ᠬᠠᠲᠤᠨ ᠭᠤᠤᠯ ᠤᠨ ᠥᠪᠥᠷ ᠮᠣᠩᠭᠤᠯ ᠳᠠᠬᠢ ᠬᠡᠰᠡᠭ ᠤᠨ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠰᠲ᠋ᠧᠮᠵᠢ ᠦᠨᠳᠦᠰᠦᠨ ᠳᠡᠭᠡᠨ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2019-10-31
      ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠬᠠᠳᠤᠨ ᠭᠤᠤᠯ ᠤᠨ ᠨᠢᠭᠡᠳᠦᠭᠡᠷ ᠬᠤᠭᠤᠴᠠᠭ᠎ᠠ᠂ ᠬᠤᠶᠠᠳᠤᠭᠠᠷ ᠬᠤᠭᠤᠴᠠᠭ᠎ᠠ ᠵᠢᠴᠢ ᠭᠤᠤᠯᠳᠠᠯᠭ᠎ᠠ ᠲᠠᠢ ᠰᠠᠯᠪᠤᠷᠢ ᠤᠷᠤᠰᠬᠠᠯ ᠵᠡᠷᠭᠡ ᠶᠢᠨ ᠢᠨᠵᠧᠨᠧᠷᠢᠩ ᠢ ᠬᠡᠷᠡᠭᠵᠢᠭᠦᠯᠬᠦ ᠪᠠᠷ ᠳᠠᠮᠵᠢᠭᠤᠯᠤᠨ᠂ ᠮᠠᠨ ᠤ ᠣᠷᠣᠨ ᠤ ᠬᠠᠳᠤᠨ ᠭᠤᠤᠯ ᠤᠨ ᠰᠠᠪᠠ ᠭᠠᠵᠠᠷ ᠤᠨ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠰᠲ᠋ᠧᠮᠵᠢ ᠶᠢ ᠦᠨᠳᠦᠰᠦᠨ ᠳᠤ ᠪᠠᠨ ᠪᠠᠶᠢᠭᠤᠯᠵᠤ᠂ ᠭᠤᠤᠯ ᠰᠠᠯᠪᠤᠷᠢ ᠤᠷᠤᠰᠬᠠᠯ ᠢ ᠴᠥᠭᠦᠷᠥᠮ ᠳᠤ ᠤᠷᠤᠰᠬᠠᠬᠤ᠂ ᠭᠤᠤᠯ ᠤᠨ ᠭᠤᠯᠳᠣᠷᠢᠯ ᠢ ᠴᠡᠭᠴᠡᠯᠡᠨ ᠵᠠᠰᠠᠬᠤ᠂ ᠬᠠᠰᠢᠯᠭ᠎ᠠ ᠳᠠᠯᠠᠩ ᠢᠶᠠᠷ ᠡᠷᠭᠢ ᠶᠢ ᠬᠠᠮᠠᠭᠠᠯᠠᠬᠤ ᠵᠡᠷᠭᠡ ᠪᠠᠷ ᠪᠦᠷᠢᠯᠳᠦᠭᠰᠡᠨ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠰᠢᠰᠲ᠋ᠧᠮᠵᠢ ᠶᠢ ᠠᠩᠬ᠎ᠠ ᠠᠯᠬᠤᠮ ᠪᠦᠷᠢᠯᠳᠦᠭᠦᠯᠪᠡ᠃      ᠣᠳᠣᠬᠠᠨ ᠪᠣᠯᠲᠠᠯ᠎ᠠ᠂ ᠬᠠᠳᠤᠨ ᠭᠤᠤᠯ ᠤᠨ ᠥᠪᠥᠷ ᠮᠣᠩᠭᠤᠯ ᠳᠠᠬᠢ ᠬᠡᠰᠡᠭ ᠲᠤ ᠨᠢᠭᠡᠨᠲᠡ ᠡᠯ᠎ᠡ ᠲᠥᠷᠥᠯ ᠤᠨ ᠬᠠᠰᠢᠯᠭ᠎ᠠ ᠶᠢ 1043.336 ᠺᠢᠯᠣᠮᠧᠳ᠋ᠷ᠂ ᠭᠤᠤᠯ ᠤᠨ ᠭᠤᠯᠳᠣᠷᠢᠯ ᠢ ᠴᠡᠭᠴᠡᠯᠡᠨ ᠵᠠᠰᠠᠭᠰᠠᠨ ᠪᠠᠷᠢᠯᠭ᠎ᠠ 105 ᠬᠡᠰᠡᠭ᠂ ᠬᠠᠰᠢᠯᠭ᠎ᠠ ᠳᠠᠯᠠᠩ 3344 ᠬᠡᠰᠡᠭ᠂ ᠡᠯ᠎ᠡ ᠲᠥᠷᠥᠯ ᠤᠨ ᠤᠰᠤᠨ ᠴᠥᠭᠦᠷᠥᠮ ᠢ 226 ᠪᠠᠶᠢᠭᠤᠯᠵᠤ᠂ ᠬᠠᠳᠤᠨ ᠭᠤᠤᠯ ᠤᠨ ᠰᠠᠪᠠ ᠭᠠᠵᠠᠷ ᠤᠨ ᠤᠯᠠᠭᠠᠨᠪᠤᠬ᠎ᠠ᠂ ᠪᠣᠷᠣᠲᠣᠬᠤᠶ ᠶᠢᠨ ᠤᠰᠤᠯᠠᠯᠲᠠ ᠶᠢᠨ ᠣᠷᠣᠨ ᠵᠢᠴᠢ ᠤᠯᠠᠭᠠᠨᠰᠤᠬᠠᠢ᠂ ᠬᠠᠷ᠎ᠠ ᠤᠰᠤ ᠭᠤᠤᠯ᠂ ᠬᠠᠩᠭᠢᠨ ᠨᠠᠭᠤᠷ᠂ ᠫᠦ ᠭᠧ ᠹᠦ᠋ ᠪᠣᠯᠤᠨ ᠵᠤᠤ ᠵᠢᠶᠦ᠋ᠨ ᠤ ᠪᠤᠯᠠᠰᠢ ᠵᠡᠷᠭᠡ ᠪᠠᠴᠢᠮ ᠪᠠᠶᠢᠳᠠᠯ ᠢ ᠠᠷᠭᠠᠴᠠᠭᠠᠵᠤ ᠦᠶᠡᠷ ᠢ ᠰᠡᠷᠭᠡᠶᠢᠯᠡᠬᠦ 6 ᠣᠷᠣᠨ ᠤ ᠰᠦᠩ ᠬᠠᠯᠢᠶ᠎ᠠ ᠶᠢᠨ ᠳᠠᠷᠤᠯᠲᠠ ᠶᠢ ᠲᠦᠢᠯ ᠤᠨ ᠶᠡᠭᠡ ᠪᠠᠷ ᠬᠥᠩᠭᠡᠷᠡᠭᠦᠯᠪᠡ᠃ ᠡᠭᠦᠨ ᠠᠴᠠ ᠭᠠᠳᠠᠨ᠎ᠠ᠂ ᠨᠢᠭᠡᠨᠲᠡ ᠪᠠᠶᠢᠭᠤᠯᠤᠭᠰᠠᠨ 29 ᠬᠠᠷᠠᠭᠠᠨ ᠳᠠᠪᠲᠠᠮᠵᠢ ᠶᠢᠨ ᠥᠷᠲᠡᠭᠡ ᠨᠢ ᠰᠠᠪᠠ ᠭᠠᠵᠠᠷ ᠤᠨ ᠪᠣᠷᠤᠭᠠᠨ ᠤᠰᠤᠨ ᠤ ᠪᠠᠶᠢᠳᠠᠯ ᠤᠨ ᠬᠤᠪᠢᠷᠠᠯᠲᠠ ᠶᠢ ᠦᠨᠳᠦᠰᠦᠨ ᠳᠡᠭᠡᠨ ᠡᠵᠡᠮᠳᠡᠵᠦ᠂ ᠦᠶᠡᠷ ᠢ ᠰᠡᠷᠭᠡᠶᠢᠯᠡᠬᠦ ᠪᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠨ ᠳᠤ ᠪᠠᠨ ᠬᠠᠩᠭᠠᠵᠤ ᠪᠣᠯᠤᠨ᠎ᠠ᠃ ᠮᠠᠨ ᠤ ᠣᠷᠣᠨ ᠪᠠᠰᠠ ᠪᠠᠲᠤᠯᠠᠬᠤ᠂ ᠵᠠᠰᠠᠬᠤ᠂ ᠬᠤᠷᠢᠭᠯᠠᠬᠤ᠂ ᠲᠣᠬᠢᠷᠠᠭᠤᠯᠬᠤ᠂ ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ ᠠᠪᠴᠤ᠂ ᠬᠠᠲᠤᠨ ᠭᠤᠣᠯ ᠤᠨ ᠡᠯᠡᠰᠦ ᠰᠢᠪᠠᠷ ᠤᠨ ᠠᠭᠤᠯᠤᠭᠳᠠᠴᠠ ᠶᠢᠨ ᠬᠡᠮᠵᠢᠶ᠎ᠡ ᠶᠢ ᠪᠦᠲᠦᠮᠵᠢᠲᠡᠶ ᠪᠠᠭᠠᠰᠬᠠᠵᠠᠶ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1