ᠲᠤᠭᠳᠠᠬᠤ ᠰᠢᠶᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠣᠰᠬᠤᠨ ᠳᠤ ᠰᠠᠭᠤᠭ᠎ᠠ ᠺᠠᠳ᠋ᠷ ᠤᠨ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2019-11-11
      ᠲᠤᠭᠳᠠᠬᠤ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠣᠰᠬᠤᠨ ᠳᠤ ᠰᠠᠭᠤᠭ᠎ᠠ ᠺᠠᠳ᠋ᠷ ᠤᠨ ᠡᠩᠨᠡᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠣᠰᠬᠤᠨ ᠳᠤ ᠰᠠᠭᠤᠭ᠎ᠠ ᠺᠠᠳ᠋ᠷ ᠢ ᠬᠠᠪᠰᠤᠷᠤᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠣᠨᠣᠪᠴᠢᠲᠠᠶ ᠣᠶᠢᠯᠠᠭᠠᠭᠤᠯᠵᠤ᠂ ᠲᠤᠬᠠᠶᠢᠯᠠᠭᠰᠠᠨ ᠠᠵᠢᠯ ᠤᠨ ᠮᠡᠳᠡᠯᠭᠡ ᠶᠢ ᠨᠡᠪᠲᠡᠷᠬᠡᠶ ᠣᠶᠢᠯᠠᠭᠠᠭᠤᠯᠵᠤ᠂ ᠠᠵᠢᠯ ᠤᠨ ᠠᠷᠭ᠎ᠠ ᠶᠢ ᠪᠣᠯᠪᠠᠰᠤᠷᠠᠩᠭᠤᠶ ᠡᠵᠡᠮᠰᠢᠭᠦᠯᠵᠦ᠂ ᠲᠣᠰᠬᠤᠨ ᠳᠤ ᠰᠠᠭᠤᠭ᠎ᠠ ᠺᠠᠳ᠋ᠷ ᠤᠨ ᠠᠵᠢᠯ ᠤᠨ ᠴᠢᠳᠠᠪᠤᠷᠢ᠂ ᠬᠠᠷᠢᠭᠤᠴᠠᠯᠭ᠎ᠠ ᠡᠭᠦᠷᠭᠡᠯᠡᠬᠦ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠶᠢᠨ ᠲᠥᠯᠥᠭᠡ᠂ ᠲᠤᠭᠳᠠᠬᠤ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠣᠰᠬᠤᠨ ᠳᠤ ᠰᠠᠭᠤᠭ᠎ᠠ ᠺᠠᠳ᠋ᠷ ᠤᠨ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠲᠤᠭᠳᠠᠬᠤ ᠰᠢᠶᠠᠨ ᠤ ᠰᠣᠶᠣᠯ ᠤᠨ ᠣᠷᠳᠣᠨ ᠳᠤ ᠬᠢᠴᠢᠶᠡᠯ ᠡᠬᠢᠯᠡᠪᠡ᠃  ᠬᠦᠬᠡᠬᠤᠳᠠ ᠶᠢᠨ ᠲᠣᠮᠢᠯᠠᠨ ᠰᠠᠭᠤᠯᠭᠠᠭᠰᠠᠨ ᠲᠤᠭᠳᠠᠬᠤ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠱᠠᠯᠠᠪᠳᠠᠭᠤᠯᠤᠨ ᠵᠢᠯᠣᠭᠤᠳᠬᠤ ᠲᠤᠭᠤᠶᠢᠯᠠᠩ ᠤᠨ ᠪᠦᠷᠢᠯᠳᠦᠬᠦᠨ᠂ ᠡᠯ᠎ᠡ ᠪᠠᠯᠭᠠᠰᠤᠨ ᠤ ᠶᠠᠳᠠᠭᠤ ᠶᠢ ᠲᠡᠳᠬᠦᠬᠦ ᠠᠩᠭᠢ ᠶᠢᠨ ᠳᠠᠷᠤᠭ᠎ᠠ ᠂ ᠲᠣᠰᠬᠤᠨ ᠳᠤ ᠰᠠᠭᠤᠭ᠎ᠠ ᠺᠠᠳ᠋ᠷ ᠪᠣᠯᠤᠨ ᠲᠣᠰᠬᠤᠨ ᠤ ᠨᠠᠮ ᠤᠨ ᠡᠭᠦᠷ ᠤᠨ ᠱᠦᠵᠢ ᠨᠡᠶᠢᠲᠡ 400 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠪᠠ᠃      ᠬᠤᠷᠠᠯ ᠠᠴᠠ ᠪᠦᠬᠦ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠣᠰᠬᠤᠨ ᠳᠤ ᠰᠠᠭᠤᠬᠤ ᠠᠵᠢᠯ ᠤᠨ ᠸᠢᠳᠢᠣ᠋ ᠪᠠᠷ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠲᠣᠰᠬᠤᠨ ᠳᠤ ᠰᠠᠭᠤᠭ᠎ᠠ ᠺᠠᠳ᠋ᠷᠴᠤᠳ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠪᠣᠷ ᠢᠶᠠᠨ ᠴᠢᠩᠭᠠᠳᠬᠠᠨ᠂ ᠨᠠᠷᠢᠨ ᠬᠢᠨᠠᠮᠠᠭᠠᠶ ᠰᠤᠷᠤᠯᠴᠠᠵᠤ᠂ ᠰᠤᠷᠤᠭᠰᠠᠨ ᠢᠶᠠᠨ ᠬᠡᠷᠡᠭᠯᠡᠬᠦ ᠶᠢ ᠪᠠᠲᠤᠯᠠᠬᠤ ᠬᠡᠷᠡᠭᠲᠡᠶ᠃ ᠲᠣᠰᠬᠤᠨ ᠳᠤ ᠰᠠᠭᠤᠬᠤ ᠠᠵᠢᠯ ᠤᠨ ᠡᠯ᠎ᠡ ᠵᠦᠢᠯ ᠤᠨ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠭᠡᠵᠦ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢ ᠬᠦᠴᠦᠷᠬᠡᠭᠵᠢᠭᠦᠯᠬᠦ᠂ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠶᠢ ᠠᠬᠢᠭᠤᠯᠬᠤ᠂ ᠣᠯᠠᠨ ᠲᠦᠮᠡᠨ ᠲᠠᠢ ᠬᠠᠷᠢᠯᠴᠠᠬᠤ ᠪᠠ ᠣᠯᠠᠨ ᠲᠦᠮᠡᠨ ᠳᠤ ᠦᠢᠯᠡᠴᠢᠯᠡᠬᠦ᠂ ᠠᠯᠤᠰ ᠬᠡᠲᠦ ᠶᠢᠨ ᠬᠥᠭᠵᠢᠯᠲᠡ ᠶᠢ ᠰᠦᠪᠡᠭᠴᠢᠯᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ᠂ ᠭᠤᠤᠯ ᠰᠡᠳᠦᠪᠲᠦ ᠬᠥᠮᠦᠵᠢᠯ ᠤᠨ ᠥᠷᠨᠢᠯᠲᠡ ᠶᠢ ᠠᠬᠢᠭᠤᠯᠬᠤ ᠵᠡᠷᠭᠡ ᠲᠣᠰᠬᠤᠨ ᠳᠤ ᠰᠠᠭᠤᠬᠤ ᠡᠯ᠎ᠡ ᠵᠦᠢᠯ ᠤᠨ ᠠᠵᠢᠯ ᠤᠨ ᠡᠭᠦᠷᠭᠡ ᠶᠢ ᠪᠡᠶᠡᠯᠡᠭᠦᠯᠬᠦ ᠬᠡᠷᠡᠭᠲᠡᠶ᠃ ᠢᠳᠡᠵᠦ ᠤᠤᠭᠤᠬᠤ ᠬᠤᠨᠣᠵᠤ ᠬᠡᠪᠲᠡᠬᠦ ᠳᠦᠷᠢᠮ᠂ ᠠᠵᠢᠯ ᠳᠤ ᠭᠠᠷᠬᠤ ᠶᠢ ᠰᠢᠯᠭᠠᠬᠤ ᠴᠢᠯᠥᠭᠡ ᠭᠤᠶᠤᠬᠤ ᠳᠦᠷᠢᠮ᠂ ᠡᠷᠦᠬᠡ ᠳᠤ ᠬᠦᠷᠴᠦ ᠬᠠᠪᠰᠤᠷᠤᠨ ᠲᠡᠳᠬᠦᠬᠦ ᠳᠦᠷᠢᠮ᠂ ᠠᠵᠢᠯ ᠤᠨ ᠮᠡᠳᠡᠭᠦᠯᠦᠯᠲᠡ ᠶᠢᠨ ᠳᠦᠷᠢᠮ᠂ ᠰᠠᠬᠢᠯᠭ᠎ᠠ ᠪᠠᠲᠤ ᠶᠢᠨ ᠬᠢᠵᠠᠭᠠᠷᠯᠠᠯ ᠤᠨ ᠳᠦᠷᠢᠮ ᠵᠡᠷᠭᠡ ᠳᠦᠷᠢᠮ ᠢ ᠴᠢᠩᠭ᠎ᠠ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠣᠰᠬᠤᠨ ᠳᠤ ᠰᠠᠭᠤᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠶ ᠭᠡᠵᠦ ᠱᠠᠭᠠᠷᠳᠠᠪᠠ᠃      ᠪᠣᠯᠪᠠᠰᠤᠷᠠᠯ ᠤᠨ ᠠᠩᠭᠢ ᠳᠤ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠶᠦᠨ ᡁᠢ ᠢᠦᠶ ︽ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠰᠤᠷᠤᠯᠴᠠᠨ ᠲᠤᠭᠤᠰᠢᠯᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠯᠠᠪᠳᠠᠭᠤᠨ ᠪᠠᠲᠤᠲᠠᠶ ᠠᠬᠢᠭᠤᠯᠤᠶ᠎ᠠ︾ ᠭᠡᠬᠦ ᠲᠤᠰᠬᠠᠶ ᠰᠡᠳᠦᠪᠲᠦ ᠲᠠᠶᠢᠯᠤᠮᠵᠢ ᠬᠢᠵᠦ᠂ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠴᠢᠬᠤᠯᠠ ᠥᠭᠦᠯᠡᠯᠲᠡ ᠵᠢᠴᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ ᠲᠤᠬᠠᠶᠢᠯᠠᠭᠰᠠᠨ ᠠᠵᠢᠯ ᠤᠨ ᠮᠡᠳᠡᠯᠭᠡ ᠵᠡᠷᠭᠡ ᠠᠭᠤᠯᠭ᠎ᠠ ᠶᠢ ᠠᠮᠢᠳᠤᠯᠢᠭ ᠢᠶᠠᠷ ᠪᠠᠭᠲᠠᠭᠠᠵᠠᠶ︔ ᠡᠭᠦᠨ ᠤ ᠬᠠᠮᠲᠤ᠂ ᠪᠣᠯᠪᠠᠰᠤᠷᠠᠯ ᠤᠨ ᠠᠩᠭᠢ ᠪᠠᠰᠠ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠤᠨ ᠲᠣᠰᠬᠤᠨ ᠤ ᠨᠠᠮ ᠤᠨ ᠡᠭᠦᠷ ᠤᠨ ᠱᠦᠵᠢ ᠶᠢᠨ ᠲᠥᠯᠥᠭᠡᠯᠡᠭᠴᠢ ᠶᠢ ᠤᠷᠢᠵᠤ ᠬᠥᠳᠡᠭᠡ ᠲᠣᠰᠬᠤᠨ ᠪᠣᠯᠤᠨ ᠣᠯᠠᠨ ᠲᠦᠮᠡᠨ ᠤ ᠠᠵᠢᠯ ᠢ ᠰᠠᠶᠢᠲᠤᠷ ᠬᠢᠬᠦ ᠲᠤᠬᠠᠶ ᠤᠪᠤᠷ ᠢᠶᠠᠨ ᠢᠯᠡᠷᠡᠭᠦᠯᠵᠡᠶ᠃      ᠲᠣᠰ ᠤᠳᠠᠭᠠᠨ ᠤ ᠪᠣᠯᠪᠠᠰᠤᠷᠠᠯ ᠨᠢ ᠲᠣᠰᠬᠤᠨ ᠳᠤ ᠰᠠᠭᠤᠭ᠎ᠠ ᠺᠠᠳ᠋ᠷ ᠤᠨ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠳᠤ ᠴᠢᠭᠯᠡᠯ ᠢ ᠲᠣᠳᠣᠷᠬᠠᠶ ᠵᠢᠭᠠᠨ ᠥᠭᠴᠦ᠂ ᠠᠷᠭ᠎ᠠ ᠶᠢ ᠤᠯᠠᠮᠵᠢᠯᠠᠪᠠ᠃ ᠪᠣᠯᠪᠠᠰᠤᠷᠠᠯ ᠬᠦᠷᠲᠡᠭᠰᠡᠨ ᠰᠤᠷᠤᠭᠴᠢᠳ᠂ ᠬᠤᠶᠢᠰᠢᠳᠠ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠨᠠᠩ ᠰᠠᠶᠢᠲᠤᠷ ᠭᠦᠢᠴᠡᠳᠭᠡᠵᠦ᠂ ᠪᠣᠳᠠᠲᠤ ᠠᠵᠢᠯᠯᠠᠭ᠎ᠠ ᠪᠠᠷ ᠢᠶᠠᠨ ᠤᠳᠠᠯ ᠥᠬᠡᠶ ᠬᠦᠷᠴᠦ ᠢᠷᠡᠬᠦ ᠭᠡᠵᠦ ᠪᠠᠶᠢᠭ᠎ᠠ ᠶᠠᠳᠠᠭᠤ ᠶᠢ ᠲᠡᠳᠬᠦᠭᠰᠡᠨ ᠦᠷ᠎ᠡ ᠪᠦᠲᠦᠮᠵᠢ ᠶᠢᠨ ᠣᠨ ᠤ ᠬᠢᠨᠠᠨ ᠰᠢᠯᠭᠠᠯᠲᠠ ᠳᠤ ᠨᠢᠭᠡ ᠬᠤᠪᠢ ᠬᠠᠨᠤᠮᠵᠢ ᠲᠠᠢ ᠬᠠᠭᠤᠳᠠᠰᠦ ᠲᠤᠰᠢᠶᠠᠨ᠎ᠠ ᠭᠡᠵᠦ ᠢᠯᠡᠳᠬᠡᠵᠡᠭᠡᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1