ᠰᠢᠶᠠᠨ ᠤ ᠨᠠᠮ ᠤᠨ ᠬᠤᠷᠢᠶ᠎ᠠ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ  ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠳᠥᠷᠪᠡᠳᠦᠭᠡᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-10-28
      10 ᠰᠠᠷ᠎ᠠ ᠶᠢᠨ 23 ᠤ ᠡᠳᠦᠷ᠂ ᠲᠣᠭᠲᠠᠬᠤ ᠰᠢᠶᠠᠨ ᠤ ᠨᠠᠮ ᠤᠨ ᠬᠤᠷᠢᠶᠠᠨ ᠤ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠳᠥᠷᠪᠡᠳᠦᠭᠡᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠬᠤᠷᠠᠯ  ᠠᠴᠠ ᠡᠯ᠎ᠡ ᠠᠵᠢᠯᠯᠠᠬᠤ ᠲᠤᠭᠤᠶᠢᠯᠠᠩ ᠤᠨ ᠲᠦᠷᠦᠭᠦᠦ ᠨᠢᠭᠡ ᠱᠠᠲᠤᠨ ᠤ ᠠᠵᠢᠯ ᠢ ᠰᠣᠨᠣᠰᠴᠤ᠂ ᠡᠮᠦᠨᠡᠬᠢ ᠬᠤᠭᠤᠴᠠᠭᠠᠨ ᠤ ᠠᠵᠢᠯ ᠢ ᠥᠷᠨᠢᠭᠦᠯᠬᠦ ᠳᠤ ᠣᠷᠣᠰᠢᠵᠤ ᠪᠠᠶᠢᠭ᠎ᠠ ᠠᠰᠠᠭᠤᠳᠠᠯ ᠳᠤ ᠵᠠᠳᠠᠯᠤᠯᠲᠠ ᠬᠢᠬᠦ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠳᠠᠷᠠᠭ᠎ᠠ ᠨᠢᠭᠡ ᠱᠠᠲᠤᠨ ᠤ ᠰᠢᠶᠠᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠭᠤᠤᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠂ ᠰᠢᠶᠠᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠤᠨ ᠡᠷᠬᠢᠯᠡᠭᠴᠢ ᠵᠠᠩ ᡁᠢ ᠢᠦᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃      ᠬᠤᠷᠠᠯ ᠳᠡᠭᠡᠷ᠎ᠡ ᠡᠯ᠎ᠡ ᠠᠵᠢᠯᠯᠠᠬᠤ ᠳᠤᠭᠤᠶᠢᠯᠠᠩ ᠤᠨ ᠱᠠᠭᠠᠷᠳᠠᠯᠭ᠎ᠠ ᠶᠢ ᠰᠣᠨᠣᠰᠴᠤ᠂ ᠡᠯ᠎ᠡ ᠳᠤᠭᠤᠶᠢᠯᠠᠩ ᠴᠥᠮ ᠡᠮᠬᠢ ᠵᠢᠷᠤᠮ ᠲᠠᠢ ᠪᠠᠷ ᠠᠵᠢᠯ ᠢᠶᠠᠨ ᠥᠷᠨᠢᠭᠦᠯᠵᠦ᠂ ᠱᠠᠲᠤ ᠦᠶ᠎ᠡ ᠶᠢᠨ ᠴᠢᠨᠠᠷᠲᠠᠶ ᠠᠬᠢᠴᠠ ᠲᠠᠢ ᠪᠣᠯᠤᠭᠰᠠᠨ ᠪᠣᠯᠪᠠᠴᠤ ᠠᠵᠢᠯ ᠤᠨ ᠳᠤᠮᠳᠠ ᠮᠥᠨ ᠬᠦ ᠡᠳᠦᠶ ᠲᠡᠳᠦᠶ ᠬᠦᠷᠦᠯᠴᠡᠬᠦ ᠦᠭᠡᠢ ᠲᠠᠯ᠎ᠠ ᠪᠠ ᠠᠰᠠᠭᠤᠳᠠᠯ ᠣᠷᠣᠰᠢᠵᠤ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠵᠢᠯᠣᠭᠤᠳᠬᠤ ᠳᠤᠭᠤᠶᠢᠯᠠᠩ ᠤᠨ ᠱᠠᠭᠠᠷᠳᠠᠯᠭ᠎ᠠ ᠯᠤᠭ᠎ᠠ ᠵᠥᠷᠢᠶ᠎ᠡ ᠲᠠᠢ ᠪᠠᠶᠢᠵᠤ᠂ ᠵᠠᠩ ᡁᠢ ᠢᠦᠢ ᠨᠥᠬᠦᠷ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠵᠢᠯᠣᠭᠤᠳᠬᠤ ᠳᠤᠭᠤᠶᠢᠯᠠᠩ ᠤᠨ ᠱᠠᠭᠠᠷᠳᠠᠯᠭ᠎ᠠ ᠲᠠᠢ ᠬᠠᠷᠢᠴᠠᠭᠤᠯᠤᠨ ᠣᠷᠣᠰᠢᠵᠤ ᠪᠠᠶᠢᠭ᠎ᠠ ᠳᠥᠷᠪᠡᠨ ᠠᠰᠠᠭᠤᠳᠠᠯ ᠢ ᠵᠢᠭᠠᠵᠤ ᠭᠠᠷᠭᠠᠪᠠ᠄ ᠨᠢᠭᠡ ᠳᠤ᠂ ᠠᠵᠢᠯᠯᠠᠬᠤ ᠳᠤᠭᠤᠶᠢᠯᠠᠩ ᠤᠨ ᠳᠣᠲᠣᠭᠠᠳᠤ ᠳᠠᠭᠠᠨ ᠲᠡᠩᠴᠡᠭᠦᠷᠢ ᠦᠭᠡᠢ᠂ ᠣᠨᠴᠠ ᠵᠠᠷᠢᠮ ᠠᠵᠢᠯᠯᠠᠬᠤ ᠳᠤᠭᠤᠶᠢᠯᠠᠩ  ᠤᠨ ᠠᠵᠢᠯ ᠤᠨ ᠦᠷ᠎ᠡ ᠪᠦᠲᠦᠮᠵᠢ ᠳᠣᠤᠷ᠎ᠠ᠂ ᠠᠵᠢᠯ ᠤᠨ ᠦᠷ᠎ᠡ ᠪᠦᠲᠦᠮᠵᠢ ᠢᠯᠡᠷᠬᠡᠶ ᠪᠢᠰᠢ᠂ ᠡᠭᠦᠨ ᠤ ᠳᠣᠲᠣᠷ᠎ᠠ ᠣᠨᠴᠠ ᠵᠠᠷᠢᠮ ᠠᠵᠢᠯᠯᠠᠬᠤ ᠳᠤᠭᠤᠶᠢᠯᠠᠩ ᠰᠠᠨᠠᠭᠠᠴᠢᠯᠠᠭᠠᠲᠤ ᠪᠤᠰᠤ ᠠᠵᠢᠯᠯᠠᠬᠤ ᠪᠠᠶᠢᠳᠠᠯ ᠲᠠᠢ ᠪᠠᠶᠢᠵᠤ᠂ ᠠᠵᠢᠯᠯᠠᠬᠤ ᠳᠤᠭᠤᠶᠢᠯᠠᠩ ᠤᠨ ᠳᠣᠲᠣᠭᠠᠳᠤ ᠳᠠᠭᠠᠨ ᠲᠡᠩᠴᠡᠭᠦᠷᠢ ᠦᠭᠡᠢ ᠪᠠᠶᠢᠳᠠᠯ ᠢ ᠪᠤᠢ ᠪᠣᠯᠭᠠᠪᠠ᠃ ᠬᠤᠶᠠᠷ ᠲᠤ᠂ ᠭᠤᠤᠯ ᠰᠡᠳᠦᠪᠲᠦ ᠬᠥᠮᠦᠵᠢᠯ ᠤᠨ ᠠᠵᠢᠯ ᠯᠠᠪᠳᠠᠭᠤᠨ ᠪᠠᠲᠤᠲᠠᠶ ᠪᠢᠰᠢ᠂ ᠠᠵᠤ ᠦᠶᠯᠡᠳᠪᠦᠷᠢ ᠰᠤᠳᠤᠯᠤᠯ ᠤᠨ ᠵᠥᠷᠢᠴᠡᠯ ᠢ ᠰᠢᠶᠳᠪᠦᠷᠢᠯᠡᠬᠦ ᠠᠰᠠᠭᠤᠳᠠᠯ ᠣᠷᠣᠰᠢᠵᠤ ᠪᠠᠶᠢᠨ᠎ᠠ᠃ ᠭᠤᠷᠪᠠ ᠳᠤ᠂ ᠠᠵᠢᠯ ᠢᠶᠠᠨ ᠭᠦᠨᠵᠡᠭᠡᠶ ᠬᠢᠭᠰᠡᠨ ᠦᠭᠡᠢ᠂ ᠪᠣᠳᠠᠲᠠᠶ ᠨᠠᠶᠢᠳᠠᠪᠤᠷᠢᠵᠢᠭᠤᠯᠤᠭᠰᠠᠨ ᠦᠭᠡᠢ᠂ ᠬᠠᠮᠤᠭ ᠤᠨ ᠲᠤᠪᠤᠶᠢᠮ᠎ᠠ ᠠᠰᠠᠭᠤᠳᠠᠯ ᠢ ᠪᠠᠶᠢᠴᠠᠭᠠᠨ ᠦᠵᠡᠭᠰᠡᠨ ᠨᠢ ᠭᠦᠨᠵᠡᠭᠡᠶ ᠪᠢᠰᠢ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠨᠢ ᠪᠣᠳᠠᠲᠠᠶ ᠪᠢᠰᠢ ᠪᠠᠶᠢᠬᠤ ᠳᠤ ᠪᠣᠶ᠃ ᠳᠥᠷᠪᠡ ᠳᠤ᠂ ᠠᠵᠢᠯ ᠤᠨ ᠭᠤᠤᠯᠳᠠᠯᠭ᠎ᠠ ᠶᠢ ᠣᠨᠣᠪᠴᠢᠲᠠᠶ ᠡᠵᠡᠮᠰᠢᠵᠦ ᠲᠡᠶᠢᠯᠤᠭ᠍ᠰᠡᠨ‌ᠦᠭᠡᠢ᠂ ᠬᠦᠴᠦ ᠭᠠᠷᠭᠠᠬᠤ ᠴᠢᠭ ᠦᠭᠡᠢ ᠪᠠᠶᠢᠵᠤ᠂ ᠡᠯ᠎ᠡ ᠠᠵᠢᠯᠯᠠᠬᠤ ᠲᠤᠭᠤᠶᠢᠯᠠᠩ ᠨᠢ ᠨᠡᠪᠲᠡᠷᠡᠯᠴᠡᠭᠦᠯᠦᠨ ᠰᠣᠯᠢᠯᠴᠠᠭᠤᠯᠬᠤ ᠲᠠᠯ᠎ᠠ ᠪᠠᠷ ᠰᠢᠯᠤᠭᠤᠨ ᠪᠤᠰᠤ᠂ ᠲᠡᠭᠡᠳᠦ ᠳᠣᠣᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ ᠪᠠᠷ ᠬᠦᠷᠦᠯᠴᠡᠬᠦ ᠦᠭᠡᠢ᠂ ᠨᠡᠶᠢᠯᠡᠮᠡᠯ ᠬᠦᠴᠦᠨ ᠢ ᠪᠦᠷᠢᠯᠳᠦᠭᠦᠯᠬᠦ ᠪᠠᠷ ᠬᠦᠷᠦᠯᠴᠡᠬᠦ ᠦᠭᠡᠢ ᠪᠠᠶᠢᠨ᠎ᠠ᠃      ᠳᠡᠭᠡᠷ᠎ᠡ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ᠂ ᠵᠠᠩ ᡁᠢ ᠢᠦᠢ ᠨᠥᠬᠦᠷ ᠡᠯ᠎ᠡ ᠠᠵᠢᠯᠯᠠᠬᠤ ᠳᠤᠭᠤᠶᠢᠯᠠᠩ ᠳᠤ ᠳᠣᠤᠷᠠᠬᠢ ᠱᠠᠭᠠᠷᠳᠠᠯᠭ᠎ᠠ ᠶᠢ ᠳᠤᠷᠠᠳᠪᠠ᠂ ᠵᠢᠯᠣᠭᠤᠳᠬᠤ ᠳᠤᠭᠤᠶᠢᠯᠠᠩ ᠡᠩ ᠲᠡᠷᠢᠭᠦᠨ ᠳᠤ ᠡᠷᠬᠡᠪᠰᠢ ᠣᠨᠣᠪᠴᠢᠲᠠᠶ ᠵᠢᠯᠣᠭᠤᠳᠴᠤ᠂ ᠭᠤᠤᠯ ᠰᠡᠳᠦᠪᠲᠦ ᠬᠥᠮᠦᠵᠢᠯ ᠢ ᠣᠳᠣᠬᠠᠨ ᠤ ᠴᠢᠬᠤᠯᠠ ᠶᠡᠭᠡ ᠤᠯᠤᠰ ᠲᠥᠷᠦ ᠶᠢᠨ ᠡᠭᠦᠷᠭᠡ ᠪᠣᠯᠭᠠᠨ ᠬᠠᠨᠳᠤᠵᠤ᠂ ᠠᠰᠠᠭᠤᠳᠠᠯ ᠢ ᠢᠯᠡᠷᠡᠭᠦᠯᠵᠦ᠂ ᠬᠠᠨᠳᠤᠯᠭᠠᠲᠤ ᠴᠢᠨᠠᠷᠲᠠᠶ ᠪᠠᠷ ᠵᠢᠯᠣᠭᠤᠳᠴᠤ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠵᠢᠯᠣᠭᠤᠳᠬᠤ ᠳᠤᠭᠤᠶᠢᠯᠠᠩ ᠠᠴᠠ ᠰᠤᠷᠤᠯᠴᠠᠬᠤ ᠬᠡᠷᠡᠭᠲᠡᠶ᠃ ᠳᠠᠷᠠᠭ᠎ᠠ ᠳᠤᠨᠢ᠂ ᠡᠯ᠎ᠡ ᠨᠢᠭᠡᠴᠡ ᠶᠢᠨ ᠴᠢᠬᠤᠯᠠ ᠶᠡᠭᠡ ᠬᠤᠷᠠᠯ ᠵᠢᠴᠢ ᠠᠵᠢᠯᠯᠠᠭ᠎ᠠ ᠳᠤ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠡᠯ᠎ᠡ ᠨᠢᠭᠡᠴᠡ ᠶᠢᠨ ᠬᠢᠨ ᠢ ᠱᠠᠯᠠᠪᠳᠠᠭᠤᠯᠤᠨ ᠵᠢᠯᠣᠭᠤᠳᠴᠤ ᠪᠠᠶᠢᠭᠠᠳ ᠶᠡᠷᠦᠩᠬᠡᠶ ᠱᠦᠵᠢ ᠰᠢ ᠶᠢᠨ ᠫᠢᠩ ᠤᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠥᠷᠨᠢᠭᠦᠯᠬᠦ ᠲᠤᠬᠠᠶ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠤᠨ᠎ᠠ᠃ ᠡᠴᠦᠰ  ᠲᠤ᠂ ᠲᠣᠭᠲᠠᠮᠠᠯ ᠬᠤᠭᠤᠴᠠᠭ᠎ᠠ ᠲᠠᠢ ᠪᠠᠷ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠲᠤ ᠬᠠᠷᠢᠭᠤ ᠮᠡᠳᠡᠭᠦᠯᠵᠦ᠂ ᠪᠠᠶᠢᠩᠭᠤ ᠶᠢᠨ ᠬᠤᠷᠢᠶᠠᠨ ᠤ ᠵᠢᠯᠣᠭᠤᠳᠬᠤ ᠦᠶᠯᠡᠳᠦᠯ ᠢ ᠭᠦᠶᠴᠡᠳ ᠪᠠᠳᠠᠷᠠᠭᠤᠯᠪᠠ᠃ ᠶᠡᠷᠦᠩᠬᠡᠶᠢᠯᠡᠭᠰᠡᠨ‌‍ᠲ᠋ᠤᠭᠤᠶᠢᠯᠠᠩ ᠤᠨ ᠬᠢᠨ ᠪᠦᠬᠦ ᠲᠠᠯ᠎ᠠ ᠶᠢᠨ ᠲᠥᠯᠥᠪᠵᠢᠭᠦᠯᠭᠡ ᠶᠢ ᠴᠢᠩᠭᠠᠳᠬᠠᠵᠤ᠂ ᠡᠯ᠎ᠡ ᠨᠢᠭᠡᠴᠡ  ᠶᠢᠨ ᠠᠵᠢᠯ ᠢ ᠵᠣᠬᠢᠴᠠᠭᠤᠯᠵᠤ᠂ ᠪᠦᠬᠦ ᠲᠠᠯ᠎ᠠ ᠶᠢᠨ ᠭᠤᠤᠯᠳᠠᠯᠭ᠎ᠠ ᠶᠢ ᠡᠵᠡᠮᠳᠡᠵᠦ᠂ ᠭᠤᠤᠯ ᠰᠡᠳᠦᠪᠲᠦ ᠬᠥᠮᠦᠵᠢᠯ  ᠤᠨ ᠡᠮᠬᠢ ᠵᠢᠷᠤᠮ ᠲᠠᠢ ᠥᠷᠨᠢᠬᠦ ᠶᠢ ᠠᠬᠢᠭᠤᠯᠬᠤ ᠬᠡᠷᠡᠭᠲᠡᠶ᠃ ᠤᠬᠠᠭᠤᠯᠬᠤ ᠳᠤᠭᠤᠶᠢᠯᠠᠩ ᠨᠢ ᠭᠠᠳᠠᠭᠠᠳᠤ ᠤᠬᠠᠭᠤᠯᠭ᠎ᠠ ᠶᠢᠨ ᠡᠷᠴᠢᠮ ᠢᠶᠠᠨ ᠴᠢᠩᠭᠠᠳᠬᠠᠵᠤ᠂ ᠬᠠᠮ ᠵᠠᠭᠤᠴᠢᠯᠠᠭᠤᠷ ᠤᠨ ᠤᠬᠠᠭᠤᠯᠬᠤ ᠠᠷᠭ᠎ᠠ ᠮᠠᠶ᠋ᠢᠭ ᠢ ᠠᠰᠢᠭᠯᠠ᠂ ᠤᠬᠠᠭᠤᠯᠤᠨ ᠮᠡᠳᠡᠭᠡᠯᠡᠬᠦ ᠭᠤᠤᠯᠳᠠᠯᠭ᠎ᠠ ᠪᠠᠨ ᠡᠯ᠎ᠡ ᠵᠦᠶᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠳᠡᠭᠡᠷ᠎ᠡ ᠰᠢᠯᠵᠢᠭᠦᠯᠬᠦ ᠬᠡᠷᠡᠭᠲᠡᠶ᠃ ᠳᠤᠭᠤᠶᠢᠯᠠᠩ ᠤᠨ ᠬᠢᠨ ᠦᠨᠳᠦᠰᠦᠨ ᠱᠠᠲᠤᠨ ᠠᠴᠠ ᠮᠡᠳᠡᠭᠡ ᠵᠠᠩᠭᠢ ᠶᠢ ᠠᠭᠤᠳᠠᠯᠵᠤ᠂ ᠱᠠᠲᠤ ᠦᠶ᠎ᠡ ᠶᠢᠨ ᠴᠢᠨᠠᠷᠲᠠᠶ ᠠᠰᠠᠭᠤᠳᠠᠯ ᠪᠠ ᠲᠤᠷᠰᠢᠯᠭ᠎ᠠ ᠶᠢ ᠳ᠋ᠦᠩᠨᠡᠨ᠂ ᠵᠠᠷᠯᠠᠨ ᠨᠡᠶᠢᠲᠡᠯᠡᠵᠦ᠂ ᠡᠯ᠎ᠡ ᠨᠢᠭᠡᠴᠡ ᠶᠢ ᠬᠥᠨᠳᠡᠭᠦᠷ ᠲᠠᠢ ᠰᠠᠨᠠᠭᠳᠠᠭᠤᠯᠵᠤ᠂ ᠪᠠᠶᠢᠴᠠᠭᠠᠨ ᠰᠤᠳᠤᠯᠤᠯᠲᠠ ᠬᠢᠬᠦ᠂ ᠠᠰᠠᠭᠤᠳᠠᠯ  ᠢ ᠪᠠᠶᠢᠴᠠᠭᠠᠨ ᠦᠵᠡᠬᠦ᠂ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠬᠤ ᠶᠢ ᠴᠢᠩᠭᠠᠳᠬᠠᠬᠤ ᠬᠡᠷᠡᠭᠲᠡᠶ᠃ ᠡᠭᠦᠳᠡ ᠪᠠᠨ ᠨᠡᠭᠡᠭᠡᠵᠦ ᠢᠳᠬᠠᠯ ᠬᠤᠷᠢᠶᠠᠬᠤ ᠲᠤᠭᠤᠶᠢᠯᠠᠩ ᠰᠠᠨᠠᠭᠠᠴᠢᠯᠠᠭ᠎ᠠ ᠠᠴᠠ ᠪᠠᠨ ᠡᠭᠦᠳᠡᠨ ᠳᠤ ᠬᠦᠷᠴᠦ᠂ ᠡᠭᠦᠳᠡ ᠪᠠᠨ ᠨᠡᠭᠡᠭᠡᠵᠦ ᠢᠳᠬᠠᠯ ᠬᠤᠷᠢᠶᠠᠵᠤ᠂ ᠡᠯ᠎ᠡ ᠲᠠᠯ᠎ᠠ ᠶᠢᠨ ᠬᠢᠨ ᠤ ᠬᠤᠷᠢᠶᠠᠨ ᠠᠪᠴᠢᠷᠠᠭᠰᠠᠨ ᠰᠠᠨᠠᠯ ᠢ ᠬᠤᠷᠢᠶᠠᠩᠭᠤᠶᠢᠯᠠᠵᠤ᠂ ᠣᠷᠣᠰᠢᠵᠤ ᠪᠠᠶᠢᠭ᠎ᠠ ᠠᠰᠠᠭᠤᠳᠠᠯ ᠠᠴᠠ ᠵᠠᠶᠢᠯᠠᠬᠤ ᠦᠭᠡᠢ ᠪᠠᠶᠢᠵᠤ᠂ ᠡᠭᠦᠳᠡ ᠪᠠᠨ ᠨᠡᠭᠡᠭᠡᠵᠦ ᠢᠳᠬᠠᠯ ᠰᠠᠨᠠᠭᠤᠯᠭ᠎ᠠ ᠶᠢ ᠰᠣᠨᠣᠰᠴᠤ ᠠᠵᠢᠯ ᠢᠶᠠᠨ ᠯᠠᠪᠳᠠᠭᠤᠨ ᠪᠠᠲᠤᠲᠠᠶ ᠰᠠᠶᠢᠲᠤᠷ ᠬᠢᠵᠦ᠂ ᠣᠯᠠᠨ ᠲᠦᠮᠡᠨ ᠤ ᠬᠠᠮᠤᠭ ᠤᠨ ᠪᠠᠴᠢᠮ ᠬᠠᠮᠤᠭ ᠤᠨ ᠰᠠᠨᠠᠭᠠᠰᠢᠷᠠᠵᠤ  ᠪᠠᠶᠢᠭ᠎ᠠ ᠬᠠᠮᠤᠭ ᠤᠨ ᠬᠦᠰᠡᠵᠦ ᠪᠠᠶᠢᠭ᠎ᠠ ᠠᠰᠠᠭᠤᠳᠠᠯ ᠢ ᠰᠢᠶᠳᠪᠦᠷᠢᠯᠡᠬᠦ ᠬᠡᠷᠡᠭᠲᠡᠶ᠃ ᠬᠤᠯᠪᠣᠭ᠎ᠠ ᠠᠪᠬᠤ ᠲᠤᠭᠤᠶᠢᠯᠠᠩ ᠨᠢ ᠬᠤᠯᠪᠣᠭ᠎ᠠ ᠠᠪᠬᠤ ᠦᠶᠯᠡᠳᠦᠯ  ᠢᠶᠠᠨ ᠰᠠᠶᠢᠲᠤᠷ ᠪᠠᠳᠠᠷᠠᠭᠤᠯᠵᠤ᠂ ᠡᠯ᠎ᠡ ᠳᠤᠭᠤᠢᠯᠠᠩ ᠢ ᠨᠢᠭᠡᠳᠦᠯᠲᠡᠶ ᠳᠤ ᠲᠥᠯᠥᠪᠵᠢᠭᠦᠯᠵᠦ᠂ ᠵᠢᠯᠣᠭᠤᠳᠬᠤ ᠭᠤᠤᠯᠳᠠᠯᠭ᠎ᠠ ᠪᠠᠨ ᠡᠵᠡᠮᠳᠡᠵᠦ᠂ ᠡᠯ᠎ᠡ ᠵᠦᠶᠯ ᠤᠨ ᠠᠵᠢᠯ ᠢ ᠰᠠᠶᠢᠲᠤᠷ ᠠᠳᠬᠤᠬᠤ ᠬᠡᠷᠡᠭᠲᠡᠶ᠃ ᠠᠵᠢᠯ ᠢᠶᠠᠨ ᠵᠣᠯᠭᠠᠭᠤᠯᠬᠤ ᠳᠤᠭᠤᠶᠢᠯᠠᠩ ᠨᠢ ᠬᠤᠲᠠ ᠶᠢᠨ ᠵᠢᠯᠣᠭᠤᠳᠬᠤ ᠳᠤᠭᠤᠶᠢᠯᠠᠩ ᠯᠤᠭ᠎ᠠ ᠠᠵᠢᠯ ᠢᠶᠠᠨ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠬᠤᠲᠠ ᠶᠢᠨ ᠵᠢᠯᠣᠭᠤᠳᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠢ ᠪᠦᠷᠢᠳᠬᠡᠨ ᠬᠤᠷᠢᠶᠠᠩᠭᠤᠶᠢᠯᠠᠵᠤ᠂ ᠡᠬᠡ ᠳᠠᠩᠰᠠ ᠪᠠᠶᠢᠭᠤᠯᠤᠨ᠂ ᠴᠠᠭ ᠲᠤᠬᠠᠶ ᠳᠤᠨᠢ ᠬᠠᠷᠢᠭᠤ ᠲᠤᠰᠬᠠᠬᠤ ᠬᠡᠷᠡᠭᠲᠡᠶ ᠃ ᠲᠤᠰᠬᠠᠶ ᠴᠡᠭᠴᠡᠯᠡᠨ ᠥᠭᠡᠷᠡᠴᠢᠯᠡᠨ ᠪᠠᠶᠢᠭᠤᠯᠬᠤ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠲᠤᠰᠬᠠᠶ ᠴᠡᠭᠴᠡᠯᠡᠨ ᠵᠠᠰᠠᠬᠤ ᠠᠵᠢᠯ ᠤᠨ ᠠᠬᠢᠴᠠ ᠶᠢ ᠠᠬᠢᠭᠤᠯᠵᠤ᠂ ᠦᠶᠯᠡᠳᠦᠭᠰᠡᠨ ᠲᠤᠰᠬᠠᠶ ᠴᠡᠭᠴᠡᠯᠡᠨ ᠵᠠᠰᠠᠬᠤ ᠲᠥᠷᠥᠯ ᠵᠦᠶᠯ ᠢ ᠳᠠᠷᠤᠶ ᠲᠦᠷᠭᠡᠨ ᠡᠬᠢᠯᠡᠭᠦᠯᠵᠦ᠂ ᠴᠠᠭ ᠲᠤᠬᠠᠶ ᠳᠤᠨᠢ ᠳᠠᠭᠠᠵᠤ ᠬᠠᠷᠢᠭᠤ ᠲᠤᠰᠬᠠᠬᠤ ᠬᠡᠷᠡᠭᠲᠡᠶ᠃ ᠮᠠᠲ᠋ᠧᠷᠢᠶᠠᠯ ᠤᠨ ᠳᠤᠭᠤᠶᠢᠯᠠᠩ ᠨᠢ ᠡᠯ᠎ᠡ ᠱᠠᠲᠤᠨ ᠤ ᠨᠢᠭᠡᠴᠡ ᠶᠢᠨ ᠮᠠᠲ᠋ᠧᠷᠢᠶᠠᠯ ᠢ ᠪᠦᠷᠢᠳᠬᠡᠬᠦ᠂ ᠮᠡᠳᠡᠭᠦᠯᠦᠨ ᠬᠦᠷᠭᠡᠬᠦ᠂ ᠡᠮᠬᠢᠯᠡᠬᠦ᠂ ᠴᠤᠭᠯᠠᠭᠤᠯᠬᠤ᠂ ᠳᠠᠩᠰᠠ ᠡᠪᠬᠡᠮᠡᠯ  ᠳᠤ ᠣᠷᠣᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃      ᠬᠤᠷᠠᠯ ᠠᠴᠠ ᠪᠠᠰᠠ ᠡᠯ᠎ᠡ ᠠᠵᠢᠯᠯᠠᠬᠤ ᠲᠤᠭᠤᠶᠢᠯᠠᠩ ᠤᠨ ᠤᠶᠢᠷ᠎ᠠ ᠶᠢᠨ ᠬᠤᠭᠤᠴᠠᠭᠠᠨ ᠤ ᠪᠡᠶᠡᠯᠡᠭᠦᠯᠬᠦ ᠴᠢᠬᠤᠯᠠᠲᠠᠶ ᠠᠵᠢᠯ ᠶᠢᠨ ᠡᠭᠦᠷᠭᠡ ᠶᠢ ᠪᠠᠶᠢᠷᠢᠯᠠᠭᠤᠯᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1