11 ᠳ᠋ᠦᠭᠡᠷ ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ | ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ ᠲᠣᠭᠲᠠᠬᠤ ᠰᠢᠶᠠᠨ ᠤ ᠪᠣᠬᠢᠷᠲᠤᠯ | ᠦᠭᠡᠢ ᠡᠷᠭᠢᠯᠲᠡ ᠳᠤ ᠲᠠᠷᠢᠶᠠᠯᠠᠩ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ ᠭᠦᠨᠵᠡᠭᠡᠶᠢᠷᠡᠨ ᠬᠤᠵᠢᠷᠯᠢᠭ | ᠭᠠᠵᠠᠷ ᠢ ᠥᠭᠡᠷᠡᠴᠢᠯᠡᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠪᠠ᠃ | ᠲᠤᠭᠳᠠᠬᠤ ᠰᠢᠶᠠᠨ ᠤ ᠪᠣᠬᠢᠷᠲᠤᠯ ᠦᠭᠡᠢ ᠣᠷᠴᠢᠯ ᠲᠠᠷᠢᠶᠠᠯᠠᠩ ᠤᠨ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠨᠢ ᠬᠤᠵᠢᠷ ᠢ ᠵᠠᠰᠠᠬᠤ᠂ ᠡᠰᠢ ᠰᠦᠢᠷᠡᠯ ᠤᠨ ᠣᠷᠭᠠᠨᠢᠭ ᠪᠣᠷᠳᠣᠭᠤᠷ ᠢ ᠲᠠᠷᠢᠶᠠᠨ ᠳᠤ ᠣᠷᠣᠭᠤᠯᠬᠤ ᠵᠡᠷᠭᠡ | ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠠᠪᠴᠤ᠂ ᠬᠥᠷᠥᠰᠥ ᠰᠢᠷᠣᠶ ᠶᠢ ᠰᠠᠶᠢᠵᠢᠷᠠᠭᠤᠯᠤᠨ᠎ᠠ᠃ ᠲᠡᠷᠡ ᠵᠢᠭᠠᠵᠤ | ᠭᠠᠷᠭᠠᠭᠰᠠᠨ ᠨᠢ᠂ ᠬᠤᠵᠢᠷᠯᠢᠭ ᠭᠠᠵᠠᠷ ᠢ ᠥᠭᠡᠷᠡᠴᠢᠯᠡᠨ ᠵᠠᠰᠠᠬᠤ ᠨᠢ ᠤᠯᠤᠰ ᠠᠴᠠ ᠠᠮᠤ ᠪᠤᠳᠠᠭᠠᠨ ᠤ ᠠᠮᠤᠷ | ᠲᠦᠪᠰᠢᠨ ᠢ ᠪᠠᠲᠤᠯᠠᠬᠤ᠂ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠳᠤ | ᠴᠥᠮ ᠴᠢᠬᠤᠯᠠ ᠠᠴᠢ ᠬᠤᠯᠪᠣᠭᠳᠠᠯ ᠲᠠᠢ ᠶᠤᠮ᠃ ᠦᠢᠯᠡᠳᠪᠦᠷᠢᠯᠡᠯ ᠪᠠ ᠠᠮᠢ ᠠᠬᠤᠶ ᠶᠢ ᠤᠶᠠᠯᠳᠤᠭᠤᠯᠬᠤ᠂ | ᠢᠨᠵᠧᠨᠧᠷᠢᠩ ᠪᠠ ᠲᠠᠷᠢᠶᠠᠯᠠᠩ ᠤᠨ ᠮᠡᠷᠭᠡᠵᠢᠯ ᠢ ᠤᠶᠠᠯᠳᠤᠭᠤᠯᠬᠤ᠂ ᠭᠠᠵᠠᠷ ᠬᠡᠷᠡᠭᠯᠡᠬᠦ ᠪᠠ ᠲᠠᠷᠢᠶᠠᠨ ᠭᠠᠵᠠᠷ ᠢ | ᠬᠠᠮᠠᠭᠠᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠤᠵᠢᠷᠯᠢᠭ ᠭᠠᠵᠠᠷ ᠢ ᠵᠠᠰᠠᠬᠤ ᠶᠠᠰᠤ ᠴᠢᠨᠠᠷ ᠪᠠ ᠰᠢᠨᠵᠢᠯᠡᠬᠦ | ᠤᠬᠠᠭᠠᠨᠴᠢᠯᠠᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠪᠠ ᠠᠮᠢ ᠠᠬᠤᠢ ᠶᠢᠨ | ᠬᠠᠮᠠᠭᠠᠯᠠᠯᠲᠠ ᠶᠢᠨ ᠵᠣᠬᠢᠴᠠᠩᠭᠤᠶ ᠬᠥᠭᠵᠢᠯᠲᠡ ᠶᠢ ᠪᠡᠶᠡᠯᠡᠭᠦᠯᠬᠦ ᠬᠡᠷᠡᠭᠲᠡᠶ᠃ ᠶᠡᠭᠡ ᠲᠡᠭᠡᠳᠦ ᠰᠤᠷᠭᠠᠭᠤᠯᠢ ᠪᠣᠯᠤᠨ | ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠤᠨ ᠮᠡᠷᠭᠡᠵᠢᠯ ᠤᠨ ᠬᠦᠴᠦᠨ ᠳᠤ ᠲᠦᠰᠢᠭᠯᠡᠨ᠂ | ᠲᠠᠷᠢᠶᠠᠯᠠᠩ ᠳᠤ ᠬᠤᠯᠪᠣᠭᠳᠠᠬᠤ ᠠᠵᠤ ᠠᠬᠤᠶᠢᠯᠠᠯ ᠢ ᠣᠷᠣᠭᠤᠯᠵᠤ᠂ ᠲᠤᠷᠰᠢᠯᠲᠠ ᠬᠢᠵᠦ ᠵᠢᠱᠢᠶ᠎ᠡ ᠦᠵᠡᠭᠦᠯᠬᠦ | ᠠᠵᠢᠯ ᠳᠤ ᠣᠷᠣᠯᠴᠠᠭᠤᠯᠵᠤ᠂ ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠬᠦ ᠬᠡᠷᠡᠭᠲᠡᠶ ᠭᠡᠪᠡ᠃ | ᠮᠠᠨ ᠤ ᠣᠷᠣᠨ ᠳᠤ ᠣᠳᠣ ᠬᠤᠵᠢᠷᠰᠢᠭᠰᠠᠨ ᠲᠠᠷᠢᠶᠠᠨ ᠭᠠᠵᠠᠷ 1580 ᠭᠠᠷᠤᠶ ᠲᠦᠮᠡᠨ ᠮᠤ᠋ ᠳᠤ ᠬᠦᠷᠴᠦ᠂ | ᠣᠳᠣᠬᠠᠨ ᠳᠤ 150 ᠲᠦᠮᠡᠨ ᠮᠤ᠋ ᠳᠤ ᠥᠭᠡᠷᠡᠴᠢᠯᠡᠯᠲᠡ ᠬᠢᠵᠡᠶ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ | ᠴᠢᠬᠤᠯᠠᠴᠢᠯᠠᠭᠰᠠᠨ ᠨᠢ᠂ ᠬᠤᠵᠢᠷᠯᠢᠭ ᠭᠠᠵᠠᠷ ᠢ ᠥᠭᠡᠷᠡᠴᠢᠯᠡᠬᠦ ᠪᠣᠯ ᠨᠢᠭᠡ ᠵᠦᠢᠯ ᠤᠨ ᠠᠵᠢᠯ ᠮᠥᠨ᠂ ᠡᠯ᠎ᠡ ᠭᠠᠵᠠᠷ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠳᠦᠯᠲᠡᠶ ᠳᠤ ᠲᠥᠯᠥᠪᠵᠢᠭᠦᠯᠵᠦ᠂ ᠰᠢᠨᠵᠢᠯᠡᠬᠦ ᠤᠬᠠᠭᠠᠨᠴᠢ ᠪᠠᠷ | ᠠᠬᠢᠭᠤᠯᠵᠤ᠂ ᠬᠤᠵᠢᠷᠯᠢᠭ ᠭᠠᠵᠠᠷ ᠢ ᠥᠭᠡᠷᠡᠴᠢᠯᠡᠬᠦ ᠵᠠᠭᠪᠤᠷ ᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ | ᠲᠤᠬᠢᠷᠠᠭᠤᠯᠤᠨ ᠰᠦᠪᠡᠭᠴᠢᠯᠡᠬᠦ ᠬᠡᠷᠡᠭᠲᠡᠶ᠃ ᠴᠥᠬᠦᠷᠡᠰᠢ ᠦᠭᠡᠢ᠂ ᠤᠳᠠᠭᠠᠨ ᠳᠠᠭᠠᠭᠠᠮᠠᠭᠠᠶ ᠴᠢᠷᠮᠠᠶᠢᠵᠤ᠂ | ᠬᠤᠵᠢᠷᠯᠢᠭ ᠭᠠᠵᠠᠷ ᠢ ᠥᠭᠡᠷᠡᠴᠢᠯᠡᠬᠦ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠵᠦ᠂ ᠵᠠᠰᠠᠭ ᠤᠨ ᠣᠷᠳᠣᠨ | ᠬᠥᠲᠥᠯᠥᠨ ᠵᠢᠯᠣᠭᠤᠳᠤᠭᠰᠠᠨ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠭᠰᠠᠨ᠂ ᠲᠥᠷᠥᠯ ᠵᠦᠢᠯ ᠢ | ᠡᠮᠬᠢᠯᠡᠨ ᠨᠡᠶᠢᠯᠡᠭᠦᠯᠦᠭᠰᠡᠨ᠂ ᠲᠠᠷᠢᠶᠠᠯᠠᠬᠤ ᠡᠷᠦᠬᠡ ᠠᠰᠢᠭ ᠬᠦᠷᠲᠡᠭᠰᠡᠨ ᠲᠠᠷᠢᠶᠠᠨ ᠭᠠᠵᠠᠷ ᠤᠨ ᠶᠠᠰᠤ ᠴᠢᠨᠠᠷ ᠢ | ᠳᠡᠭᠡᠭᠰᠢᠯᠡᠭᠦᠯᠬᠦ ᠬᠡᠷᠡᠭᠲᠡᠶ ᠭᠡᠵᠡᠢ᠃ |