ᠲᠠᠪᠢᠨ ᠭᠡᠷ ᠪᠠᠯᠭᠠᠰᠤ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ ᠣᠯᠠᠨ ᠲᠦᠮᠡᠨ ᠤ ᠲᠤᠰᠬᠠᠯ ᠴᠢᠩᠭ᠎ᠠ ᠠᠰᠠᠭᠤᠳᠠᠯ ᠢ ᠬᠦᠴᠦ ᠪᠠᠨ ᠲᠥᠪᠯᠡᠷᠡᠭᠦᠯᠦᠨ ᠰᠢᠢᠳᠪᠦᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2019-10-31
       ᠲᠣᠭᠲᠠᠬᠤ ᠰᠢᠶᠠᠨ ᠤ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠲᠠᠪᠢᠨ ᠭᠡᠷ ᠪᠠᠯᠭᠠᠰᠤ ︽ᠤᠭ ᠰᠠᠨᠠᠭ᠎ᠠ ᠪᠠᠨ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠵᠥᠷᠢᠶ᠎ᠡ ᠪᠠᠨ ᠡᠷᠢᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ︾ ᠶᠡᠷᠦᠩᠬᠡᠶ ᠱᠠᠭᠠᠷᠳᠠᠯᠭ᠎ᠠ ᠶᠢ ᠪᠠᠲᠤ ᠡᠵᠡᠮᠳᠡᠵᠦ᠂ ︽ᠰᠤᠷᠤᠯᠴᠠᠯᠭ᠎ᠠ ᠬᠥᠮᠦᠵᠢᠯ᠂ ᠪᠠᠶᠢᠴᠠᠭᠠᠨ ᠰᠤᠳᠤᠯᠤᠯᠲᠠ᠂ ᠠᠰᠠᠭᠤᠳᠠᠯ ᠢ ᠪᠠᠶᠢᠴᠠᠭᠠᠨ ᠦᠵᠡᠬᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ︾ ᠳᠥᠷᠪᠡᠨ ᠵᠦᠶᠯ ᠤᠨ ᠭᠤᠤᠯᠳᠠᠯᠭ᠎ᠠ ᠲᠠᠢ ᠠᠷᠭ᠎ᠠ ᠬᠡᠮᠵᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠡᠭᠦᠳᠡ ᠪᠠᠨ ᠨᠡᠭᠡᠭᠡᠵᠦ ᠢᠳᠬᠠᠯ ᠢ ᠠᠪᠬᠤ︾ ᠠᠵᠢᠯᠯᠠᠭ᠎ᠠ ᠶᠢ ᠢᠳᠡᠪᠬᠢᠲᠡᠢ ᠥᠷᠭᠡᠨ ᠳᠡᠯᠭᠡᠷ ᠥᠷᠨᠢᠭᠦᠯᠵᠦ᠂ ᠠᠰᠠᠭᠤᠳᠠᠯ ᠢ ᠭᠦᠨᠵᠡᠭᠡᠶ ᠪᠠᠶᠢᠴᠠᠭᠠᠨ ᠳᠡᠯᠭᠡᠵᠦ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠪᠠᠶᠢᠴᠠᠭᠠᠨ ᠦᠵᠡᠪᠡ᠃ ᠡᠭᠦᠨ ᠤ ᠬᠠᠮᠲᠤ᠂ ᠲᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠢᠮᠠᠭᠲᠠ ᠲᠤᠭᠤᠰᠢᠯᠠᠭᠤᠯᠵᠦ᠂ ᠰᠤᠳᠤᠯᠭᠠᠨ ᠬᠢᠬᠦ ᠪᠠᠷ ᠳᠠᠮᠵᠢᠨ᠂ ᠣᠯᠠᠨ ᠲᠦᠮᠡᠨ ᠤ ᠰᠡᠳᠬᠢᠯ ᠤᠨ ᠳᠠᠭᠤᠨ ᠢ ᠨᠠᠷᠢᠨ ᠬᠢᠨᠠᠮᠠᠭᠠᠶ ᠰᠣᠨᠣᠰᠴᠤ᠂ ᠣᠯᠠᠨ ᠲᠦᠮᠡᠨ ᠤ ᠲᠤᠰᠬᠠᠯ ᠴᠢᠩᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠠᠵᠢᠯ ᠤᠨ ᠭᠤᠤᠯ ᠬᠥᠳᠡᠯᠭᠡᠬᠦ ᠬᠦᠴᠦᠨ ᠪᠠ ᠰᠢᠪᠲᠤᠯᠤᠯᠲᠠ ᠶᠢᠨ ᠴᠡᠭ ᠪᠣᠯᠭᠠᠵᠤ᠂ ᠣᠯᠠᠨ ᠲᠦᠮᠡᠨ ᠤ ᠲᠤᠰᠬᠠᠯ ᠴᠢᠩᠭ᠎ᠠ ᠠᠰᠠᠭᠤᠳᠠᠯ ᠢ ᠬᠦᠴᠦ ᠪᠠᠨ ᠲᠥᠪᠯᠡᠷᠡᠭᠦᠯᠦᠨ ᠰᠢᠶᠳᠪᠦᠷᠢᠯᠡᠵᠦ᠂ ᠣᠯᠠᠨ ᠲᠦᠮᠡᠨ ᠳᠤ ᠦᠨᠡᠨ ᠪᠣᠳᠠᠲᠠᠶ ᠬᠦᠷᠲᠡᠮᠵᠢ ᠶᠢᠨ ᠲᠥᠷᠥᠭᠳᠡᠯ ᠤᠯᠭᠤᠵᠦ ᠪᠠᠶᠢᠨ᠎ᠠ᠃      10 ᠰᠠᠷ᠎ᠠ ᠶᠢᠨ 27 ᠤ ᠡᠳᠦᠷ᠂ ᠰᠠᠨᠠᠯ ᠬᠤᠷᠢᠶᠠᠬᠤ ᠰᠠᠨᠠᠭᠤᠯᠭ᠎ᠠ ᠶᠢᠨ ᠶᠠᠷᠢᠯᠴᠠᠬᠤ ᠬᠤᠷᠠᠯ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠢ ᠵᠢᠶᠠᠨ ᠹᠠᠩ ᠲᠣᠰᠬᠤᠨ ᠤ ᠹᠠᠨ ᠵᠢᠶᠠ ᠵᠤᠸᠠᠩ ᠤᠨ ᠬᠡᠰᠡᠭ ᠭᠠᠵᠠᠷ ᠮᠥᠨ ᠯᠡ ᠤᠰᠤ ᠬᠠᠳᠠᠭᠠᠯᠠᠬᠤ ᠬᠦᠴᠢᠷ ᠠᠰᠠᠭᠤᠳᠠᠯ ᠣᠷᠣᠰᠢᠵᠤ ᠪᠠᠶᠢᠬᠤ ᠶᠢ ᠣᠶᠢᠯᠠᠭᠠᠵᠤ ᠮᠡᠳᠡᠭᠡᠳ᠂ ᠲᠡᠷᠡ ᠳᠠᠷᠤᠶ ᠳᠤᠨᠢ ᠰᠢᠶᠠᠨ ᠤ ᠤᠰᠤᠨ ᠤ ᠶᠠᠪᠤᠳᠠᠯ ᠤᠨ ᠲᠣᠪᠴᠢᠶ᠎ᠠ ᠲᠠᠢ ᠬᠠᠷᠢᠯᠴᠠᠵᠤ᠂ ᠤᠰᠤᠨ ᠤ ᠶᠠᠪᠤᠳᠠᠯ ᠤᠨ ᠲᠣᠪᠴᠢᠶ᠎ᠠ ᠶᠢᠨ ᠬᠠᠷᠢᠭᠤᠴᠠᠯᠭᠠᠲᠠᠨ ᠢ ᠤᠷᠢᠵᠤ ᠲᠤᠬᠠᠶ ᠶᠢᠨ ᠭᠠᠵᠠᠷ ᠲᠤᠨᠢ ᠵᠥᠪᠳᠡᠯᠴᠡᠨ ᠰᠢᠶᠳᠪᠦᠷᠢᠯᠡᠵᠦ᠂ ᠣᠯᠠᠨ ᠲᠦᠮᠡᠨ ᠤ ᠭᠤᠮᠣᠳᠠᠯ ᠲᠣᠭᠠᠴᠢᠯᠲᠠ ᠳᠤ ᠢᠳᠡᠪᠬᠢᠲᠡᠢ ᠬᠠᠷᠢᠭᠤᠯᠲᠠ ᠥᠭᠪᠡ᠃      ᠳ᠋ᠦ᠋ ᠵᠢᠶᠠ ᠬᠤᠤ ᠵᠠᠰᠠᠭ ᠵᠠᠬᠢᠷᠭᠠᠨ ᠤ ᠲᠣᠰᠬᠤᠨ ᠤ ᠨᠠᠨ ᠳ᠋ᠠ ᠸᠠ ᠶᠢᠩ ᠤᠨ ᠪᠠᠶᠢᠭᠠᠯᠢᠯᠢᠬ ᠲᠣᠰᠬᠤᠨ ᠣᠳᠣᠬᠠᠨ ᠳᠤ ᠵᠥᠪᠬᠡᠨ 7 ᠡᠷᠦᠬᠡ 20 ᠭᠠᠷᠤᠶ ᠬᠥᠮᠦᠨ ᠪᠠᠶᠢᠵᠤ᠂ ᠤᠤᠯ ᠨᠢ ᠲᠣᠰᠬᠤᠨ ᠤ ᠠᠷᠠᠳ ᠤᠨ ᠤᠤᠭᠤᠬᠤ ᠤᠰᠤᠨ ᠤ ᠠᠰᠠᠭᠤᠳᠠᠯ ᠢ ᠶᠡᠷᠦ ᠨᠢ ᠬᠤᠳᠳᠤᠭ ᠤᠨ ᠤᠰᠤᠨ ᠳᠤ ᠲᠦᠰᠢᠭᠯᠡᠵᠦ ᠰᠢᠶᠳᠪᠦᠷᠢᠯᠡᠭᠰᠡᠭᠡᠷ ᠢᠷᠡᠵᠡᠢ᠂ ᠡᠭᠦᠨ ᠳᠤ ᠠᠮᠤᠷ ᠲᠦᠪᠰᠢᠨ ᠤ ᠳᠠᠯᠳᠠ ᠭᠡᠮ ᠣᠷᠣᠰᠢᠵᠤ᠂ ᠴᠡᠪᠡᠷ ᠲᠤᠩᠭᠠᠯᠠᠭ ᠤᠰᠤ ᠬᠡᠷᠡᠭᠯᠡᠬᠦ ᠪᠣᠯ ᠲᠣᠰ ᠲᠣᠰᠬᠤᠨ ᠤ ᠠᠷᠠᠳ ᠤᠨ ᠣᠯᠠᠨ ᠵᠢᠯ ᠤᠨ ᠬᠦᠰᠡᠯ ᠡᠷᠡᠮᠡᠯᠵᠡᠯ ᠪᠣᠯᠤᠨ᠎ᠠ᠃ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ  ᠠᠴᠠ ᠨᠠᠰᠢ᠂ ᠲᠠᠪᠢᠨ ᠭᠡᠷ ᠪᠠᠯᠭᠠᠰᠤᠨ ᠤ ᠨᠠᠮ ᠤᠨ ᠬᠤᠷᠢᠶ᠎ᠠ ︽ᠴᠡᠭᠴᠡᠯᠡᠨ ᠰᠠᠶᠢᠵᠢᠷᠠᠭᠤᠯᠬᠤ ᠴᠠᠭ︾ ᠢ ᠢᠮᠠᠭᠲᠠ ᠲᠤᠭᠤᠰᠢᠯᠠᠭᠤᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠬᠦ ᠶᠢ ᠪᠠᠷᠢᠮᠲᠠᠯᠠᠵᠤ᠂ ᠡᠨᠡᠬᠦ ᠠᠰᠠᠭᠤᠳᠠᠯ ᠢ ᠰᠢᠶᠳᠪᠦᠷᠢᠯᠡᠬᠦ ᠪᠠᠷ ᠭᠤᠤᠯ ᠰᠡᠳᠦᠪᠲᠦ ᠰᠤᠷᠭᠠᠨ ᠬᠥᠮᠦᠵᠢᠯ  ᠤᠨ ᠴᠡᠭᠴᠡᠯᠡᠨ ᠰᠠᠶᠢᠵᠢᠷᠠᠭᠤᠯᠬᠤ ᠠᠵᠢᠯ ᠪᠣᠯᠭᠠᠵᠤ᠂ ᠲᠡᠭᠡᠳᠦ ᠳᠣᠣᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠰᠠᠨᠠᠭᠠᠴᠢᠯᠠᠭ᠎ᠠ ᠠᠴᠠ ᠪᠠᠨ ᠰᠢᠶᠳᠪᠦᠷᠢᠯᠡᠵᠦ᠂ ᠦᠳᠲᠡᠷ ᠲᠦᠷᠭᠡᠨ ᠰᠢᠶᠳᠪᠦᠷᠢᠯᠡᠪᠡ᠃ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠲᠡᠷᠡ ᠳᠠᠷᠤᠶ ᠳᠤᠨᠢ ᠬᠠᠷᠢᠭᠤᠯᠲᠠ ᠥᠭᠴᠦ᠂ ᠠᠰᠠᠭᠤᠳᠠᠯ ᠢ ᠲᠤᠰᠬᠠᠬᠤ ᠳᠤ ᠲᠡᠷᠡ ᠳᠠᠷᠤᠶ ᠳᠤᠨᠢ ᠰᠢᠶᠳᠪᠦᠷᠢᠯᠡᠵᠦ᠂ ᠠᠰᠠᠭᠤᠳᠠᠯ ᠢᠶᠠᠷ ᠭᠤᠤᠯ ᠰᠡᠳᠦᠪᠲᠦ ᠰᠤᠷᠭᠠᠨ ᠬᠥᠮᠦᠵᠢᠯ ᠤᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠵᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1