ᠮᠠᠨ ᠤ ᠣᠷᠣᠨ ᠪᠠᠶᠢᠭᠠᠯᠢ ᠶᠢᠨ ᠡᠬᠢ ᠪᠠᠶᠠᠯᠢᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠳᠦᠷᠢᠮ︾ ᠢ ᠪᠥᠬᠦ ᠲᠠᠯ᠎ᠠ ᠪᠠᠷ ᠬᠡᠷᠡᠭᠵᠢᠭᠦᠯᠪᠡ
ᠨᠡᠶᠢᠲᠡᠯᠡᠭᠰᠡᠨ ᠴᠠᠭ᠄
2019-10-22
      ᠮᠠᠨ ᠤ ᠣᠷᠣᠨ ᠪᠠᠶᠢᠭᠠᠯᠢ ᠶᠢᠨ ᠡᠬᠢ ᠪᠠᠶᠠᠯᠢᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠠᠷᠯᠠᠨ ᠨᠡᠶᠢᠲᠡᠯᠡᠬᠦ᠂ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠲᠡᠮᠳᠡᠭᠯᠡᠬᠦ᠂ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠢ ᠬᠠᠤᠯᠢ ᠳᠦᠷᠢᠮ ᠢᠶᠠᠷ ᠬᠢᠨᠠᠨ ᠬᠠᠷᠭᠤᠭᠤᠯᠬᠤ ︽ᠭᠤᠷᠪᠠᠨ ᠵᠦᠢᠯ ᠤᠨ ᠳᠦᠷᠢᠮ︾ ᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠪᠣᠯᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃      ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ ᠳᠦᠷᠢᠮ ᠤᠨ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠠᠪᠴᠠᠩ ᠯᠤᠭ᠎ᠠ ᠬᠠᠷᠢᠯᠴᠠᠨ ᠵᠣᠯᠭᠠᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢᠨ ᠦᠨᠳᠦᠰᠦᠨ ᠮᠡᠳᠡᠭᠡ ᠵᠠᠩᠭᠢ᠂ ᠦᠷ᠎ᠡ ᠳ᠋ᠦᠩ ᠤᠨ ᠮᠡᠳᠡᠭᠡ ᠵᠠᠩᠭᠢ ᠶᠢ ᠨᠡᠶᠢᠭᠡᠮ ᠳᠤ ᠢᠯᠡ ᠨᠡᠶᠢᠲᠡᠯᠡᠨ᠎ᠡ᠃ ᠤᠯᠤᠰ ᠤᠨ ᠨᠢᠭᠤᠴᠠ᠂ ᠬᠤᠪᠢ ᠶᠢᠨ ᠨᠢᠭᠤᠴᠠ ᠳᠤ ᠬᠤᠯᠪᠣᠭᠳᠠᠬᠤ ᠮᠡᠳᠡᠭᠡ ᠵᠠᠩᠭᠢ ᠶᠢ ᠦᠨᠡᠨᠬᠦ ᠢᠯᠡ ᠨᠡᠶᠢᠲᠡᠯᠡᠬᠦ ᠴᠢᠬᠤᠯᠠᠲᠠᠶ ᠪᠣᠯ ᠵᠣᠬᠢᠰᠲᠠᠶ ᠰᠢᠢᠳᠪᠦᠷᠢᠯᠡᠭᠰᠡᠨ ᠤ ᠳᠠᠷᠠᠭ᠎ᠠ ᠢᠯᠡ ᠨᠡᠶᠢᠲᠡᠯᠡᠨ᠎ᠡ᠃      ᠬᠡᠷᠡᠭ ᠠᠴᠠ ᠡᠮᠦᠨ᠎ᠡ᠂ ᠬᠡᠷᠡᠭ ᠤᠨ ᠳᠤᠮᠳᠠ᠂ ᠬᠡᠷᠡᠭ ᠤᠨ ᠳᠠᠷᠠᠭ᠎ᠠ ᠭᠤᠷᠪᠠ ᠠᠯᠬᠤᠮ ᠢᠶᠠᠷ ᠢᠯᠡ ᠨᠡᠶᠢᠲᠡᠯᠡᠨ᠎ᠡ᠃ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠲᠡᠮᠳᠡᠭᠯᠡᠬᠦ ᠳᠦᠷᠢᠮ ᠤᠨ ᠲᠠᠯ᠎ᠠ ᠪᠠᠷ᠂ ᠦᠰᠦᠭ ᠪᠢᠴᠢᠭ ᠤᠨ ᠲᠡᠮᠳᠡᠭᠯᠡᠯ᠂ ᠬᠠᠤᠯᠢ ᠬᠡᠷᠡᠭᠵᠢᠭᠦᠯᠬᠦ ᠪᠢᠴᠢᠭ ᠮᠠᠲ᠋ᠧᠷᠢᠶᠠᠯ ᠤᠨ ᠨᠠᠶᠢᠷᠠᠭᠤᠯᠤᠯ᠂ ᠳᠠᠭᠤ ᠳᠦᠷᠰᠦ ᠰᠢᠩᠭᠡᠭᠡᠯᠲᠡ ᠶᠢᠨ ᠲᠡᠮᠳᠡᠭᠯᠡᠯ ᠢ ᠵᠢᠷᠤᠮᠵᠢᠭᠤᠯᠤᠨ᠎ᠠ᠃ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠠᠤᠯᠢ ᠳᠦᠷᠢᠮ ᠤᠨ ᠬᠢᠨᠠᠨ ᠬᠠᠷᠭᠤᠭᠤᠯᠬᠤ ᠳᠦᠷᠢᠮ ᠤᠨ ᠲᠠᠯ᠎ᠠ ᠪᠠᠷ᠂ ᠬᠢᠨᠠᠨ ᠬᠠᠷᠭᠤᠭᠤᠯᠬᠤ ᠪᠠᠶᠢᠭᠤᠯᠤᠮᠵᠢ ᠶᠢ ᠲᠣᠳᠣᠷᠬᠠᠶᠢᠯᠠᠨ᠂ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠢ ᠲᠡᠭᠦᠯᠳᠡᠷᠵᠢᠭᠦᠯᠵᠦ᠂ ᠬᠢᠨᠠᠨ ᠬᠠᠷᠭᠤᠭᠤᠯᠬᠤ ᠬᠦᠷᠢᠶ᠎ᠡ ᠬᠡᠪᠴᠢᠶ᠎ᠡ ᠪᠠ ᠬᠢᠨᠠᠨ ᠬᠠᠷᠭᠤᠭᠤᠯᠬᠤ ᠠᠭᠤᠯᠭ᠎ᠠ ᠶᠢ ᠲᠣᠳᠣᠷᠬᠠᠶᠢᠯᠠᠨ᠎ᠠ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1