ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠲᠤᠭᠤᠶᠢᠯᠠᠩ 2019 ᠣᠨ ᠤ ᠬᠤᠷᠢᠨ ᠬᠤᠶᠠᠳᠤᠭᠠᠷ ︵ᠥᠷᠭᠡᠳᠬᠡᠭᠰᠡᠨ︶ ᠬᠤᠷᠠᠯ ᠵᠢᠴᠢ ᠬᠤᠷᠢᠳᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-10-18
      10 ᠰᠠᠷ᠎ᠠ ᠶᠢᠨ 16 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠢᠶᠠᠨ ᠤ ᠳᠠᠷᠤᠭ᠎ᠠ ᠯᠢ ᠴᠦᠨ ᠶᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2019 ᠣᠨ ᠤ ᠬᠤᠷᠢᠨ ᠬᠤᠶᠠᠳᠤᠭᠠᠷ ( ᠥᠷᠭᠡᠳᠬᠡᠭᠰᠡᠨ ) ᠬᠤᠷᠠᠯ ᠵᠢᠴᠢ ᠬᠤᠷᠢᠳᠤᠭᠠᠷ ᠤᠳᠠᠭᠠᠨ ᠤ ᠲᠥᠪᠯᠡᠷᠡᠭᠦᠯᠦᠨ ᠰᠤᠷᠤᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠲᠢᠶᠠᠨ ᠯᠢ ᠵᠢᠶᠦ᠋ᠨ᠂ ᠵᠤᠤ ᠯᠢ ᠮᠢᠨ᠂ ᠶᠦᠨ ᠬᠠᠢ ᠯᠦᠩ᠂ ᠯᠢᠦ ᡁᠢ ᠴᠢᠶᠠᠩ᠂ ᠾᠧᠦ ᠰᠢᠶᠠᠩ ᠯᠦᠩ ᠵᠡᠷᠭᠡ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠲᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠡᠯ᠎ᠡ ᠪᠠᠯᠭᠠᠰᠤ᠂ ᠾᠧ ᠺᠸᠤ ᠶᠢᠨ ᠬᠠᠮᠢᠶᠠᠷᠤᠯᠲᠠ  ᠶᠢᠨ ᠵᠥᠪᠯᠡᠯ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ᠂ ᠰᠢᠶᠠᠨ ᠤ ᠰᠠᠬᠢᠯᠭ᠎ᠠ ᠪᠠᠲᠤ  ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠠᠷᠢᠭᠤᠴᠠᠯᠭᠠᠲᠠᠨ ᠤᠷᠢᠯᠭ᠎ᠠ  ᠪᠠᠷ ᠬᠤᠷᠠᠯ ᠳᠤ ᠣᠷᠣᠯᠴᠠᠪᠠ᠃      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠥᠪᠯᠡᠷᠡᠭᠦᠯᠦᠨ ᠰᠤᠷᠤᠯᠴᠠᠪᠠ︔ ᠶᠡᠷᠦᠩᠬᠡᠶ ᠱᠦᠵᠢ ᠰᠢ ᠶᠢᠨ ᠫᠢᠩ ᠤᠨ ᠪᠡᠭᠡᠵᠢᠩ ᠤᠨ ᠰᠢᠶᠠᠩᠱᠠᠨ ᠤ ᠬᠤᠪᠢᠰᠬᠠᠯ ᠤᠨ ᠳᠤᠷᠠᠰᠬᠠᠯ ᠤᠨ ᠭᠠᠵᠠᠷ ᠢᠶᠠᠷ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠪᠠ︔ ᠶᠡᠷᠦᠩᠬᠡᠶ ᠱᠦᠵᠢ ᠰᠢ ᠶᠢᠨ ᠫᠢᠩ ᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠪᠠ︔ ᠶᠡᠷᠦᠩᠬᠡᠶ ᠱᠦᠵᠢ ᠰᠢ ᠶᠢᠨ ᠫᠢᠩ ᠤᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠢᠷᠠᠭᠤ ᠠᠯᠳᠠᠷ ᠤᠨ ᠴᠣᠯᠠ ᠣᠯᠭᠤᠬᠤ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠪᠠ︔ ᠬᠤᠷᠠᠯ ᠠᠴᠠ ᠪᠠᠰᠠ ᠯᠢ ᠵᠢᠶ ᠾᠧᠩ ᠱᠦᠵᠢ ᠶᠢᠨ ᠬᠦᠬᠡᠬᠤᠳᠠ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠬᠤᠷᠠᠯ ᠤᠨ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ᠂ ᠲᠡᠭᠡᠳᠦ ᠳᠣᠣᠷᠠᠳᠤ ᠱᠠᠲᠤ ᠪᠠᠷ ᠢᠶᠠᠨ ᠤᠯᠤᠰ ᠲᠥᠷᠦ ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠦᠨᠡᠨᠬᠦ ᠨᠢᠭᠡᠳᠬᠡᠵᠦ᠂ ᠶᠡᠷᠦᠩᠬᠡᠶ ᠱᠦᠵᠢ ᠶᠢᠨ 70 ᠵᠢᠯ ᠤᠨ ᠣᠢ ᠶᠢ ᠪᠡᠯᠭᠡᠯᠡᠬᠦ ᠬᠤᠶᠠᠷ ᠤᠳᠠᠭ᠎ᠠ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠨᠢᠭᠡ ᠵᠦᠶᠯ ᠤᠨ ᠤᠯᠤᠰ ᠲᠥᠷᠦ ᠶᠢᠨ ᠡᠭᠦᠷᠭᠡ ᠪᠣᠯᠭᠠᠨ ᠴᠢᠩᠭ᠎ᠠ ᠠᠳᠬᠤᠨ ᠪᠣᠳᠠᠲᠠᠶ ᠠᠳᠬᠤᠵᠤ᠂ ᠶᠠᠭ ᠥᠷᠨᠢᠭᠦᠯᠵᠦ ᠪᠠᠶᠢᠭ᠎ᠠ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠲᠠᠢ ᠤᠶᠠᠯᠳᠤᠭᠤᠯᠵᠤ᠂ ᠣᠯᠠᠨ ᠵᠦᠶᠯ ᠤᠨ ᠬᠡᠯᠪᠡᠷᠢ ᠪᠠᠷ ᠰᠤᠷᠤᠯᠴᠠᠯᠭ᠎ᠠ ᠪᠣᠯᠪᠠᠰᠤᠷᠠᠯ ᠬᠢᠵᠦ᠂ ᠰᠤᠷᠤᠯᠴᠠᠨ ᠲᠤᠤᠱᠯᠠᠭᠤᠯᠬᠤ ᠠᠵᠢᠯ ᠢ ᠦᠳᠲᠡᠷ ᠲᠦᠷᠭᠡᠨ ᠥᠷᠨᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠡᠭᠦᠨ  ᠤ ᠬᠠᠮᠲᠤ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠳᠠᠯ ᠦᠭᠡᠢ ᠬᠤᠷᠠᠯᠳᠤᠬᠤ ᠭᠡᠵᠦ ᠪᠠᠶᠢᠨ᠎ᠠ᠂ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠲᠣᠭᠲᠠᠭᠤᠨ ᠢ ᠬᠠᠮᠠᠭᠠᠯᠠᠬᠤ ᠵᠠᠬᠢᠳᠠᠯ ᠰᠤᠷᠪᠤᠯᠵᠢᠯᠠᠭ᠎ᠠ ᠶᠢᠨ ᠱᠠᠭᠠᠷᠳᠠᠯᠭ᠎ᠠ ᠶᠣᠰᠣᠭᠠᠷ᠂ ᠪᠠᠷᠢᠮᠵᠢᠶ᠎ᠠ ᠶᠢ ᠪᠠᠭᠤᠷᠠᠭᠤᠯᠬᠤ ᠦᠭᠡᠢ᠂ ᠡᠷᠴᠢᠮ ᠢ ᠰᠤᠯᠠᠷᠠᠭᠤᠯᠬᠤ ᠦᠭᠡᠢ᠂ ᠠᠷᠭ᠎ᠠ ᠬᠡᠮᠵᠢᠶ᠎ᠡ ᠶᠢ ᠬᠤᠪᠢᠷᠠᠭᠤᠯᠬᠤ ᠦᠭᠡᠢ ᠪᠠᠶᠢᠵᠤ᠂ ᠭᠤᠤᠯᠳᠠᠯᠭ᠎ᠠ ᠲᠠᠢ ᠬᠥᠮᠦᠰ ᠢ ᠪᠦᠬᠦ ᠬᠦᠴᠦᠨ ᠢᠶᠠᠷ ᠢᠶᠠᠨ ᠯᠠᠪᠳᠠᠭᠤᠨ ᠡᠵᠡᠮᠳᠡᠵᠦ᠂ ᠡᠶ᠎ᠡ ᠵᠣᠬᠢᠴᠠᠩᠭᠤᠶ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠣᠰᠣᠭᠠᠷ᠂ ᠬᠤᠪᠢᠰᠬᠠᠯᠴᠢᠨ᠂ ᠴᠢᠬᠡᠴᠢ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠲᠡᠰᠪᠦᠷᠢ ᠬᠠᠲᠠᠭᠤᠵᠢᠯᠲᠠᠶ ᠲᠡᠮᠡᠴᠡᠬᠦ ᠵᠣᠷᠢᠭ ᠰᠠᠨᠠᠭ᠎ᠠ ᠶᠢ ᠰᠠᠶᠢᠲᠤᠷ ᠪᠠᠷᠢᠮᠲᠠᠯᠠᠵᠤ᠂ ᠣᠳᠣᠬᠠᠨ ᠤ ᠡᠯ᠎ᠡ ᠵᠦᠶᠯ ᠤᠨ ᠭᠤᠤᠯᠳᠠᠯᠭ᠎ᠠ ᠲᠠᠢ ᠠᠵᠢᠯ ᠢ ᠦᠨᠡᠨᠬᠦ ᠰᠠᠶᠢᠲᠤᠷ ᠬᠢᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠶ ᠭᠡᠵᠦ ᠱᠠᠭᠠᠷᠳᠠᠪᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠶᠢ ᠪᠠᠷᠢᠮᠲᠠᠯᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ᠂ ᠡᠯ᠎ᠡ ᠠᠵᠢᠯ ᠲᠥᠷᠥᠯ ᠢ ᠭᠦᠶᠴᠡᠳ ᠳᠠᠶᠢᠴᠢᠯᠠᠵᠤ᠂ ᠴᠥᠭᠡᠨ ᠲᠣᠭᠠᠲᠤ ᠦᠨᠳᠦᠰᠦᠲᠡᠨ ᠤ ᠠᠵᠤ ᠠᠬᠤᠶ ᠨᠡᠶᠢᠭᠡᠮ ᠤᠨ ᠡᠯ᠎ᠡ ᠵᠦᠶᠯ ᠤᠨ ᠦᠶᠯᠡᠰ ᠢ ᠶᠡᠬᠡᠪᠡᠷ ᠬᠥᠭᠵᠢᠭᠦᠯᠵᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠤᠯᠤᠰ ᠪᠠ ᠤᠯᠤᠰ ᠤᠨ ᠢᠷᠠᠭᠤ ᠠᠯᠳᠠᠷ ᠤᠨ ᠴᠣᠯᠠ ᠬᠦᠷᠲᠡᠭᠰᠡᠳ ᠤᠨ ᠲᠡᠷᠢᠭᠦᠨ ᠤ ᠦᠢᠯᠡ ᠠᠵᠢᠯᠯᠠᠭ᠎ᠠ ᠠᠴᠠ ᠰᠤᠷᠤᠯᠴᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠦᠨᠡᠨᠴᠢ ᠰᠢᠳᠤᠷᠭᠤ᠂ ᠭᠤᠶᠢᠪᠢᠰᠢ ᠦᠭᠡᠢ᠂ ᠪᠣᠷᠣᠭᠵᠢᠭᠤᠨ ᠢᠯᠠ ᠲᠣᠳᠣ ᠵᠠᠩ ᠴᠢᠨᠠᠷ ᠢᠶᠠᠨ ᠪᠠᠲᠤᠯᠠᠵᠤ᠂ ᠰᠠᠶᠢᠲᠤᠷ ᠬᠢᠬᠦ ᠬᠡᠷᠡᠭᠲᠡᠶ ᠭᠡᠵᠦ ᠵᠢᠭᠠᠨ ᠭᠠᠷᠭᠠᠪᠠ᠃      ᠬᠤᠷᠠᠯ ᠠᠴᠠ᠂ ᠰᠢᠶᠠᠨ ᠤ ᠵᠠᠰᠠᠭ ᠤᠨ ᠣᠷᠳᠣᠨ ᠤ ᠰᠢᠰᠲ᠋ᠧᠮ ᠤᠨ ᠬᠢᠨ ᠯᠢ ᠵᠢᠶ ᠾᠧᠩ ᠱᠦᠵᠢ ᠶᠢᠨ ᠶᠠᠷᠢᠶᠠᠨ ᠤ ᠱᠠᠭᠠᠷᠳᠠᠯᠭ᠎ᠠ ᠶᠣᠰᠣᠭᠠᠷ᠂ ᠭᠤᠤᠯ ᠰᠡᠳᠦᠪᠲᠦ ᠬᠥᠮᠦᠵᠢᠯ ᠢ ᠴᠢᠨᠠᠷ ᠰᠠᠶᠢᠲᠠᠶ ᠰᠠᠶᠢᠲᠤᠷ ᠥᠷᠨᠢᠭᠦᠯᠵᠦ᠂ ᠢᠯᠠᠩᠭᠤᠶ᠎ᠠ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠬᠢᠨ ᠡᠭᠦᠳᠡ ᠪᠠᠨ ᠨᠡᠭᠡᠭᠡᠵᠦ ᠰᠤᠷᠭᠠᠨ ᠬᠥᠮᠦᠵᠢᠯ ᠬᠢᠬᠦ ᠶᠢ ᠪᠠᠷᠢᠮᠲᠠᠯᠠᠵᠤ᠂ ᠣᠯᠠᠨ ᠲᠦᠮᠡᠨ ᠢ ᠬᠥᠮᠦᠵᠢᠭᠦᠯᠵᠦ᠂ ᠬᠠᠮᠤᠭ ᠤᠨ ᠰᠢᠭᠤᠳ᠂ ᠬᠠᠮᠤᠭ ᠤᠨ ᠦᠨᠡᠨ ᠪᠣᠳᠠᠲᠠᠶ᠂ ᠬᠠᠮᠤᠭ ᠤᠨ ᠥᠷᠭᠡᠨ ᠳᠡᠯᠭᠡᠷ ᠰᠠᠨᠠᠯ ᠰᠠᠨᠠᠭᠤᠯᠭ᠎ᠠ ᠶᠢ ᠰᠣᠨᠣᠰᠴᠤ᠂ ᠨᠢᠭᠡ ᠪᠦᠯᠦᠭ ᠣᠯᠠᠨ ᠲᠦᠮᠡᠨ ᠤ ᠬᠠᠮᠤᠭ ᠤᠨ ᠪᠠᠴᠢᠮ ᠬᠠᠮᠤᠭ ᠤᠨ ᠬᠦᠰᠡᠨ ᠮᠥᠷᠥᠭᠡᠳᠴᠦ ᠪᠠᠶᠢᠭ᠎ᠠ ᠠᠷᠠᠳ ᠤᠨ ᠠᠮᠢᠳᠤᠷᠠᠯ ᠤᠨ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠶᠳᠪᠦᠷᠢᠯᠡᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠭᠤᠤᠯ ᠰᠡᠳᠦᠪᠲᠦ ᠬᠥᠮᠦᠵᠢᠯ ᠤᠨ ᠦᠨᠡᠨ ᠪᠣᠳᠠᠲᠠᠶ ᠦᠷ᠎ᠡ ᠪᠦᠲᠦᠮᠵᠢ ᠣᠯᠬᠤ  ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1