ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠴᠦᠨ ᠶᠠᠨ ᠭᠤᠤᠯᠳᠠᠯᠭ᠎ᠠ ᠲᠠᠢ ᠲᠥᠷᠥᠯ ᠵᠦᠶᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2019-10-08
      10 ᠰᠠᠷ᠎ᠠ ᠶᠢᠨ 8 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ  ᠤ ᠰᠢᠶᠠᠨ ᠤ ᠳᠠᠷᠤᠭ᠎ᠠ ᠯᠢ ᠴᠦᠨ ᠶᠠᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠳᠠᠭᠠᠭᠤᠯᠤᠨ ᠰᠢᠶᠠᠨ ᠤ ᠬᠡᠰᠡᠭ ᠭᠤᠤᠯᠳᠠᠯᠭ᠎ᠠ ᠲᠠᠢ ᠲᠦᠷᠦᠯ ᠵᠦᠢᠯ ᠳᠤ ᠪᠠᠶᠢᠴᠠᠭᠠᠨ ᠰᠤᠳᠤᠯᠤᠯᠲᠠ ᠬᠢᠪᠡ᠃ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠱᠢ ᠯᠢ ᠵᠢᠶᠦ᠋ᠨ᠂ ᠠᠵᠤ ᠦᠶᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠰᠢᠶᠣᠤ ᠸᠧᠨ ᠸᠧᠶ  ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠯᠢ ᠴᠦᠨ ᠶᠠᠨ ᠤᠷᠢᠳ ᠬᠤᠵᠢᠳ ᠥᠪᠥᠷ ᠮᠣᠩᠭᠤᠯ ᠤᠨ ᠵᠢᠤ ᠲᠠᠢ ᠰᠢᠨ᠎ᠡ ᠮᠠᠲ᠋ᠧᠷᠢᠶᠠᠯ ᠤᠨ ᠺᠣᠮᠫᠠᠨᠢ ᠶᠢᠨ ᠵᠢᠯ ᠳᠤ 100 ᠲᠦᠮᠡᠨ ᠲᠣᠨ ᠨᠡᠭᠦᠷᠡᠰᠦ ᠦᠶᠯᠡᠳᠪᠦᠷᠢᠯᠡᠬᠦ ᠡᠲ᠋ᠠ ᠬᠤᠶᠠᠷᠴᠢ ᠠᠯᠺᠣᠣᠯ ᠤᠨ ᠲᠥᠷᠥᠯ ᠵᠦᠶᠯ ᠤᠨ ᠲᠤᠬᠠᠶ ᠶᠢᠨ ᠭᠠᠵᠠᠷ᠂ ᠶᠢᠨ ᠾᠧ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠳᠤ ᠬᠦᠷᠴᠦ᠂ ᠲᠥᠷᠥᠯ ᠵᠦᠶᠯ ᠤᠨ ᠲᠥᠯᠥᠪᠵᠢᠭᠦᠯᠪᠡ᠂ ᠭᠠᠷ ᠤᠷᠠᠯᠠᠯ ᠤᠨ ᠶᠠᠪᠤᠴᠠ᠂ ᠪᠠᠷᠢᠯᠭ᠎ᠠ ᠶᠢᠨ ᠠᠬᠢᠴᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠥᠷᠥᠯ ᠵᠦᠶᠯ ᠤᠨ ᠪᠦᠲᠦᠭᠡᠨ ᠪᠠᠢᠭᠤᠯᠤᠯᠲᠠ ᠳᠤ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠲᠤᠬᠠᠶ ᠶᠢᠨ ᠭᠠᠵᠠᠷ ᠲᠤᠨᠢ ᠰᠤᠳᠤᠯᠤᠨ ᠰᠢᠶᠳᠪᠦᠷᠢᠯᠡᠪᠡ᠃      ᠯᠢ ᠴᠦᠨ ᠶᠠᠨ ᠴᠢᠬᠤᠯᠠᠴᠢᠯᠠᠭᠰᠠᠨ ᠨᠢ᠂ ᠵᠢᠤ ᠲᠠᠢ ᠰᠢᠨ᠎ᠡ ᠮᠠᠲ᠋ᠧᠷᠢᠶᠠᠯ ᠤᠨ ᠺᠣᠮᠫᠠᠨᠢ ᠶᠢᠨ ᠵᠢᠯ ᠳᠤ 100 ᠲᠦᠮᠡᠨ ᠲᠣᠨ ᠨᠡᠭᠦᠷᠡᠰᠦ ᠦᠶᠯᠡᠳᠪᠦᠷᠢᠯᠡᠬᠦ ᠡᠲ᠋ᠠ ᠬᠤᠶᠠᠷᠴᠢ ᠠᠯᠺᠣᠣᠯ ᠤᠨ ᠲᠥᠷᠥᠯ ᠵᠦᠶᠯ ᠢ ᠤᠷᠤᠭᠰᠢᠲᠠᠶ ᠠᠬᠢᠭᠤᠯᠤᠭᠰᠠᠨ ᠶᠠᠪᠤᠳᠠᠯ ᠪᠣᠯ ᠲᠤᠭᠳᠠᠬᠤ ᠰᠢᠶᠠᠨ ᠤ ᠭᠤᠤᠯᠳᠠᠯᠭ᠎ᠠ ᠲᠠᠢ ᠲᠥᠷᠥᠯ ᠵᠦᠶᠯ ᠤᠨ ᠪᠣᠭᠤᠮᠲᠠ ᠰᠢᠪᠲᠤᠯᠬᠤ ᠶᠢ ᠠᠬᠢᠭᠤᠯᠬᠤ ᠳᠤᠮᠳᠠᠬᠢ ᠴᠢᠬᠤᠯᠠ ᠨᠢᠭᠡ ᠭᠤᠭᠴᠤᠭ᠎ᠠ ᠪᠣᠯᠤᠨ᠎ᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ  ᠲᠤᠭᠤᠰᠢᠯᠠᠭᠤᠯᠵᠦ᠂ ᠲᠥᠷᠥᠯ ᠵᠦᠶᠯ ᠢ ᠠᠳᠬᠤᠬᠤ᠂ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ ᠪᠠᠷ ᠴᠢᠨᠠᠷ ᠰᠠᠶᠢᠲᠠᠶ ᠬᠥᠭᠵᠢᠯᠲᠡ ᠶᠢᠨ ᠴᠢᠬᠤᠯᠠ ᠭᠠᠷᠤᠴᠠ ᠪᠣᠯᠭᠠᠵᠤ᠂ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠦᠶᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠲᠤᠭᠳᠠᠬᠤ ᠰᠢᠶᠠᠨ ᠤ ᠴᠢᠨᠠᠷ ᠰᠠᠶᠢᠲᠠᠶ ᠬᠥᠭᠵᠢᠯᠲᠡ ᠶᠢᠨ ᠴᠢᠭᠯᠡᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ ᠭᠡᠪᠡ᠃      ᠯᠢ ᠴᠦᠨ ᠶᠠᠨ ᠵᠢᠭᠠᠵᠤ ᠭᠠᠷᠭᠠᠭᠰᠠᠨ ᠨᠢ᠂ ᠤᠶᠢᠷ᠎ᠠ ᠶᠢᠨ ᠵᠢᠯ ᠠᠴᠠ ᠨᠠᠰᠢ᠂ ᠲᠤᠭᠳᠠᠬᠤ ᠰᠢᠶᠠᠨ ᠬᠦᠬᠡ ᠤᠰᠤ ᠬᠦᠭᠡᠮᠳᠦᠭ ᠠᠭᠤᠯᠠ ᠪᠤᠯ  ᠲᠠᠷᠤᠢ ᠠᠯᠳᠠ ᠮᠦᠩᠭᠦᠨ ᠠᠭᠤᠯᠠ ᠮᠥᠨ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠠᠭᠠᠷ ᠮᠠᠨᠳᠠᠯ᠂ ᠤᠰᠤ᠂ ᠬᠥᠷᠥᠰᠥ ᠰᠢᠷᠣᠶ ᠵᠡᠷᠭᠡ ᠭᠤᠷᠪᠠᠨ ᠶᠡᠭᠡ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠶᠡᠬᠡᠪᠡᠷ ᠥᠷᠨᠢᠭᠦᠯᠵᠦ᠂ ᠣᠷᠴᠢᠨ ᠠᠬᠤᠢ ᠶᠢᠨ ᠬᠠᠮᠠᠭᠠᠯᠠᠯᠲᠠ ᠶᠢᠨ ᠡᠯ᠎ᠡ ᠵᠦᠶᠯ ᠤᠨ ᠭᠤᠤᠯᠳᠠᠯᠭ᠎ᠠ ᠲᠠᠢ ᠠᠵᠢᠯ ᠢ ᠯᠠᠪᠳᠠᠭᠤᠨ ᠢᠶᠠᠷ ᠠᠬᠢᠭᠤᠯᠵᠤ᠂ ᠣᠷᠴᠢᠨ ᠠᠬᠤᠢ ᠶᠢᠨ ᠪᠠᠶᠢᠳᠠᠯ ᠲᠤᠶᠢᠯ ᠤᠨ ᠶᠡᠭᠡ ᠪᠠᠷ ᠰᠠᠶᠢᠵᠢᠷᠠᠭᠤᠯᠪᠠ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ  ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ  ᠶᠢᠨ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠲᠣᠭᠲᠠᠬᠤ ᠰᠢᠶᠠᠨ ᠤ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ ᠭᠡᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1