ᠬᠦᠬᠡᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠲᠣᠭᠲᠠᠬᠤ ᠰᠢᠶᠠᠨ ᠤ 2018 ᠣᠨ ᠤ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ ᠶᠢ ᠳᠡᠮᠵᠢᠬᠦ ᠪᠠ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠲᠥᠷᠥᠯ ᠵᠦᠢᠯ ᠤᠨ ᠠᠮᠵᠢᠯᠲᠠ ᠪᠦᠲᠦᠮᠵᠢ ᠶᠢᠨ ᠬᠢᠨᠠᠨ ᠰᠢᠯᠭᠠᠯᠲᠠ ᠬᠢᠪᠡ
ᠨᠡᠶᠢᠲᠡᠯᠡᠭᠰᠡᠨ ᠴᠠᠭ᠄
2019-11-11
      ᠤᠶᠢᠷ᠎ᠠ ᠳᠤ᠂ ᠬᠦᠬᠡᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠡᠵᠡᠩᠨᠡᠨ ᠬᠠᠮᠢᠶᠠᠷᠬᠤ ᠥᠷᠲᠡᠭᠡ ᠪᠠ ᠠᠵᠤ ᠠᠬᠤᠢ ᠶᠢᠨ ᠬᠠᠮᠲᠤᠷᠠᠯᠴᠠᠭᠠᠨ ᠤ ᠵᠢᠯᠣᠭᠤᠳᠬᠤ ᠰᠠᠯᠠᠭ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠶᠠᠷ ᠪᠦᠷᠢᠯᠳᠦᠭᠰᠡᠨ ᠲᠥᠷᠥᠯ ᠵᠦᠢᠯ ᠤᠨ ᠬᠢᠨᠠᠨ ᠰᠢᠯᠭᠠᠬᠤ ᠳᠤᠭᠤᠶᠢᠯᠠᠩ ᠲᠣᠭᠲᠠᠬᠤ ᠰᠢᠶᠠᠨ ᠤ 2018 ᠣᠨ ᠤ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ ᠶᠢ ᠳᠡᠮᠵᠢᠬᠦ ᠪᠠ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠲᠥᠷᠥᠯ ᠵᠦᠢᠯ ᠳᠤ ᠠᠮᠵᠢᠯᠲᠠ ᠪᠦᠲᠦᠮᠵᠢ ᠶᠢᠨ ᠬᠢᠨᠠᠨ ᠰᠢᠯᠭᠠᠯᠲᠠ ᠬᠢᠪᠡ᠃      ᠬᠢᠨᠠᠨ ᠰᠢᠯᠭᠠᠬᠤ ᠲᠤᠭᠤᠶᠢᠯᠠᠩ ᠤᠨ ᠬᠢᠨ ᠲᠤᠬᠠᠶ ᠶᠢᠨ ᠲᠠᠯᠠᠪᠠᠢ ᠳᠤ ᠪᠠᠶᠢᠴᠠᠭᠠᠨ ᠦᠵᠡᠬᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠶᠢᠨ ᠬᠢᠨ ᠪᠠᠶᠢᠴᠠᠭᠠᠨ ᠦᠵᠡᠬᠦ᠂ ᠬᠠᠮᠢᠶ᠎ᠠ ᠪᠦᠬᠦᠢ ᠮᠠᠲ᠋ᠧᠷᠢᠶᠠᠯ ᠢ ᠪᠠᠶᠢᠴᠠᠭᠠᠨ ᠦᠵᠡᠬᠦ᠂ ᠲᠥᠷᠥᠯ  ᠵᠦᠢᠯ ᠤᠨ ᠬᠡᠷᠡᠭᠵᠢᠭᠦᠯᠬᠦ ᠲᠥᠰᠦᠯ ᠲᠠᠢ ᠬᠠᠷᠢᠴᠠᠭᠤᠯᠵᠤ ᠪᠠᠶᠢᠭᠠᠳ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠢ ᠶᠢ ᠪᠠᠶᠢᠴᠠᠭᠠᠨ ᠦᠵᠡᠬᠦ᠂ ᠪᠣᠳᠠᠲᠤ ᠶᠠᠭᠤᠮ᠎ᠠ ᠶᠢ ᠬᠠᠷᠭᠤᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ᠂ ᠲᠣᠰ ᠲᠣᠰ ᠲᠤᠭᠳᠠᠬᠤ ᠰᠢᠶᠠᠨ ᠤ ᠯᠢᠦᠶ ᠴᠦᠨ ᠲᠡᠵᠢᠭᠡᠨ ᠦᠷᠡᠵᠢᠭᠦᠯᠬᠦ ᠲᠤᠰᠬᠠᠶ ᠬᠤᠷᠰᠢᠶ᠎ᠠ ᠶᠢᠨ ᠮᠡᠳᠡᠭᠦᠯᠦᠭᠰᠡᠨ ᠠᠯᠠᠰᠢᠨ ᠡᠯᠵᠢᠭᠡ ᠲᠡᠵᠢᠭᠡᠨ ᠦᠷᠡᠵᠢᠭᠦᠯᠬᠦ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠤᠨ ᠢᠨᠵᠧᠨᠧᠷᠢᠩ᠂ ᠲᠤᠭᠳᠠᠬᠤ ᠰᠢᠶᠠᠨ ᠤ ᠵᠤᠤ ᠸᠠᠨ ᠬᠠᠳᠤᠨ ᠭᠤᠤᠯ ᠤᠨ ᠵᠢᠭᠠᠰᠤ ᠲᠡᠵᠢᠭᠡᠨ ᠦᠷᠡᠵᠢᠭᠦᠯᠬᠦ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠬᠤᠳᠠᠯᠳᠤᠨ ᠠᠪᠤᠭᠰᠠᠨ ᠭᠠᠵᠠᠷ ᠲᠡᠭᠰᠢᠯᠡᠬᠦ ᠬᠠᠮᠲᠤᠷᠠᠭᠰᠠᠨ ᠮᠠᠰᠢᠨ᠂ ᠲᠤᠭᠳᠠᠬᠤ ᠰᠢᠶᠠᠨ ᠤ ᠢ ᠯᠢᠦ ᠸᠠᠨ ᠤ ᠤᠯᠠᠭᠠᠨ ᠯᠠᠵᠤᠤ ᠲᠤᠰᠬᠠᠶ ᠬᠤᠷᠰᠢᠶ᠎ᠠ ᠶᠢᠨ ᠮᠡᠳᠡᠭᠦᠯᠦᠭᠰᠡᠨ ᠬᠤᠶᠠᠷ ᠢᠳᠡᠰᠢᠨ ᠨᠣᠭᠤᠭ᠎ᠠ ᠶᠢᠨ ᠲᠣᠮᠣ ᠫᠧᠩ ᠤᠨ ᠲᠥᠷᠥᠯ ᠵᠦᠢᠯ ᠤᠨ ᠢᠨᠵᠧᠨᠧᠷᠢᠩ ᠢ ᠰᠤᠭᠤᠴᠢᠨ ᠪᠠᠶᠢᠴᠠᠭᠠᠪᠠ᠃ ᠶᠡᠷᠦᠩᠬᠡᠶᠢᠯᠡᠭᠰᠡᠨ ᠰᠢᠨᠵᠢᠯᠡᠨ ᠪᠠᠶᠢᠴᠠᠭᠠᠯᠲᠠ ᠪᠠᠷ ᠳᠠᠮᠵᠢᠨ᠂ ᠡᠯ᠎ᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠶᠢᠨ ᠲᠥᠷᠥᠯ ᠵᠦᠢᠯ ᠤᠨ ᠢᠨᠵᠧᠨᠧᠷᠢᠩ ᠨᠢᠭᠡᠨᠲᠡ ᠪᠦᠬᠦ ᠲᠠᠯ᠎ᠠ ᠪᠠᠷ ᠪᠠᠷᠢᠯᠭ᠎ᠠ ᠳᠠᠭᠤᠰᠴᠤ᠂ ᠳᠣᠲᠣᠭᠠᠳᠤ ᠦᠢᠯᠡᠰ ᠤᠨ ᠮᠠᠲ᠋ᠧᠷᠢᠶᠠᠯ ᠪᠦᠷᠢᠨ ᠭᠦᠢᠴᠡᠳ ᠪᠠᠶᠢᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠴᠥᠮ ᠲᠡᠭᠦᠰ ᠠᠮᠵᠢᠯᠲᠠ ᠲᠠᠢ ᠪᠡᠶᠡᠯᠡᠭᠦᠯᠪᠡ᠃ ᠬᠢᠨᠠᠨ ᠰᠢᠯᠭᠠᠬᠤ ᠳᠤᠭᠤᠶᠢᠯᠠᠩ ᠠᠴᠠ ᠲᠣᠭᠲᠠᠬᠤ ᠰᠢᠶᠠᠨ ᠤ 2018 ᠣᠨ ᠤ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ ᠶᠢ ᠳᠡᠮᠵᠢᠬᠦ ᠪᠠ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠡᠭᠡᠳᠦ ᠬᠡᠮᠵᠢᠶ᠎ᠡ ᠪᠠᠷ ᠦᠨᠡᠯᠡᠪᠡ᠃      ᠡᠨᠡ ᠬᠦ ᠠᠵᠢᠯ ᠢ ᠥᠷᠨᠢᠭᠦᠯᠦᠭᠰᠡᠨ ᠨᠢ ᠲᠤᠭᠳᠠᠬᠤ ᠰᠢᠶᠠᠨ ᠤ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ ᠪᠣᠯᠤᠨ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠬᠥᠭᠵᠢᠨ ᠪᠤᠵᠠᠭᠠᠶᠢᠷᠠᠬᠤ ᠳᠤ ᠢᠳᠡᠪᠬᠢᠲᠡᠢ ᠨᠥᠯᠥᠭᠡ ᠦᠵᠡᠭᠦᠯᠵᠡᠶ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1