ᠪᠦᠬᠦ ᠤᠷᠤᠨ ᠤ ᠰᠦ ᠶᠢᠨ ᠦᠢᠯᠡᠰ ᠢ ᠬᠦᠭᠵᠢᠬᠦᠯᠦᠨ ᠮᠠᠨᠳᠤᠭᠤᠯᠬᠤ ᠠᠵᠢᠯ ᠤᠨ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-10-24
      10 ᠰᠠᠷ᠎ᠠ ᠶᠢᠨ 23 ᠤ ᠡᠳᠤᠷ᠂ ᠪᠦᠬᠦ ᠤᠷᠤᠨ ᠤ ᠰᠦ ᠶᠢᠨ ᠦᠢᠯᠡᠰ ᠢ ᠬᠦᠭᠵᠢᠬᠦᠯᠦᠨ ᠮᠠᠨᠳᠤᠭᠤᠯᠬᠤ ᠠᠵᠢᠯ ᠤᠨ ᠠᠬᠢᠭᠤᠯᠬᠤ ᠬᠤᠷᠠᠯ ᠬᠦᠬᠡᠬᠤᠳᠠ ᠳᠤ ᠬᠤᠷᠠᠯᠳᠤᠪᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠳᠡᠷᠢᠬᠦᠯᠡᠭᠴᠢ ᠪᠦ᠋ ᠰᠢᠶᠤᠤ ᠯᠢᠨ ᠬᠤᠷᠠᠯ ᠢ ᠡᠷᠬᠢᠯᠡᠭᠰᠡᠨ ᠪᠦᠬᠡᠳ ᠶᠠᠷᠢᠶ᠎ᠠ ᠳᠠᠯᠪᠢᠵᠥ᠂ ᠶᠡᠷᠦᠩᠬᠡᠢ ᠱᠦᠵᠢ ᠰᠢ ᠶᠢᠨ ᠫᠢᠩ ᠤᠨ ᠰᠦ ᠶᠢᠨ ᠦᠢᠯᠡᠰ ᠢ ᠬᠦᠭᠵᠢᠬᠦᠯᠦᠨ ᠮᠠᠨᠳᠤᠭᠤᠯᠬᠤ ᠳᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠪᠤᠯᠤᠨ ᠨᠠᠮ ᠤᠨ ᠳᠦᠪ ᠬᠤᠷᠢᠶ᠎ᠠ᠂ ᠳᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠰᠠᠶᠢᠳᠤᠷ ᠳᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠰᠦ ᠶᠢᠨ ᠦᠢᠯᠡᠰ ᠢ ᠬᠦᠭᠵᠢᠬᠦᠯᠦᠨ ᠮᠠᠨᠳᠤᠭᠤᠯᠬᠤ ᠶᠢ ᠤᠷᠢᠳᠴᠢᠯᠠᠨ ᠪᠡᠶᠡᠯᠡᠬᠦᠯᠵᠥ᠂ ᠤᠯᠤᠰ ᠤᠨ ᠰᠦ ᠶᠢᠨ ᠦᠢᠯᠡᠰ ᠢ ᠬᠦᠭᠵᠢᠬᠦᠯᠦᠨ ᠮᠠᠨᠳᠤᠭᠤᠯᠬᠤ ᠳᠤ ᠪᠠᠶᠢᠪᠠᠰᠤ ᠵᠤᠬᠢᠬᠤ ᠬᠤᠪᠢ ᠨᠡᠮᠡᠷᠢ ᠪᠠᠨ ᠦᠵᠡᠬᠦᠯᠬᠦ ᠬᠡᠷᠡᠭᠳᠡᠢ ᠬᠡᠵᠥ ᠴᠢᠬᠤᠯᠠᠴᠢᠯᠠᠪᠠ᠃      ᠪᠦ᠋ ᠰᠢᠶᠤᠤ ᠯᠢᠨ᠂ ᠦᠪᠦᠷ ᠮᠤᠩᠭᠤᠯ ᠳᠡᠯᠡᠬᠡᠢ ᠶᠢᠨ ᠰᠦ ᠶᠢᠨ ᠭᠠᠷᠤᠯᠲᠡ ᠶᠢᠨ ᠰᠢᠵᠢᠷ ᠠᠯᠳᠠᠨ ᠪᠦᠰᠡ ᠳᠤ ᠤᠷᠤᠰᠢᠵᠥ᠂ ᠰᠦ ᠶᠢᠨ ᠦᠢᠯᠡᠰ ᠨᠢ ᠦᠪᠡᠷᠳᠡᠬᠡᠨ ᠵᠠᠰᠠᠬᠤ ᠤᠷᠤᠨ ᠤ ᠳᠠᠪᠠᠭᠤᠯᠢᠭ ᠠᠵᠥ ᠦᠢᠯᠡᠰ ᠪᠤᠯᠵᠤ ᠪᠠᠶᠢᠨ᠎ᠠ ᠃ ᠤᠯᠤᠰ ᠤᠨ ᠬᠦᠭᠵᠢᠯᠳᠡ ᠶᠢᠨ ᠪᠦᠬᠦ ᠳᠠᠯ᠎ᠠ ᠶᠢᠨ ᠦᠨᠳᠦᠷᠴᠡ ᠳᠤ ᠵᠤᠬᠰᠤᠵᠥ᠂ ᠰᠦ ᠶᠢᠨ ᠦᠢᠯᠡᠰ ᠢ ᠬᠦᠭᠵᠢᠬᠦᠯᠦᠨ ᠮᠠᠨᠳᠤᠭᠤᠯᠬᠤ ᠶᠢ ᠠᠬᠢᠭᠤᠯᠬᠤ ᠠᠵᠢᠯ ᠢ ᠵᠤᠬᠢᠬᠤ ᠪᠠᠶᠢᠷᠢᠨ ᠳᠤ ᠳᠠᠯᠪᠢᠵᠥ᠂ ᠰᠦ ᠶᠢᠨ ᠦᠢᠯᠡᠰ ᠢ ᠬᠦᠭᠵᠢᠬᠦᠯᠦᠨ ᠮᠠᠨᠳᠤᠭᠤᠯᠬᠤ ᠠᠵᠢᠯ ᠢ ᠬᠦᠴᠦ ᠳᠠᠯᠪᠢᠨ ᠰᠠᠶᠢᠳᠤᠷ ᠠᠳᠬᠤᠵᠥ᠂ ᠪᠢᠳᠡᠨ ᠤ ᠳᠠᠪᠠᠭᠤᠯᠢᠭ ᠢᠶᠠᠨ ᠪᠠᠳᠠᠷᠠᠭᠤᠯᠬᠤ ᠬᠡᠷᠡᠭᠳᠡᠢ ᠬᠡᠵᠥ ᠵᠢᠭᠠᠵᠥ ᠭᠠᠷᠭᠠᠪᠠ᠃      ᠪᠦ᠋ ᠰᠢᠶᠤᠤ ᠯᠢᠨ᠂ ᠰᠦ ᠶᠢᠨ ᠦᠢᠯᠡᠰ ᠢ ᠬᠦᠭᠵᠢᠬᠦᠯᠦᠨ ᠮᠠᠨᠳᠤᠭᠤᠯᠬᠤ ᠪᠤᠯ ᠰᠢᠰᠲ᠋ᠧᠮᠲᠥ ᠢᠨᠵᠧᠨᠧᠷᠢᠩ ᠮᠦᠨ᠂ ᠰᠦ ᠶᠢᠨ ᠦᠢᠯᠡᠰ ᠢ ᠬᠦᠭᠵᠢᠬᠦᠯᠬᠦ ᠳᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠳᠡᠬᠦᠯᠳᠡᠷᠵᠢᠬᠦᠯᠵᠤ᠂ ᠰᠦ ᠶᠢᠨ ᠦᠢᠯᠡᠰ ᠤᠨ ᠬᠦᠭᠵᠢᠯᠳᠡ ᠶᠢ ᠬᠦᠯᠢᠶᠡᠰᠤᠯᠡᠵᠥ ᠪᠠᠶᠢᠭ᠎ᠠ ᠳᠤᠪᠤᠶᠢᠮ᠎ᠠ ᠠᠰᠠᠭᠤᠳᠠᠯ ᠢ ᠬᠦᠴᠦ ᠳᠠᠯᠪᠢᠨ ᠰᠢᠢᠳᠪᠦᠷᠢᠯᠡᠬᠦ ᠬᠡᠷᠡᠭᠳᠡᠢ᠃ ᠭᠤᠤᠯ ᠭᠠᠷᠤᠯᠳᠠ ᠶᠢᠨ ᠤᠷᠤᠨ ᠪᠤᠯᠬᠤ ᠠᠶᠢᠮᠠᠬ ᠬᠤᠳᠠ ᠶᠢᠨ ᠬᠢᠨ ᠠᠵᠠ ᠳᠤᠬᠢᠶᠠᠯ ᠢ ᠰᠠᠶᠢᠳᠤᠷ ᠠᠮᠵᠢᠵᠤ᠂ ᠳᠤᠰ ᠪᠡᠶ᠎ᠡ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠭᠠᠭᠠᠴᠠ ᠳᠠᠭᠠᠨ ᠰᠠᠭᠤᠷᠢᠯᠠᠵᠥ᠂ ᠳᠤᠰ ᠭᠠᠵᠠᠷ ᠤᠷᠤᠨ ᠤ ᠰᠦ ᠶᠢᠨ ᠦᠢᠯᠡᠰ ᠢ ᠬᠦᠭᠵᠢᠬᠦᠯᠦᠨ ᠮᠠᠨᠳᠤᠭᠤᠯᠬᠤ ᠳᠦᠯᠦᠪᠯᠡᠭᠡ ᠪᠠᠨ ᠱᠠᠯᠠᠪᠳᠠᠨ ᠳᠤᠬᠳᠠᠭᠠᠵᠥ᠂ ᠰᠦ ᠶᠢᠨ ᠦᠢᠯᠡᠰ ᠤᠨ ᠤᠳᠤᠬᠢᠴᠢᠯᠠᠯᠳᠠ ᠶᠢᠨ ᠠᠬᠢᠴᠠ ᠶᠢ ᠳᠦᠷᠬᠡᠳᠬᠡᠬᠦ ᠬᠡᠷᠡᠭᠳᠡᠢ᠃ ᠴᠠᠭᠠᠨ ᠢᠳᠡᠬᠡᠨ ᠢ ᠡᠳ᠋ᠰᠢᠬᠦᠯᠦᠨ ᠪᠤᠯᠪᠠᠰᠤᠷᠠᠭᠤᠯᠬᠤ ᠠᠵᠥ ᠠᠬᠤᠢᠢᠯᠠᠯ ᠤᠨ ᠬᠦᠳᠦᠯᠦᠨ ᠳᠠᠭᠠᠭᠤᠯᠬᠤ ᠦᠢᠯᠡᠳᠦᠯ ᠢ ᠴᠢᠩᠭᠠᠳᠬᠠᠵᠥ᠂ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠬᠦᠨᠵᠡᠬᠡᠶᠢᠷᠡᠬᠦᠯᠵᠥ᠂ ᠶᠠᠰᠤ ᠴᠢᠨᠠᠷ᠂ ᠦᠪᠡᠷᠮᠢᠴᠡ ᠤᠨᠴᠠᠯᠢᠬ ᠢ ᠰᠠᠶᠢᠳᠤᠷ ᠪᠦᠷᠢᠯᠳᠦᠭᠦᠯᠬᠦ ᠬᠡᠷᠡᠭᠳᠡᠢ᠃ ᠴᠠᠭᠠᠨ ᠢᠳᠡᠬᠡᠨ ᠢ ᠡᠳ᠋ᠰᠢᠬᠦᠯᠦᠨ ᠪᠤᠯᠪᠠᠰᠤᠷᠠᠭᠤᠯᠬᠤ ᠳᠤᠮᠳᠠ ᠪᠠᠭ᠎ᠠ ᠠᠵᠥ ᠠᠬᠤᠢᠢᠯᠠᠯ ᠤᠨ ᠵᠦᠷᠢᠶᠠᠴᠢᠯᠡᠭᠰᠡᠨ ᠬᠦᠭᠵᠢᠯᠳᠡ ᠶᠢ ᠠᠬᠢᠭᠤᠯᠵᠥ᠂ ᠠᠵᠥ ᠠᠬᠤᠢᠢᠯᠠᠯ ᠬᠢᠬᠡᠳ ᠰᠠᠭᠠᠯᠢ ᠶᠢᠨ ᠡᠷᠦᠬᠡ ᠶᠢᠨ ᠠᠰᠢᠬ ᠳᠤᠰᠠ ᠶᠢᠨ ᠬᠤᠯᠪᠤᠭᠠᠳᠤ ᠳᠤᠬᠳᠠᠴᠠ ᠶᠢ ᠳᠡᠬᠦᠯᠳᠡᠷᠵᠢᠬᠦᠯᠬᠦ ᠬᠡᠷᠡᠭᠳᠡᠢ᠃ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠢ ᠰᠤᠳᠤᠯᠤᠨ ᠨᠡᠬᠡᠬᠡᠨ ᠠᠰᠢᠬᠯᠠᠬᠤ ᠡᠷᠴᠢᠮ ᠢᠶᠠᠨ ᠴᠢᠩᠭᠠᠷᠠᠭᠤᠯᠵᠥ᠂ ᠠᠵᠥ ᠠᠬᠤᠢᠢᠯᠠᠯ ᠤᠨ ᠭᠤᠤᠯᠯᠠᠬᠤ ᠦᠷᠢᠰᠦᠯᠳᠦᠬᠦ ᠬᠦᠴᠦᠨ ᠢ ᠴᠢᠩᠭᠠᠳᠬᠠᠬᠤ ᠬᠡᠷᠡᠭᠳᠡᠢ᠃ ᠶᠠᠰᠤ ᠴᠢᠨᠠᠷ ᠤᠨ ᠠᠮᠤᠷ ᠳᠦᠪᠰᠢᠨ ᠤ ᠬᠤᠷᠢᠭ᠎ᠠ ᠱᠤᠭᠤᠮ ᠢ ᠰᠠᠶᠢᠳᠤᠷ ᠰᠠᠬᠢᠵᠥ᠂ ︽ᠳᠦᠷᠪᠡᠨ ᠬᠠᠮᠤᠭ ᠤᠨ ᠴᠢᠩᠭ᠎ᠠ ᠪᠠᠶᠢᠬᠤ︾ ᠱᠠᠭᠠᠷᠳᠠᠯᠭ᠎ᠠ ᠶᠤᠰᠤᠭᠠᠷ ᠶᠠᠰᠤ ᠴᠢᠨᠠᠷ ᠤᠨ ᠠᠮᠤᠷ ᠳᠦᠪᠰᠢᠨ ᠢ ᠦᠢᠯᠡᠳᠪᠦᠷᠢᠯᠡᠯ᠂ ᠡᠳ᠋ᠰᠢᠬᠦᠯᠦᠨ ᠪᠤᠯᠪᠠᠰᠤᠷᠠᠭᠤᠯᠬᠤ᠂ ᠬᠦᠢᠯᠬᠡᠬᠡᠨ ᠤ ᠪᠦᠬᠦ ᠶᠠᠪᠤᠴᠠ ᠡᠯ᠎ᠡ ᠭᠤᠬᠴᠤᠭ᠎ᠠ ᠳᠤ ᠳᠤᠭᠤᠰᠢᠯᠠᠭᠤᠯᠵᠥ᠂ ᠦᠴᠦᠬᠡᠨ ᠳᠡᠳᠦᠢ ᠴᠤ ᠰᠤᠯᠠᠷᠠᠭᠤᠯᠵᠦ ᠪᠤᠯᠬᠤ ᠦᠭᠡᠢ᠃ ᠡᠯ᠎ᠡ ᠠᠶᠢᠮᠠᠬ ᠬᠤᠳᠠ ᠪᠤᠯᠤᠨ ᠦᠪᠡᠷᠳᠡᠬᠡᠨ ᠵᠠᠰᠠᠬᠤ ᠤᠷᠤᠨ ᠤ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ᠳᠤᠰᠢᠶᠠᠯ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠬᠡᠵᠥ᠂ ᠵᠠᠰᠠᠬ ᠤᠨ ᠶᠠᠪᠤᠳᠠᠯ ᠤᠨ ᠦᠢᠯᠡᠴᠢᠯᠡᠭᠡ ᠪᠠᠨ ᠰᠢᠯᠢᠳᠡᠭᠵᠢᠬᠦᠯᠵᠤ᠂ ᠰᠦ ᠶᠢᠨ ᠦᠢᠯᠡᠰ ᠢ ᠬᠦᠭᠵᠢᠬᠦᠯᠦᠨ ᠮᠠᠨᠳᠤᠭᠤᠯᠬᠤ ᠳᠤ ᠰᠠᠶᠢᠨ ᠰᠠᠶᠢᠬᠠᠨ ᠤᠷᠴᠢᠨ ᠨᠦᠬᠦᠴᠡᠯ ᠢ ᠪᠦᠷᠢᠯᠳᠦᠭᠦᠯᠵᠤ ᠦᠭᠭᠦ ᠬᠡᠷᠡᠭᠳᠡᠢ ᠬᠡᠵᠥ ᠴᠢᠬᠤᠯᠠᠴᠢᠯᠠᠪᠠ᠃      ᠬᠤᠷᠠᠯ ᠳᠡᠬᠡᠷ᠎ᠡ᠂ ᠦᠪᠡᠷᠳᠡᠬᠡᠨ ᠵᠠᠰᠠᠬᠤ ᠤᠷᠤᠨ ᠤ ᠳᠡᠳ᠋ ᠳᠡᠷᠢᠬᠦᠯᠡᠭᠴᠢ ᠯᠢ ᠪᠢᠩ ᠷᠦᠩ ᠪᠤᠳᠠᠳᠠᠢ ᠠᠵᠢᠯ ᠤᠨ ᠪᠠᠶᠢᠷᠢᠯᠠᠭᠤᠯᠤᠯᠳᠠ ᠬᠢᠵᠥ᠂ ᠠᠵᠥ ᠠᠬᠤᠢᠢᠯᠠᠯ ᠤᠨ ᠳᠦᠯᠦᠬᠡᠯᠡᠭᠴᠢ ᠪᠤᠯᠤᠨ ᠬᠤᠯᠪᠤᠬᠳᠠᠯ ᠪᠦᠬᠦᠢ ᠰᠠᠯᠠᠭ᠎ᠠ ᠮᠦᠴᠢᠷ᠂ ᠠᠶᠢᠮᠠᠬ ᠬᠤᠳᠠ ᠶᠢᠨ ᠬᠠᠷᠢᠭᠤᠴᠠᠯᠭᠠᠳᠠᠨ ᠤᠷᠢᠳ ᠬᠤᠵᠢᠳ ᠦᠬᠡ ᠬᠡᠯᠡᠵᠡᠢ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1