ᠦᠪᠡᠷᠳᠡᠬᠡᠨ ᠵᠠᠰᠠᠬᠤ ᠣᠷᠣᠨ ᠤ ︽10 · 17︾ ᠤ ᠶᠠᠳᠠᠭᠤ ᠶᠢ ᠲᠡᠳᠬᠦᠬᠦ ᠡᠳᠦᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠵᠠᠢ
ᠨᠡᠶᠢᠲᠡᠯᠡᠭᠰᠡᠨ ᠴᠠᠭ᠄
2019-10-18
      10 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ︽10 · 17︾ ᠤ ᠶᠠᠳᠠᠭᠤ ᠶᠢ ᠲᠡᠳᠬᠦᠬᠦ ᠡᠳᠦᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠮᠠᠨ ᠤ ᠤᠷᠤᠨ ᠤ ᠶᠠᠳᠠᠭᠤ ᠶᠢ ᠳᠡᠳᠭᠦᠵᠦ ᠶᠠᠳᠠᠭᠤ ᠠᠴᠠ ᠠᠩᠬᠢᠵᠢᠷᠠᠭᠤᠯᠬᠤ ᠡᠯ᠎ᠠ ᠳᠠᠯ᠎ᠠ ᠶᠢᠨ ᠠᠵᠢᠯ ᠤᠨ ᠠᠮᠵᠢᠯᠳᠠ ᠪᠦᠳᠦᠮᠵᠢ ᠶᠢᠨ ᠳᠤᠬᠠᠢ ᠰᠤᠨᠢᠨ ᠮᠡᠳᠡᠭᠡ ᠶᠢ ᠨᠡᠶᠢᠳᠡᠯᠡᠭᠰᠡᠨ ᠪᠦᠭᠡᠳ ᠬᠠᠮᠢᠶ᠎ᠠ ᠪᠦᠬᠦᠢ ᠠᠰᠠᠭᠤᠳᠠᠯ ᠤᠨ ᠳᠤᠬᠠᠢ ᠰᠤᠷᠪᠤᠯᠵᠢᠯᠠᠭᠴᠢ ᠶᠢᠨ ᠠᠰᠠᠭᠤᠯᠳᠠ ᠶᠢ ᠬᠠᠷᠢᠭᠤᠯᠪᠠ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠷᠤᠨ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠲᠤᠬᠠᠶ ᠴᠢᠬᠤᠯᠠ ᠥᠭᠦᠯᠡᠯᠳᠡ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠲᠥᠪ ᠬᠤᠷᠢᠶ᠎ᠠ᠂ ᠲᠥᠷᠦ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠴᠢᠬᠤᠯᠠ ᠶᠡᠭᠡ ᠤᠯᠤᠰ ᠲᠥᠷᠦ ᠶᠢᠨ ᠡᠭᠦᠷᠭᠡ ᠪᠠ ᠲᠡᠷᠢᠭᠦᠨ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠨ ᠠᠳᠬᠤᠵᠤ᠂ ᠬᠠᠷᠢᠭᠤᠴᠠᠯᠭ᠎ᠠ ᠶᠢᠨ ᠰᠢᠰᠲ᠋ᠧᠮ᠂ ᠲᠥᠷᠦ ᠶᠢᠨ ᠪᠣᠳᠣᠯᠭ᠎ᠠ ᠶᠢᠨ ᠰᠢᠰᠲ᠋ᠧᠮ᠂ ᠣᠷᠣᠭᠤᠯᠤᠯᠲᠠ ᠶᠢᠨ ᠰᠢᠰᠲ᠋ᠧᠮ᠂ ᠠᠵᠢᠯ ᠤᠨ ᠰᠢᠰᠲ᠋ᠧᠮ᠂ ᠳᠠᠶᠢᠴᠢᠯᠠᠬᠤ ᠰᠢᠰᠲ᠋ᠧᠮ᠂ ᠬᠢᠨᠠᠯᠲᠠ ᠲᠠᠯᠪᠢᠬᠤ ᠰᠢᠰᠲ᠋ᠧᠮ ᠪᠠ ᠬᠠᠮᠢᠶᠠᠷᠤᠯᠲᠠ ᠶᠢᠨ ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠤᠨ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠠᠵᠢᠯ ᠢ ᠰᠢᠢᠳᠪᠦᠷᠢᠲᠦ ᠴᠢᠨᠠᠷᠲᠠᠶ ᠠᠬᠢᠭᠤᠯᠤᠭᠰᠠᠨ ᠪᠠᠶᠢᠨ᠎ᠠ᠃ 2013 ᠣᠨ ᠤ ᠰᠡᠭᠦᠯᠴᠢ ᠠᠴᠠ 2018 ᠣᠨ ᠤ ᠰᠡᠭᠦᠯᠴᠢ ᠪᠤᠯᠳᠠᠯ᠎ᠠ᠂ ᠤᠯᠤᠰ ᠤᠨ ᠪᠠᠷᠢᠮᠵᠢᠶ᠎ᠠ ᠠᠴᠠ ᠳᠣᠤᠷᠠᠬᠢ ᠮᠠᠨ ᠤ ᠤᠷᠤᠨ ᠤ ᠮᠠᠯᠵᠢᠬᠤ ᠲᠠᠷᠢᠶᠠᠯᠠᠬᠤ ᠣᠷᠣᠨ ᠤ 141.76 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠶᠠᠳᠠᠭᠤ ᠠᠴᠠ ᠠᠩᠬᠢᠵᠢᠷᠠᠭᠤᠯᠵᠤ᠂ ᠤᠯᠤᠰ ᠤᠨ ᠲᠡᠰ ᠤᠨ ᠶᠠᠳᠠᠭᠤ ᠬᠦᠴᠢᠷᠳᠡᠯᠲᠡᠶ 11 ᠬᠤᠰᠢᠭᠤ ᠰᠢᠶᠠᠨ᠂ ᠣᠷᠣᠨ ᠤ ᠲᠡᠰ ᠤᠨ ᠶᠠᠳᠠᠭᠤ ᠬᠦᠴᠢᠷᠳᠡᠯᠲᠡᠶ 26 ᠬᠤᠰᠢᠭᠤ ᠰᠢᠶᠠᠨ ᠢ ᠶᠠᠳᠠᠭᠤ ᠠᠴᠠ ᠠᠩᠬᠢᠵᠢᠷᠠᠭᠤᠯᠤᠭᠰᠠᠨ ᠪᠠᠶᠢᠨ᠎ᠠ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1