ᠥᠪᠥᠷ ᠮᠣᠩᠭᠤᠯ ᠤᠨ ᠭᠡᠷᠡᠯ ᠰᠠᠴᠤᠷᠠᠩᠭᠤᠶ ᠠᠮᠵᠢᠯᠲᠠ ᠪᠦᠲᠦᠮᠵᠢ ᠵᠢᠴᠢ ᠥᠪᠡᠷᠮᠢᠴᠡ ᠣᠨᠴᠠᠯᠢᠭ ᠪᠦᠬᠦᠢ ᠪᠣᠳᠠᠰ ᠤᠨ ᠪᠤᠰᠤ ᠰᠣᠶᠣᠯ ᠤᠨ ᠥᠪ ᠰᠢᠶᠠᠩᠭᠠᠩ ᠳᠤ ᠳᠡᠯᠭᠡᠭᠳᠡᠪᠡ
ᠨᠡᠶᠢᠲᠡᠯᠡᠭᠰᠡᠨ ᠴᠠᠭ᠄
2019-10-18
      ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠠᠴᠠ ᠣᠶᠢᠯᠠᠭᠠᠭᠰᠠᠨ ᠢᠶᠠᠷ᠂ 10 ᠳ᠋ᠤᠭᠠᠷ ᠰᠠᠷ᠎ᠠ ᠶᠢᠨ 14 ~ 17 ᠤ ᠡᠳᠦᠷ ᠪᠣᠯᠲᠠᠯ᠎ᠠ᠂ ᠮᠠᠨ ᠤ ᠣᠷᠣᠨ ᠰᠢᠶᠠᠩᠭᠠᠩ ᠤᠨ ᠵᠢᠦ ᠯᠦᠩ ᠸᠠᠨ ᠤ ᠣᠯᠠᠨ ᠤᠯᠤᠰ ᠤᠨ ᠦᠵᠡᠭᠦᠯᠭᠡ ᠶᠢᠨ ᠠᠷᠠᠯᠵᠢᠶᠠᠨ ᠤ ᠲᠥᠪ ᠲᠤ ᠶᠠᠪᠤᠭᠳᠠᠭᠰᠠᠨ ᠠᠩᠬᠠᠳᠤᠭᠠᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠤ ᠠᠮᠵᠢᠯᠲᠠ ᠪᠦᠲᠦᠮᠵᠢ ᠶᠢᠨ ᠦᠵᠡᠰᠬᠦᠯᠡᠩ ᠵᠢᠴᠢ ᠪᠣᠳᠠᠰ ᠤᠨ ᠪᠤᠰᠤ ᠰᠣᠶᠣᠯ ᠤᠨ ᠥᠪ ᠢ ᠳᠡᠯᠭᠡᠨ ᠦᠵᠡᠭᠦᠯᠬᠦ ᠠᠵᠢᠯᠯᠠᠭ᠎ᠠ ᠳᠤ ᠣᠷᠣᠯᠴᠠᠪᠠ᠃      ᠲᠣᠰ ᠤᠳᠠᠭᠠᠨ ᠤ ᠦᠵᠡᠰᠬᠦᠯᠡᠩ ᠨᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠲᠤᠷᠰᠢᠬᠢ᠂ ᠮᠠᠨ ᠤ ᠤᠯᠤᠰ ᠤᠨ ᠲᠠᠪᠤᠨ ᠶᠡᠭᠡ ᠴᠥᠭᠡᠨ ᠲᠣᠭᠠᠲᠤ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠣᠯᠤᠭᠰᠠᠨ ᠭᠡᠷᠡᠯ ᠰᠠᠴᠤᠷᠠᠩᠭᠤᠶ ᠠᠮᠵᠢᠯᠲᠠ ᠪᠦᠲᠦᠮᠵᠢ ᠪᠣᠯᠤᠨ ᠪᠣᠳᠠᠰ ᠤᠨ ᠪᠤᠰᠤ ᠰᠣᠶᠣᠯ ᠤᠨ ᠥᠪ ᠢ ᠲᠥᠪᠯᠡᠷᠡᠭᠦᠯᠦᠨ ᠦᠵᠡᠭᠦᠯᠵᠦ᠂ ᠳᠡᠯᠭᠡᠨ ᠦᠵᠡᠭᠦᠯᠦᠭᠰᠡᠨ ᠲᠠᠯᠠᠪᠠᠢ ᠨᠢ 2000 ᠰᠢᠬᠠᠮ ᠲᠡᠭᠰᠢ ᠳᠥᠷᠪᠡᠯᠵᠢᠨ ᠮᠧᠳ᠋ᠷ ᠲᠤ ᠬᠦᠷᠪᠡ᠃ ᠡᠨᠡ ᠪᠣᠯ ᠳᠣᠲᠣᠷ ᠭᠠᠵᠠᠷ ᠤᠨ ᠬᠢᠨ ᠠᠩᠬ᠎ᠠ ᠤᠳᠠᠭ᠎ᠠ ᠰᠢᠶᠠᠩᠭᠠᠩ ᠳᠤ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠤ ᠳᠣᠪᠤᠶᠢᠮ᠎ᠠ ᠠᠮᠵᠢᠯᠲᠠ ᠪᠦᠲᠦᠮᠵᠢ ᠵᠢᠴᠢ ᠦᠨᠳᠦᠰᠦᠲᠡᠨ ᠤ ᠣᠨᠴᠠᠯᠢᠭ ᠪᠦᠬᠦᠢ ᠤᠯᠠᠮᠵᠢᠯᠠᠯᠲᠤ ᠰᠣᠶᠣᠯ ᠢ ᠳᠡᠯᠭᠡᠨ ᠦᠵᠡᠭᠦᠯᠵᠦ ᠪᠠᠶᠢᠭ᠎ᠠ ᠴᠢᠬᠤᠯᠠ ᠠᠵᠢᠯᠯᠠᠭ᠎ᠠ ᠮᠦᠨ᠃      ᠥᠪᠥᠷ ᠮᠣᠩᠭᠤᠯ ᠤᠨ ᠠᠵᠢᠯᠯᠠᠭ᠎ᠠ ᠶᠢ ᠠᠮᠵᠢᠯᠲᠠ ᠪᠦᠲᠦᠮᠵᠢ ᠶᠢᠨ ᠭᠡᠷᠡᠯ ᠵᠢᠷᠤᠭ ᠤᠨ ᠦᠵᠡᠰᠬᠦᠯᠡᠩ ᠪᠠ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ ᠭᠡᠵᠦ ᠬᠤᠪᠢᠶᠠᠵᠠᠢ᠃ ︽ᠡᠬᠡ ᠤᠯᠤᠰ ᠤᠨ ᠤᠮᠠᠷᠠᠲᠤ ᠬᠢᠯᠢ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠠᠮᠵᠢᠯᠲᠠ ᠪᠦᠲᠦᠮᠵᠢ ᠶᠢᠨ ᠭᠡᠷᠡᠯ ᠵᠢᠷᠤᠭ ᠤᠨ ᠦᠵᠡᠰᠬᠦᠯᠡᠩ︾ ᠨᠢ — ︽ᠴᠢᠨᠠᠷ ᠰᠠᠶᠢᠲᠠᠶ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠶ᠎ᠠ︾᠂ ︽ᠡᠬᠡ ᠤᠯᠤᠰ ᠤᠨ ᠤᠮᠠᠷᠠᠲᠤ ᠶᠢᠨ ᠲᠦᠮᠡᠨ ᠭᠠᠵᠠᠷ ᠤᠨ ᠨᠣᠮᠢᠨ ᠨᠣᠭᠤᠭᠠᠨ ᠤᠷᠲᠤ ᠴᠠᠭᠠᠨ ᠬᠡᠷᠡᠮ ᠢ ᠴᠣᠭᠴᠠᠯᠠᠶ᠎ᠠ︾᠂ ︽︿ᠵᠢᠱᠢᠶᠡᠴᠢ ᠥᠪᠡᠷᠲᠡᠭᠡᠨ ᠵᠠᠰᠠᠬᠤ ᠣᠷᠣᠨ﹀ ᠤ ᠰᠦᠷᠯᠢᠭ ᠰᠠᠶᠢᠬᠠᠨ ᠬᠠᠭᠤᠳᠠᠰᠤ ᠶᠢ ᠪᠢᠴᠢᠭᠯᠡᠶ᠎ᠡ︾ ᠭᠡᠬᠦ ᠭᠤᠷᠪᠠᠨ ᠬᠡᠰᠡᠭ ᠢᠶᠠᠷ ᠪᠦᠷᠢᠯᠳᠦᠪᠡ᠂ ᠨᠡᠶᠢᠲᠡ 70 ᠭᠠᠷᠤᠶ ᠭᠡᠷᠡᠯ ᠵᠢᠷᠤᠭ ᠢ ᠳᠡᠯᠭᠡᠨ ᠦᠵᠡᠭᠦᠯᠵᠦ᠂ ᠰᠢᠶᠠᠩᠭᠠᠩ ᠤᠨ ᠬᠤᠲᠠ ᠶᠢᠨ ᠠᠷᠠᠳ ᠲᠤ ᠥᠪᠥᠷ ᠮᠣᠩᠭᠤᠯ ᠤᠨ 70 ᠵᠢᠯ ᠤᠨ ᠲᠤᠷᠰᠢᠬᠢ ᠡᠯ᠎ᠡ ᠵᠦᠢᠯ ᠤᠨ ᠠᠵᠢᠯ ᠦᠢᠯᠡᠰ ᠤᠨ ᠣᠯᠤᠭᠰᠠᠨ ᠯᠤᠲᠤ ᠶᠡᠭᠡ ᠠᠮᠵᠢᠯᠲᠠ ᠶᠢ ᠳᠡᠯᠭᠡᠨ ᠦᠵᠡᠭᠦᠯᠵᠡᠶ᠃ ᠪᠣᠳᠠᠰ ᠤᠨ ᠪᠤᠰᠤ ᠰᠣᠶᠣᠯ ᠤᠨ ᠥᠪ ᠢ ᠳᠡᠯᠭᠡᠨ ᠦᠵᠡᠭᠦᠯᠬᠦ ᠠᠵᠢᠯᠯᠠᠭ᠎ᠠ ᠨᠢ ᠮᠣᠩᠭᠤᠯ ᠦᠨᠳᠦᠰᠦᠲᠡᠨ ᠤ ᠠᠯᠲᠠ ᠮᠦᠩᠭᠦ ᠬᠦᠷᠡᠯ ᠡᠳ᠋ᠯᠡᠯ᠂ ᠮᠣᠩᠭᠤᠯ ᠦᠨᠳᠦᠰᠦᠲᠡᠨ ᠤ ᠠᠷᠠᠰᠤᠨ ᠰᠡᠶᠢᠯᠦᠮᠡᠯ᠂ ᠮᠣᠩᠭᠤᠯ ᠦᠨᠳᠦᠰᠦᠲᠡᠨ ᠤ ᠢᠰᠡᠭᠡᠶ ᠬᠠᠳᠬᠤᠮᠠᠯ᠂ ᠬᠤᠰᠤᠨ ᠮᠣᠳᠣ ᠶᠢᠨ ᠬᠠᠯᠢᠰᠤᠨ ᠵᠢᠷᠤᠭ ᠵᠡᠷᠭᠡ ᠪᠣᠳᠠᠰ ᠤᠨ ᠪᠤᠰᠤ ᠰᠣᠶᠣᠯ ᠤᠨ ᠥᠪ ᠢ ᠳᠡᠯᠭᠡᠨ ᠦᠵᠡᠭᠦᠯᠵᠡᠶ᠃ ᠡᠭᠦᠨ ᠤ ᠬᠠᠮᠲᠤ ᠥᠪᠥᠷ ᠮᠣᠩᠭᠤᠯ ᠣᠷᠣᠨ ᠤ ᠥᠪᠡᠷᠮᠢᠴᠡ ᠣᠨᠴᠠᠯᠢᠭᠲᠤ ᠮᠣᠩᠭᠤᠯ ᠦᠨᠳᠦᠰᠦᠲᠡᠨ ᠤ ᠤᠯᠠᠮᠵᠢᠯᠠᠯᠲᠤ ᠬᠤᠪᠴᠠᠰᠤ ᠵᠠᠰᠠᠯ ᠢ ᠳᠡᠯᠭᠡᠨ ᠦᠵᠡᠭᠦᠯᠵᠡᠶ᠃ ᠦᠨᠳᠦᠰᠦᠲᠡᠨ ᠤ ᠪᠣᠳᠠᠰ ᠤᠨ ᠪᠤᠰᠤ ᠰᠣᠶᠣᠯ ᠤᠨ ᠥᠪ ᠤᠨ ᠡᠯᠪᠡᠭ ᠪᠠᠶᠠᠯᠢᠭ ᠦᠵᠡᠮᠦᠷᠢ ᠶᠢᠨ ᠵᠦᠢᠯᠡᠰ ᠨᠢ ᠦᠵᠡᠭᠴᠢᠳ ᠲᠤ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠷᠢᠳᠢ ᠰᠢᠳᠢ ᠶᠢ ᠨᠠᠩ ᠢᠯᠡᠭᠦᠦ ᠮᠡᠳᠡᠷᠡᠭᠦᠯᠪᠡ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1