ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠪᠠᠶᠢᠴᠠᠭᠠᠨ ᠰᠤᠳᠤᠯᠠᠬᠤ ᠲᠤᠭᠤᠶᠢᠯᠠᠩ ᠤᠨ ᠬᠢᠨ ᠲᠣᠭᠲᠠᠬᠤ ᠰᠢᠶᠠᠨ ᠳᠤ ᠬᠦᠷᠴᠦ ᠬᠠᠳᠤᠨ ᠭᠤᠤᠯ ᠤᠨ ᠰᠠᠪᠠ ᠭᠠᠵᠠᠷ ᠤᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠴᠢᠨᠠᠷ ᠰᠠᠶᠢᠲᠠᠶ ᠬᠥᠭᠵᠢᠯᠲᠡ ᠳᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2019-11-11
      11 ᠰᠠᠷ᠎ᠠ ᠶᠢᠨ 6 ᠤ ᠡᠳᠦᠷ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠤᠨ  ᠶᠡᠷᠦᠩᠬᠡᠶᠢᠯᠡᠭᠰᠡᠨ ᠲᠡᠭᠡᠭᠡᠪᠦᠷᠢ ᠶᠢᠨ ᠰᠤᠳᠤᠯᠭᠠᠨ ᠤ ᠭᠠᠵᠠᠷ ᠤᠨ ᠳᠡᠳ᠋ ᠳᠠᠷᠤᠭ᠎ᠠ᠂ ᠳᠡᠳ᠋ ᠰᠤᠳᠤᠯᠤᠭᠴᠢ ᠡᠦ ᠸᠧᠨ ᠬᠤᠸᠠ ᠶᠢᠨ ᠳᠠᠭᠠᠭᠤᠯᠤᠭᠰᠠᠨ ᠪᠠᠶᠢᠴᠠᠭᠠᠨ  ᠠᠤᠳᠤᠯᠠᠬᠤ ᠳᠤᠭᠤᠶᠢᠯᠠᠩ ᠲᠤᠭᠳᠠᠬᠤ ᠰᠢᠶᠠᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠭᠤᠤ ᠱᠢ ᠴᠢᠨ᠂ ᠬᠤᠲᠠ ᠶᠢᠨ ᠳᠡᠳ᠋ ᠳᠠᠷᠤᠭ᠎ᠠ ᠯᠢᠦ ᠸᠧᠨ ᠢᠦᠶ᠂ ᠲᠣᠭᠲᠠᠬᠤ ᠰᠢᠶᠠᠨ ᠤ ᠤᠳᠤᠷᠢᠳᠤᠯᠭ᠎ᠠ ᠯᠢ ᠴᠦᠨ ᠶᠠᠨ᠂ ᠯᠢᠦ ᡁᠢ ᠴᠢᠶᠠᠩ᠂ ᠥᠪᠡᠷᠲᠡᠭᠡᠨ ᠵᠠᠰᠠᠬᠤ ᠣᠷᠣᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃        ᠪᠠᠶᠢᠴᠠᠭᠠᠨ ᠰᠤᠳᠤᠯᠠᠬᠤ ᠲᠤᠭᠤᠶᠢᠯᠠᠩ ᠤᠨ ᠬᠢᠨ ᠡᠩ ᠲᠡᠷᠢᠭᠦᠨ ᠳᠤ ᠵᠢᠤ ᠲᠠᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠵᠢᠯ ᠳᠤ 100 ᠲᠦᠮᠡᠨ ᠲᠣᠨ ᠨᠡᠭᠦᠷᠡᠰᠦ ᠦᠢᠯᠡᠳᠪᠦᠷᠢᠯᠡᠬᠦ ᠡᠲ᠋ᠠ ᠬᠤᠶᠠᠷᠴᠢ ᠠᠯᠺᠣᠣᠯ ᠤᠨ ᠲᠥᠷᠥᠯ ᠵᠦᠢᠯ ᠢ ᠪᠠᠶᠢᠴᠠᠭᠠᠨ ᠰᠤᠳᠤᠯᠵᠤ᠂ ᠳᠠᠷᠠᠭ᠎ᠠ ᠨᠢ ᠬᠠᠳᠤᠨ ᠭᠤᠤᠯ ᠤᠨ ᠰᠠᠪᠠ ᠭᠠᠵᠠᠷ ᠤᠨ ᠵᠠᠮ ᠬᠠᠷᠢᠯᠴᠠᠭ᠎ᠠ ᠪᠣᠯᠤᠨ ᠡᠨᠧᠷᠭᠢ᠂ ᠤᠰᠤᠨ ᠠᠰᠢᠭᠯᠠᠯᠲᠠ᠂ ᠮᠡᠳᠡᠭᠡ ᠵᠠᠩᠭᠢ ᠵᠡᠷᠭᠡ ᠰᠠᠭᠤᠷᠢ ᠲᠥᠬᠦᠭᠡᠷᠦᠮᠵᠢ ᠶᠢᠨ ᠴᠢᠨᠠᠷ ᠰᠠᠶᠢᠲᠠᠶ ᠬᠥᠭᠵᠢᠯᠲᠡ ᠶᠢᠨ ᠲᠤᠬᠠᠶ ᠰᠠᠨᠠᠯ ᠢᠶᠠᠨ ᠰᠣᠯᠢᠯᠴᠠᠨ ᠶᠠᠷᠢᠯᠴᠠᠪᠠ᠃      ᠶᠠᠷᠢᠯᠴᠠᠬᠤ ᠬᠤᠷᠠᠯ ᠳᠡᠭᠡᠷ᠎ᠡ᠂ ᠲᠣᠭᠲᠠᠬᠤ ᠰᠢᠶᠠᠨ᠂ ᠬᠤᠲᠠ ᠶᠢᠨ ᠨᠢᠰᠬᠡᠯ ᠤᠨ ᠪᠠᠭᠤᠳᠠᠯ ᠤᠨ ᠲᠡᠮᠦᠷ ᠵᠠᠮ ᠤᠨ ᠠᠯᠪᠠᠨ ᠭᠡᠷ᠂ ᠲᠡᠮᠦᠷ ᠵᠠᠮ ᠤᠨ ᠺᠣᠮᠫᠠᠨᠢ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠦᠬᠡᠬᠤᠳᠠ ᠶᠢᠨ ᠬᠠᠷᠢᠶ᠎ᠠ ᠲᠣᠭᠤᠷᠢᠭ ᠤᠨ ᠳᠣᠲᠣᠷᠠᠬᠢ ᠬᠠᠳᠤᠨ ᠭᠤᠤᠯ ᠤᠨ ᠰᠠᠪᠠ ᠭᠠᠵᠠᠷ ᠤᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ᠂ ᠵᠠᠰᠠᠮᠠᠯ ᠵᠠᠮ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠵᠡᠷᠭᠡ ᠲᠠᠯ᠎ᠠ ᠶᠢᠨ ᠴᠢᠨᠠᠷ ᠰᠠᠶᠢᠲᠠᠶ ᠬᠥᠭᠵᠢᠯᠲᠡ ᠶᠢᠨ ᠪᠠᠶᠢᠳᠠᠯ ᠵᠢᠴᠢ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠡ︔ ᠲᠡᠷᠡᠴᠢᠯᠡᠨ ᠲᠣᠰ ᠲᠣᠰ ᠤᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠴᠢᠨᠠᠷ ᠰᠠᠶᠢᠲᠠᠶ ᠬᠥᠭᠵᠢᠯᠲᠡ ᠶᠢᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠶ ᠰᠠᠨᠠᠯ ᠰᠠᠨᠠᠭᠤᠯᠭ᠎ᠠ ᠳᠤᠷᠠᠳᠴᠠᠶ᠃       ᠬᠤᠲᠠ ᠶᠢᠨ ᠳᠡᠳ᠋ ᠳᠠᠷᠤᠭ᠎ᠠ ᠯᠢᠦ ᠸᠧᠨ ᠢᠦᠶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠡᠮᠦᠨ᠎ᠡ ᠠᠴᠠ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠨ ᠤᠷᠲᠤ ᠬᠤᠭᠤᠴᠠᠭᠠᠨ ᠤ ᠲᠤᠷᠰᠢ ᠬᠦᠬᠡᠬᠤᠳᠠ ᠶᠢᠨ ᠬᠥᠭᠵᠢᠯᠲᠡ ᠳᠤ ᠦᠵᠡᠭᠦᠯᠦᠭᠰᠡᠨ ᠬᠦᠴᠦᠲᠡᠶ ᠳᠡᠮᠵᠢᠯᠭᠡ ᠪᠠ ᠬᠠᠪᠰᠤᠷᠤᠯᠭ᠎ᠠ ᠳᠤ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠪᠡ᠃ ᠬᠤᠲᠠ ᠶᠢᠨ ᠳᠡᠳ᠋ ᠳᠠᠷᠤᠭ᠎ᠠ ᠯᠢᠦ ᠸᠧᠨ ᠢᠦᠶ᠂ ᠳᠠᠷᠠᠭᠠᠴᠢ ᠶᠢᠨ ᠠᠯᠬᠤᠮ ᠳᠤ᠂  ᠬᠦᠬᠡᠬᠤᠳᠠ ᠶᠢᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠢᠳᠠᠪᠤᠷᠢᠵᠢᠭᠤᠯᠬᠤ᠂ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠬᠠᠳᠤᠨ ᠭᠤᠤᠯ ᠤᠨ ᠰᠠᠪᠠ ᠭᠠᠵᠠᠷ ᠤᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃ ᠡᠭᠦᠨ ᠤ ᠬᠠᠮᠲᠤ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠦᠬᠡᠬᠤᠳᠠ ᠶᠢᠨ ᠬᠥᠭᠵᠢᠯᠲᠡ ᠳᠤ ᠨᠠᠩ ᠣᠯᠠᠨ ᠬᠠᠪᠰᠤᠷᠤᠯᠭ᠎ᠠ ᠪᠠ ᠵᠢᠯᠣᠭᠤᠳᠣᠯᠭ᠎ᠠ ᠦᠵᠡᠭᠦᠯᠬᠦ ᠶᠢ ᠬᠦᠰᠡᠵᠦ ᠪᠠᠶᠢᠨ᠎ᠠ ᠭᠡᠪᠡ᠃      ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠶᠡᠷᠦᠩᠬᠡᠶᠢᠯᠡᠭᠰᠡᠨ ᠲᠡᠭᠡᠭᠡᠪᠦᠷᠢ ᠶᠢᠨ ᠰᠤᠳᠤᠯᠭᠠᠨ ᠤ ᠭᠠᠵᠠᠷ ᠤᠨ ᠳᠡᠳ᠋ ᠳᠠᠷᠤᠭ᠎ᠠ᠂ ᠳᠡᠳ᠋ ᠰᠤᠳᠤᠯᠤᠭᠴᠢ ᠡᠤ ᠸᠧᠨ ᠬᠤᠸᠠ ᠬᠠᠳᠤᠨ ᠭᠤᠤᠯ ᠤᠨ ᠰᠠᠪᠠ ᠭᠠᠵᠠᠷ ᠤᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠬᠥᠭᠵᠢᠯᠲᠡ ᠶᠢᠨ ᠪᠠᠶᠢᠳᠠᠯ ᠢ ᠭᠦᠢᠴᠡᠳ ᠨᠤᠲᠠᠯᠠᠪᠠ ᠃ ᠲᠡᠷᠡ ᠵᠢᠭᠠᠵᠤ ᠭᠠᠷᠭᠠᠭᠰᠠᠨ ᠢᠶᠠᠷ᠂ ᠬᠠᠳᠤᠨ ᠭᠤᠤᠯ ᠤᠨ ᠰᠠᠪᠠ ᠭᠠᠵᠠᠷ ᠤᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠰᠤᠳᠤᠯᠭᠠᠨ ᠤ ᠲᠥᠯᠥᠪᠵᠢᠭᠦᠯᠪᠡ ᠨᠢ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠴᠢᠨᠠᠷ ᠰᠠᠶᠢᠲᠠᠶ ᠬᠥᠭᠵᠢᠯᠲᠡ ᠶᠢᠨ ᠲᠥᠯᠥᠪᠵᠢᠭᠦᠯᠭᠡ ᠶᠢᠨ ᠠᠵᠢᠯ ᠢ ᠰᠠᠶᠢᠲᠤᠷ ᠬᠢᠵᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠣᠷᠣᠨ ᠪᠦᠰᠡ ᠶᠢᠨ ᠠᠵᠤ ᠦᠢᠯᠡᠰ ᠤᠨ ᠬᠥᠭᠵᠢᠯᠲᠡ᠂ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠢᠭᠤᠯᠤᠯᠲᠠ᠂ ᠠᠷᠠᠳ ᠲᠦᠮᠡᠨ ᠤ ᠶᠠᠪᠤᠵᠤ ᠰᠠᠭᠤᠬᠤ ᠳᠤ ᠳᠥᠭᠦᠮ ᠦᠵᠡᠭᠦᠯᠬᠦ ᠵᠡᠷᠭᠡ ᠲᠠᠯ᠎ᠠ ᠲᠠᠢ ᠵᠣᠬᠢᠴᠠᠭᠤᠯᠬᠤ ᠶᠢ ᠪᠠᠷᠢᠮᠲᠠᠯᠠᠬᠤ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠠᠶᠢᠴᠠᠭᠠᠨ ᠰᠤᠳᠤᠯᠵᠤ ᠶᠠᠷᠢᠯᠴᠠᠬᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠠᠷᠢᠨ ᠬᠢᠨᠠᠮᠠᠭᠠᠶ ᠡᠮᠬᠢᠯᠡᠬᠦ ᠶᠢᠨ ᠬᠠᠮᠲᠤ ᠤᠯᠤᠰ ᠤᠨ ᠬᠥᠭᠵᠢᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠵᠦ᠂ ᠤᠯᠤᠰ ᠤᠨ ᠲᠡᠰ ᠳᠠᠪᠬᠤᠷᠭ᠎ᠠ ᠶᠢᠨ ᠲᠥᠯᠥᠪᠵᠢᠭᠦᠯᠭᠡ ᠠᠴᠠ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠲᠥᠰᠦᠯ ᠢ ᠨᠠᠶᠢᠷᠠᠭᠤᠯᠤᠨ ᠵᠣᠬᠢᠶᠠᠬᠤ ᠳᠤ ᠳᠥᠭᠦᠮ ᠦᠵᠡᠭᠦᠯᠵᠦ᠂ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1