᠯᠡᠨ ᠵᠣᠭᠤᠰ ᠬᠠᠨᠳᠢᠪᠯᠠᠪᠠ᠃ ᠲᠠᠨᠢᠯᠴᠠᠭᠤᠯᠤᠭᠰᠠᠨ ᠢᠶᠠᠷ᠂ ᠲᠣᠰ ᠠᠵᠢᠯᠯᠠᠭ᠎ᠠ ᠨᠢ ᠮᠥᠨᠴᠦ ᠲᠣᠭᠲᠠᠬᠤ ᠰᠢᠶᠠᠨ ᠤ ︽ᠵᠠᠭᠤᠨ ᠠᠵᠤ ᠠᠬᠤᠢᠯᠠᠯ ᠵᠠᠭᠤᠨ ᠲᠣᠰᠬᠤᠨ ᠲᠠᠢ ᠬᠤᠯᠪᠣᠭᠠᠯᠠᠬᠤ︾ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯᠯᠠᠭ᠎ᠠ ᠶᠢᠨ ᠠᠭᠤᠯᠭ᠎ᠠ ᠶᠢᠨ ᠨᠢᠭᠡ ᠪᠣᠯᠤᠨ᠎ᠠ᠂ ︽ᠵᠠᠭᠤᠨ ᠠᠵᠤ ᠠᠬᠤᠢᠯᠠᠯ ᠵᠠᠭᠤᠨ ᠲᠣᠰᠬᠤᠨ ᠲᠠᠢ ᠬᠤᠯᠪᠣᠭᠠᠯᠠᠬᠤ︾ ᠪᠣᠯ ᠠᠷᠠᠳ ᠤᠨ ᠡᠵᠡᠩᠨᠡᠯᠲᠡ ᠶᠢᠨ ᠠᠵᠤ ᠠᠬᠤᠢᠯᠠᠯ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠨᠡᠶᠢᠭᠡᠮ ᠤᠨ ᠬᠠᠷᠢᠭᠤᠴᠠᠯᠭ᠎ᠠ ᠪᠠᠨ ᠭᠦᠶᠴᠡᠳᠬᠡᠬᠦ ᠴᠢᠬᠤᠯᠠ ᠲᠠᠪᠴᠠᠩ ᠤᠨ ᠠᠴᠢᠶᠠᠯᠠᠪᠤᠷᠢ ᠪᠣᠯᠤᠨ᠎ᠠ᠃ ᠳᠠᠷᠠᠭᠠᠴᠢ ᠶᠢᠨ ᠱᠠᠲᠤᠨ ᠳᠤ᠂ ᠥᠷᠭᠡᠨ ᠣᠯᠠᠨ ᠠᠷᠠᠳ ᠠᠴᠠ ᠡᠵᠡᠩᠨᠡᠭᠰᠡᠨ ᠠᠵᠤ ᠠᠬᠤᠢᠯᠠᠯ ᠮᠠᠨ ᠤ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠭᠤᠤᠯ ᠳᠠᠶᠢᠯᠠᠯᠳᠤᠭᠠᠨ ᠤ ᠲᠠᠯᠠᠪᠤᠷ ᠲᠤ ᠢᠳᠡᠪᠬᠢᠲᠡᠢ ᠣᠷᠣᠯᠴᠠᠵᠤ᠂ ᠭᠡᠷ᠎ᠡ ᠲᠣᠭᠲᠠᠵᠤ ᠬᠤᠤᠰᠯᠠᠬᠤ᠂ ᠲᠣᠰᠬᠤᠨ ᠠᠵᠤ ᠠᠬᠤᠢᠯᠠᠯ ᠬᠠᠮᠲᠤ ᠪᠠᠷ ᠪᠠᠶᠢᠭᠤᠯᠬᠤ ᠪᠠᠷ ᠭᠤᠤᠯ ᠬᠡᠯᠪᠡᠷᠢ ᠪᠣᠯᠭᠠᠵᠤ ᠶᠠᠳᠠᠭᠤ ᠬᠦᠴᠢᠷᠳᠡᠯᠲᠡᠶ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠬᠤ ᠠᠯᠬᠤᠮ ᠢᠶᠠᠨ ᠲᠦᠷᠭᠡᠳᠬᠡᠬᠦ ᠶᠢ ᠠᠬᠢᠭᠤᠯᠵᠤ᠂ ᠤᠰᠤ ᠶᠢ ᠨᠢ ᠤᠤᠭᠤᠪᠠᠯ ᠡᠬᠢ  ᠶᠢ ᠨᠢ ᠪᠤᠳᠤᠬᠤ᠂ ᠶᠠᠳᠠᠭᠤ ᠶᠢ ᠲᠡᠳᠬᠦᠪᠡᠯ ᠥᠭᠡᠳᠡᠯᠡᠬᠦ ᠠᠵᠤ ᠠᠬᠤᠶᠢᠯᠠᠯᠲᠠ ᠤ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠶᠢ ᠢᠯᠡᠷᠡᠭᠦᠯᠦᠨ᠎ᠡ᠃      ᠶᠠᠳᠠᠭᠤ ᠶᠢ ᠲᠡᠳᠬᠦᠬᠦ ᠡᠳᠦᠷ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠳᠤᠮᠳᠠ᠂ ᠰᠢᠶᠠᠨ ᠤ ᠶᠠᠳᠠᠭᠤ ᠶᠢ ᠲᠡᠳᠬᠦᠬᠦ ᠠᠯᠪᠠᠨ ᠭᠡᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ ᠵᠡᠷᠭᠡ ᠣᠯᠠᠨ ᠨᠢᠭᠡᠴᠡ ᠰᠢᠶᠠᠨ ᠤ ᠰᠣᠶᠣᠯ ᠤᠨ ᠣᠷᠳᠣᠨ ᠤ ᠠᠭᠤᠳᠠᠮ ᠲᠠᠯᠠᠪᠠᠢ ᠳᠤ ᠭᠤᠤᠯ ᠰᠡᠳᠦᠪᠲᠦ ᠤᠬᠠᠭᠤᠯᠭ᠎ᠠ ᠥᠷᠨᠢᠭᠦᠯᠪᠡ᠃ ᠠᠵᠢᠯᠯᠠᠭ᠎ᠠ ᠨᠢ ᠳᠡᠯᠭᠡᠨ ᠦᠵᠡᠭᠦᠯᠬᠦ ᠰᠠᠮᠪᠠᠷ᠎ᠠ ᠲᠠᠯᠪᠢᠬᠤ᠂ ᠤᠬᠠᠭᠤᠯᠬᠤ ᠮᠠᠲ᠋ᠧᠷᠢᠶᠠᠯ ᠲᠠᠷᠬᠠᠭᠠᠬᠤ᠂ ᠰᠦᠶᠳᠬᠡᠯ ᠬᠤᠷᠢᠶᠠᠬᠤ ᠦᠭᠡᠢ ᠪᠠᠷ ᠠᠯᠪᠠᠨ ᠵᠢᠷᠤᠮ ᠤᠨ ᠡᠮᠴᠢᠯᠡᠭᠡ ᠬᠢᠬᠦ ᠵᠡᠷᠭᠡ ᠣᠯᠠᠨ ᠵᠦᠶᠯ ᠤᠨ ᠠᠷᠭ᠎ᠠ ᠬᠡᠯᠪᠡᠷᠢ ᠪᠠᠷ ᠳᠠᠮᠵᠢᠨ ᠨᠠᠰᠢ ᠴᠠᠰᠢ ᠶᠠᠪᠤᠵᠤ ᠪᠠᠶᠢᠭ᠎ᠠ ᠣᠯᠠᠨ ᠲᠦᠮᠡᠨ ᠳᠤ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ᠂ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠵᠢᠴᠢ ᠶᠠᠳᠠᠭᠤ ᠶᠢ ᠲᠡᠳᠬᠦᠬᠦ ᠡᠮ ᠡᠮᠨᠡᠯᠭᠡ ᠶᠢᠨ ᠪᠠᠲᠤᠯᠠᠭ᠎ᠠ ᠵᠡᠷᠭᠡ ᠲᠥᠷᠥ ᠶᠢᠨ ᠪᠣᠳᠣᠯᠭ᠎ᠠ ᠴᠢᠭᠯᠡᠯᠲᠡ ᠶᠢ ᠤᠬᠠᠭᠤᠯᠪᠠ᠃ ᠠᠵᠢᠯᠯᠠᠭ᠎ᠠ ᠳᠤ ᠤᠬᠠᠭᠤᠯᠬᠤ ᠮᠠᠲ᠋ᠧᠷᠢᠶᠠᠯ ᠢ ᠨᠡᠶᠢᠲᠡ 4000 ᠭᠠᠷᠤᠶ ᠬᠤᠪᠢ ᠲᠠᠷᠬᠠᠭᠠᠵᠠᠶ᠃      ᠠᠵᠢᠯᠯᠠᠭ᠎ᠠ ᠨᠢ᠂ ᠨᠡᠶᠢᠭᠡᠮ ᠤᠨ ᠡᠯ᠎ᠡ ᠡᠲᠡᠭᠡᠳ ᠤᠨ ᠬᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠤᠯᠠᠮ ᠨᠢᠭᠡ ᠠᠯᠬᠤᠮ ᠠᠩᠬᠠᠷᠤᠯ ᠢᠶᠠᠨ ᠲᠥᠪᠯᠡᠷᠡᠭᠦᠯᠵᠦ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠦᠶᠯᠡᠰ ᠲᠤ ᠢᠳᠡᠪᠬᠢᠲᠡᠢ ᠣᠷᠣᠯᠴᠠᠵᠤ᠂ ᠶᠠᠳᠠᠭᠤ ᠶᠢ ᠲᠡᠳᠬᠦᠵᠦ ᠬᠦᠴᠢᠷᠳᠡᠯᠲᠡᠶ ᠶᠢ ᠲᠤᠰᠠᠯᠠᠬᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ︽ᠭᠠᠷ ᠬᠤᠯᠪᠣᠨ ᠶᠠᠳᠠᠭᠤ ᠬᠦᠴᠢᠷᠳᠡᠯ ᠢ ᠠᠷᠢᠯᠭᠠᠵᠤ᠂ ᠰᠠᠶᠢᠨ ᠰᠠᠶᠢᠬᠠᠨ ᠭᠡᠷ ᠣᠷᠣᠨ ᠢᠶᠠᠨ ᠪᠦᠲᠦᠭᠡᠨ ᠪᠠᠶᠢᠭᠤᠯᠵᠤ ᠬᠠᠮᠲᠤᠪᠠᠷ ᠴᠢᠨᠡᠭᠡᠯᠢᠭᠵᠢᠬᠦ︾ ᠶᠢ ᠪᠦᠷᠢᠯᠳᠦᠭᠦᠯᠬᠦ ᠬᠡᠷᠡᠭᠲᠡᠶ ᠭᠡᠵᠦ ᠤᠷᠢᠶᠠᠯᠠᠪᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠶᠠᠳᠠᠭᠤ ᠶᠢ ᠲᠡᠳᠬᠦᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠳᠠᠷᠦ᠋ᠬᠠᠨ ᠬᠥᠳᠡᠯᠦᠯᠴᠡᠵᠦ᠂ ᠠᠭᠤᠯᠠ ᠳᠠᠭᠠᠷᠠᠪᠠᠯ ᠵᠠᠮ ᠨᠡᠭᠡᠭᠡᠵᠦ᠂ ᠤᠰᠤ ᠳᠠᠭᠠᠷᠠᠪᠠᠯ ᠬᠥᠭᠦᠷᠭᠡ ᠲᠠᠯᠪᠢᠬᠤ ᠲᠡᠮᠡᠴᠡᠯ ᠤᠨ ᠵᠣᠷᠢᠭ ᠰᠠᠨᠠᠭ᠎ᠠ ᠪᠠᠷ ᠶᠠᠳᠠᠭᠤ ᠶᠢ ᠲᠡᠳᠬᠦᠬᠦ ᠠᠵᠢᠯ ᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠨᠡᠬᠦ ᠬᠠᠲᠠᠭᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠨᠠᠮ ᠪᠣᠯᠤᠨ ᠠᠷᠠᠳ ᠲᠦᠮᠡᠨ ᠳᠤ ᠨᠢᠭᠡ ᠬᠤᠪᠢ ᠬᠠᠨᠤᠮᠵᠢᠲᠠᠶ ᠠᠮᠵᠢᠯᠲᠠ ᠲᠤᠰᠢᠶᠠᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1