ᠥᠪᠥᠷ ᠮᠣᠩᠭᠤᠯ᠄ ᠬᠠᠳᠤᠨ ᠭᠤᠤᠯ ᠤᠨ ᠠᠮᠢ ᠠᠬᠤᠢ ᠶᠢᠨ ᠣᠷᠴᠢᠨ ᠲᠣᠭᠤᠷᠢᠨ ᠢ ᠪᠠᠲᠤᠯᠠᠨ ᠬᠠᠮᠠᠭᠠᠯᠠᠬᠤ ᠰᠤᠳᠤᠯᠭᠠᠨ ᠪᠠ ᠵᠠᠰᠠᠯᠲᠠ ᠶᠢᠨ ᠠᠵᠢᠯ ᠢ ᠬᠠᠤᠯᠢ ᠴᠠᠭᠠᠵᠠ ᠰᠣᠶᠣᠯ ᠤᠨ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2019-11-12
      ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠠᠴᠠ ᠄ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠰᠢᠰᠲ᠋ᠧᠮ ᠢ ᠪᠠᠷᠢᠮᠲᠠᠯᠠᠨ ᠲᠡᠭᠦᠯᠳᠡᠷᠵᠢᠭᠦᠯᠵᠦ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠢ ᠠᠬᠢᠭᠤᠯᠤᠨ᠎ᠠ ᠭᠡᠵᠦ ᠳᠤᠷᠠᠳᠤᠨ ᠭᠠᠷᠭᠠᠪᠠ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠬᠥᠭᠵᠢᠯᠲᠡ ᠳᠤ ᠬᠤᠯᠪᠣᠭᠳᠠᠬᠤ ᠮᠢᠩᠭᠠᠨ ᠣᠨ ᠤ ᠶᠡᠭᠡ ᠪᠣᠳᠣᠯᠭ᠎ᠠ ᠮᠥᠨ᠃ ᠡᠷᠬᠡᠪᠰᠢ ᠬᠦᠬᠡ ᠠᠭᠤᠯᠠ ᠬᠦᠭᠡᠮᠳᠦᠭ ᠤᠰᠤ ᠪᠤᠯ ᠠᠯᠳᠠᠨ ᠮᠦᠩᠭᠦᠨ ᠠᠭᠤᠯᠠ ᠪᠣᠯᠬᠤ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠣᠷᠴᠢᠨ ᠠᠬᠤᠶ ᠶᠢ ᠬᠠᠮᠠᠭᠠᠯᠠᠬᠤ ᠤᠯᠤᠰ ᠤᠨ ᠦᠨᠳᠦᠰᠦᠨ ᠪᠣᠳᠣᠯᠭ᠎ᠠ ᠶᠢ ᠪᠠᠷᠢᠮᠲᠠᠯᠠᠵᠤ᠂ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠭᠡᠬᠦ ᠪᠠᠷ ᠭᠤᠤᠯ ᠪᠣᠯᠭᠠᠬᠤ ᠴᠢᠭᠯᠡᠯᠲᠡ ᠶᠢ ᠪᠠᠷᠢᠮᠲᠠᠯᠠᠵᠤ᠂  ᠦᠢᠯᠡᠳᠪᠦᠷᠢᠯᠡᠯ ᠬᠥᠭᠵᠢᠭᠰᠡᠨ᠂ ᠠᠮᠢᠳᠤᠷᠠᠯ ᠴᠢᠨᠡᠭᠡᠯᠢᠭᠵᠢᠭᠰᠡᠨ᠂ ᠠᠮᠢ ᠠᠬᠤᠶ ᠰᠠᠶᠢᠨ ᠰᠠᠶᠢᠬᠠᠨ ᠪᠣᠯᠪᠠᠰᠤᠨ ᠬᠥᠭᠵᠢᠯᠲᠡ ᠶᠢᠨ ᠵᠠᠮ ᠢᠶᠠᠷ ᠡᠷᠡᠰ ᠵᠠᠮᠨᠠᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠬᠡᠷᠡᠭᠲᠡᠶ ᠭᠡᠵᠦ ᠵᠢᠭᠠᠨ ᠭᠠᠷᠭᠠᠪᠠ᠃      11 ᠳ᠋ᠦᠭᠡᠷ ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠠᠤᠯᠢ ᠤᠬᠠᠭᠠᠨ ᠤ ᠨᠡᠶᠢᠭᠡᠮᠯᠢᠭ ᠤᠨ ᠬᠠᠤᠯᠢ ᠴᠠᠭᠠᠵᠠ ᠶᠢᠨ ᠰᠣᠶᠣᠯ ᠤᠨ ᠰᠤᠳᠤᠯᠭᠠᠨ ᠤ ᠨᠡᠶᠢᠭᠡᠮᠯᠢᠭ ᠪᠣᠯᠤᠨ ᠲᠤᠭᠳᠠᠬᠤ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠠ ᠬᠠᠮᠲᠤᠷᠠᠨ ︽ᠬᠠᠳᠤᠨ ᠭᠤᠤᠯ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠤᠳᠤᠯᠭᠠᠨ ᠪᠠ ᠵᠠᠰᠠᠯᠲᠠ ᠶᠢᠨ ᠶᠠᠷᠢᠯᠴᠠᠬᠤ ᠬᠤᠷᠠᠯ︾ ᠵᠢᠴᠢ 2019 ᠣᠨ ᠤ ᠬᠠᠤᠯᠢ ᠴᠠᠭᠠᠵᠠ ᠶᠢᠨ ᠰᠣᠶᠣᠯ ᠤᠨ ᠦᠨᠳᠦᠰᠦᠨ ᠱᠠᠲᠤᠨ ᠤ ᠠᠶᠠᠯᠠᠯ ᠤᠨ ᠠᠵᠢᠯᠯᠠᠭ᠎ᠠ ᠥᠷᠨᠢᠭᠦᠯᠵᠦ᠂ ᠬᠤᠷᠠᠯ ᠢ ᠲᠤᠭᠳᠠᠬᠤ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠳᠡᠳ᠋ ᠪᠠᠶᠢᠴᠠᠭᠠᠭᠴᠢ ᠶᠢᠨ ᠳᠠᠷᠤᠭ᠎ᠠ ᠵᠠᠩ ᠢ ᠰᠦᠸᠧ ᠡᠷᠬᠢᠯᠡᠪᠡ      ᠥᠪᠡᠷᠲᠡᠭᠡᠨ ᠵᠠᠰᠠᠬᠤ ᠣᠷᠣᠨ ᠤ ᠬᠠᠤᠯᠢ ᠤᠬᠠᠭᠠᠨ ᠤ ᠨᠡᠶᠢᠭᠡᠮᠯᠢᠭ ᠤᠨ ᠬᠠᠤᠯᠢ ᠴᠠᠭᠠᠵᠠ ᠶᠢᠨ ᠰᠣᠶᠣᠯ ᠤᠨ ᠰᠤᠳᠤᠯᠭᠠᠨ ᠤ ᠨᠡᠶᠢᠭᠡᠮᠯᠢᠭ ᠤᠨ ᠳᠠᠷᠤᠭ᠎ᠠ ᠦ᠋ ᠶᠠ ᠫᠢᠩ ᠨᠡᠷ᠂ ᠲᠣᠭᠲᠠᠬᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ᠂ ᠪᠠᠶᠢᠴᠠᠭᠠᠬᠤ ᠬᠤᠷᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ᠂ ᠣᠢ ᠰᠢᠭᠤᠶ ᠶᠢᠨ ᠲᠣᠪᠴᠢᠶ᠎ᠠ ᠂ ᠬᠠᠤᠯᠢ ᠴᠠᠭᠠᠵᠠ ᠶᠢᠨ ᠲᠣᠪᠴᠢᠶ᠎ᠠ᠂ ᠰᠣᠶᠣᠯ ᠵᠤᠭᠠᠴᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠰᠦᠨ ᠵᠦᠩ ᠱᠠᠨ ᠨᠥᠬᠦᠷ ᠥᠪᠡᠷ ᠥᠪᠡᠷ ᠤᠨ ᠦᠢᠯᠡᠳᠦᠯᠭᠡ ᠲᠠᠢ ᠤᠶᠠᠯᠳᠤᠭᠤᠯᠤᠨ᠂ ᠬᠠᠳᠤᠨ ᠭᠤᠤᠯ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠤᠨᠤᠯ ᠤᠨ ᠰᠤᠳᠤᠯᠭᠠᠨ᠂ ᠪᠣᠳᠠᠲᠤ ᠶᠠᠪᠤᠳᠠᠯ ᠢ ᠠᠬᠢᠭᠤᠯᠬᠤ᠂ ᠬᠠᠤᠯᠢ ᠴᠠᠭᠠᠵᠠ ᠶᠢ ᠤᠬᠠᠭᠤᠯᠤᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠵᠡᠷᠭᠡ ᠵᠥᠪᠯᠡᠬᠦ ᠰᠡᠳᠦᠪ ᠤᠳ ᠲᠤᠬᠠᠶ ᠠᠭᠤᠵᠢᠷᠠᠲᠠᠯ᠎ᠠ ᠶᠠᠷᠢᠯᠴᠠᠵᠤ᠂ ᠥᠪᠡᠷᠲᠡᠭᠡᠨ ᠵᠠᠰᠠᠬᠤ ᠣᠷᠣᠨ ᠤ ᠬᠠᠤᠯᠢ ᠤᠬᠠᠭᠠᠨ ᠤ ᠨᠡᠶᠢᠭᠡᠮᠯᠢᠭ ᠤᠨ ᠬᠠᠤᠯᠢ ᠴᠠᠭᠠᠵᠠ ᠶᠢᠨ ᠰᠣᠶᠣᠯ ᠤᠨ ᠰᠤᠳᠤᠯᠭᠠᠨ ᠤ ᠨᠡᠶᠢᠭᠡᠮᠯᠢᠭ ᠤᠨ ᠳᠠᠷᠤᠭ᠎ᠠ ᠦ᠋ ᠶᠠ ᠫᠢᠩ ᠬᠠᠤᠯᠢ ᠴᠠᠭᠠᠵᠠ ᠰᠣᠶᠣᠯ ᠤᠨ ᠬᠠᠷᠠᠭᠠᠰᠤ ᠳᠣᠤᠷᠠᠬᠢ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠰᠤᠳᠤᠯᠭᠠᠨ ᠪᠠ ᠣᠷᠴᠢᠨ ᠲᠣᠭᠤᠷᠢᠨ ᠤ ᠬᠠᠤᠯᠢ ᠴᠠᠭᠠᠵᠠ ᠶᠢᠨ ᠰᠤᠳᠤᠯᠭᠠᠨ ᠢ ᠭᠦᠨᠵᠡᠭᠡᠶ ᠥᠷᠨᠢᠭᠦᠯᠬᠦ ᠶᠢᠨ ᠬᠠᠤᠯᠢ ᠤᠬᠠᠭᠠᠨ ᠤ ᠠᠴᠢ ᠬᠤᠯᠪᠣᠭᠳᠠᠯ᠂ ᠬᠠᠤᠯᠢᠵᠢᠯ ᠤᠨ ᠠᠴᠢ ᠬᠤᠯᠪᠣᠭᠳᠠᠯ ᠵᠢᠴᠢ ᠰᠣᠶᠣᠯ ᠤᠨ ᠦᠨ᠎ᠡ ᠥᠷᠲᠡᠭ ᠢ ᠲᠠᠨᠢᠯᠴᠠᠭᠤᠯᠬᠤ ᠶᠢᠨ ᠬᠠᠮᠲᠤ ᠪᠠᠶᠢᠴᠠᠭᠠᠬᠤ ᠪᠠᠢᠭᠤᠯᠤᠯᠭ᠎ᠠ ᠳᠤ ᠲᠦᠰᠢᠭᠯᠡᠨ᠂ ᠡᠯ᠎ᠡ ᠲᠠᠯ᠎ᠠ ᠶᠢᠨ ᠬᠦᠴᠦᠨ ᠢ ᠲᠦᠰᠢᠭᠯᠡᠵᠦ᠂ ᠬᠠᠳᠤᠨ ᠭᠤᠤᠯ ᠤᠨ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠪᠠᠷ ᠭᠤᠤᠯ ᠰᠡᠳᠦᠪ ᠪᠣᠯᠭᠠᠵᠤ᠂ ᠨᠡᠶᠢᠲᠡ ᠶᠢᠨ ᠠᠰᠠᠷᠠᠮᠵᠢ ᠶᠢᠨ ᠵᠠᠷᠭᠤ᠂ ᠣᠷᠴᠢᠨ ᠲᠣᠭᠤᠷᠢᠨ ᠤ ᠬᠠᠤᠯᠢ ᠴᠠᠭᠠᠵᠠ ᠶᠢᠨ ᠰᠢᠷᠢᠰ ᠬᠠᠤᠯᠢ ᠴᠠᠭᠠᠵᠠ ᠶᠢᠨ ᠰᠣᠯᠢᠯᠴᠠᠭᠠᠨ ᠤ ᠠᠵᠢᠯᠯᠠᠭ᠎ᠠ ᠶᠢ ᠰᠠᠶᠢᠲᠤᠷ ᠥᠷᠨᠢᠭᠦᠯᠬᠦ ᠶᠢ ᠬᠦᠰᠡᠪᠡ᠃      ᠣᠯᠠᠨ ᠢᠶᠠᠷ ᠢᠶᠠᠨ᠄ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ  ᠲᠤᠭᠤᠰᠢᠯᠠᠭᠤᠯᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠢᠳᠠᠪᠤᠷᠢᠵᠢᠭᠤᠯᠬᠤ᠂ ᠬᠠᠳᠤᠨ ᠭᠤᠤᠯ ᠤᠨ ᠣᠳᠣᠬᠢ ᠪᠠᠶᠢᠳᠠᠯ ᠢ ᠭᠦᠢᠴᠡᠳ ᠣᠶᠢᠯᠭᠠᠨ ᠲᠠᠨᠢᠵᠤ᠂ ᠬᠠᠳᠤᠨ ᠭᠤᠤᠯ ᠢ ᠬᠠᠮᠠᠭᠠᠯᠠᠬᠤ ᠡᠩᠨᠡᠭᠡ ᠳᠤ ᠢᠳᠡᠪᠬᠢᠲᠡᠢ ᠣᠷᠣᠯᠴᠠᠵᠤ᠂ ︽ᠺᠠᠨᠠᠶᠠᠮᠠ ᠠᠭᠤᠯᠠ︾ ᠶᠢᠨ ᠣᠶᠢᠯᠠᠭᠠᠭᠳᠠᠬᠤᠨ ᠢ ᠨᠠᠶᠢᠳᠠᠪᠤᠷᠢᠵᠢᠭᠤᠯᠬᠤ ᠠᠬᠢᠴᠠ ᠶᠢ ᠬᠠᠮᠲᠤᠪᠠᠷ ᠠᠬᠢᠭᠤᠯᠵᠤ᠂ ᠬᠠᠳᠤᠨ ᠭᠤᠤᠯ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠵᠠᠰᠠᠯᠲᠠ ᠶᠢᠨ ᠲᠣᠭᠤᠷᠢᠨ ᠳᠤ᠂ ᠬᠠᠤᠯᠢ ᠶᠢᠨ ᠤᠬᠠᠭᠠᠨ ᠤ ᠰᠤᠳᠤᠯᠭᠠᠨ ᠢ ᠰᠢᠨᠵᠢᠯᠡᠬᠦ ᠤᠬᠠᠭᠠᠨᠴᠢ ᠪᠠᠷ ᠥᠷᠨᠢᠭᠦᠯᠵᠦ ᠂ ᠪᠠᠶᠢᠴᠠᠭᠠᠬᠤ ᠡᠭᠦᠷᠭᠡ ᠴᠢᠳᠠᠪᠤᠷᠢ ᠶᠢ ᠭᠦᠢᠴᠡᠳ ᠪᠠᠳᠠᠷᠠᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠡᠷᠡᠭᠦᠤ ᠶᠢᠨ ᠬᠡᠷᠡᠭ ᠤᠨ ᠬᠠᠤᠯᠢ ᠪᠠᠷᠢᠬᠤ ᠶᠢ ᠵᠣᠯᠭᠠᠯᠳᠤᠭᠤᠯᠬᠤ ᠶᠢ ᠴᠢᠩᠭᠠᠳᠬᠠᠵᠤ᠂ ᠠᠮᠢ ᠠᠬᠤᠢ ᠶᠢᠨ ᠣᠷᠴᠢᠨ ᠨᠥᠬᠦᠴᠡᠯ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠢᠳᠡᠪᠬᠢᠲᠡᠢ ᠥᠷᠨᠢᠭᠦᠯᠦᠨ᠂ ᠨᠡᠶᠢᠭᠡᠮ ᠨᠡᠶᠢᠲᠡ ᠶᠢᠨ ᠠᠰᠢᠭ ᠲᠤᠰᠠ ᠶᠢ ᠦᠨᠡᠨ ᠬᠦ ᠬᠠᠮᠠᠭᠠᠯᠠᠵᠤ᠂ ᠲᠩᠷᠢ ᠶᠢ ᠨᠠᠩ ᠴᠡᠯᠮᠡᠭ᠂ ᠠᠭᠤᠯᠠ ᠶᠢ ᠨᠠᠩ ᠨᠣᠭᠤᠭᠠᠨ᠂ ᠤᠰᠤ ᠶᠢ ᠨᠠᠩ ᠲᠤᠩᠭᠠᠯᠠᠭ᠂ ᠣᠷᠴᠢᠨ ᠠᠬᠤᠶ ᠶᠢ ᠨᠠᠩ ᠭᠤᠶᠤ ᠰᠠᠶᠢᠬᠠᠨ ᠪᠣᠯᠭᠠᠬᠤ ᠪᠠᠷ ᠴᠢᠷᠮᠠᠶᠢᠨ᠎ᠠ ᠭᠡᠪᠡ᠃      ᠴᠧᠨ ᠴᠢ ᠨᠥᠬᠦᠷ ᠬᠠᠮᠲᠤᠷᠠᠯ ᠬᠦᠴᠦᠨ ᠢ ᠨᠢᠭᠲᠠᠷᠠᠭᠤᠯᠵᠤ ᠨᠡᠶᠢᠲᠡ ᠶᠢᠨ ᠠᠰᠠᠷᠠᠮᠵᠢ ᠶᠢᠨ ᠲᠣᠭᠲᠠᠴᠠ ᠶᠢ ᠡᠭᠦᠳᠦᠨ  ᠪᠠᠶᠢᠭᠤᠯᠵᠦ ᠡᠵᠢ ᠭᠤᠤᠯ ᠢ ᠬᠠᠮᠠᠭᠠᠯᠠᠬᠤ ᠲᠤᠬᠠᠶ᠂ ᠪᠣᠳᠠᠲᠤ ᠠᠵᠢᠯᠯᠠᠭ᠎ᠠ ᠪᠠᠷ ᠢᠶᠠᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠰᠣᠶᠣᠯ ᠪᠣᠯᠤᠨ ᠣᠷᠴᠢᠨ ᠲᠣᠭᠤᠷᠢᠨ ᠤ ᠬᠠᠤᠯᠢ ᠴᠠᠭᠠᠵᠠ ᠶᠢᠨ ᠰᠣᠶᠣᠯ ᠢ ᠤᠬᠠᠭᠤᠯᠤᠨ ᠲᠦᠭᠡᠮᠡᠯᠵᠢᠭᠦᠯᠬᠦ ᠵᠡᠷᠭᠡ ᠲᠠᠯ᠎ᠠ ᠪᠠᠷ ᠬᠠᠮᠲᠤ ᠶᠢᠨ ᠲᠠᠨᠢᠯᠲᠠ ᠲᠠᠢ ᠪᠣᠯᠪᠠ᠃      ᠬᠤᠷᠠᠯ ᠠᠴᠠ ᠡᠮᠦᠨ᠎ᠡ᠂ ᠲᠤᠭᠳᠠᠬᠤ ᠰᠢᠶᠠᠨ ᠤ ᠠᠷᠠᠳ ᠤᠨ ᠪᠠᠶᠢᠴᠠᠭᠠᠬᠤ ᠬᠤᠷᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠪᠠᠷ᠎ᠠ ᠪᠣᠯᠣᠯᠤᠭ᠎ᠠ ᠲᠠᠢ ᠪᠠᠷ᠂ ᠥᠪᠡᠷᠲᠡᠭᠡᠨ ᠵᠠᠰᠠᠬᠤ ᠣᠷᠣᠨ ᠤ ᠬᠠᠤᠯᠢ ᠤᠬᠠᠭᠠᠨ ᠤ ᠨᠡᠶᠢᠭᠡᠮᠯᠢᠭ ᠤᠨ ᠬᠠᠤᠯᠢ ᠴᠠᠭᠠᠵᠠ ᠰᠣᠶᠣᠯ ᠤᠨ ᠰᠤᠳᠤᠯᠭᠠᠨ ᠤ ᠨᠡᠶᠢᠭᠡᠮᠯᠢᠭ ᠤᠨ ᠳᠠᠷᠤᠭ᠎ᠠ ᠦ᠋ ᠶᠠ ᠫᠢᠩ ᠨᠡᠷ ᠬᠠᠳᠤᠨ ᠭᠤᠤᠯ ᠤᠨ ᠠᠮᠢ ᠠᠬᠤᠶ ᠶᠢ ᠬᠠᠮᠠᠭᠠᠯᠠᠨ ᠵᠠᠰᠠᠭᠰᠠᠨ ᠪᠠᠶᠢᠳᠠᠯ᠂ ᠣᠨᠴᠠᠭᠠᠢᠯᠠᠨ ᠭᠤᠤᠯᠳᠠᠯᠭ᠎ᠠ ᠲᠠᠢ ᠲᠥᠷᠥᠯ ᠵᠦᠢᠯ ᠤᠨ ᠣᠷᠣᠨ᠂ ᠵᠤᠭᠠᠴᠠᠯ ᠤᠨ ᠣᠷᠣᠨ ᠵᠢᠴᠢ ᠲᠣᠰᠬᠤᠨ ᠪᠠᠯᠭᠠᠰᠤ ᠶᠢᠨ ᠰᠠᠭᠤᠭᠠᠯᠢ ᠠᠷᠠᠳ ᠤᠨ ᠲᠥᠪᠯᠡᠷᠡᠨ ᠰᠠᠭᠤᠭᠰᠠᠨ ᠣᠷᠣᠨ ᠢ ᠲᠤᠬᠠᠶ ᠶᠢᠨ ᠭᠠᠵᠠᠷ ᠲᠤᠨᠢ ᠲᠣᠭᠤᠷᠢᠨ ᠪᠠᠶᠢᠴᠠᠭᠠᠵᠤ ᠣᠶᠢᠯᠠᠭᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1