ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠲᠤᠭᠤᠶᠢᠯᠠᠩ ᠤᠨ ᠭᠤᠤᠯ ᠰᠡᠳᠦᠪᠲᠦ ᠬᠥᠮᠦᠵᠢᠯ ᠤᠨ ᠨᠠᠮ ᠤᠨ ᠳᠦᠷᠢᠮ ᠲᠠᠢ ᠬᠠᠷᠢᠴᠠᠭᠤᠯᠤᠨ ᠵᠥᠷᠢᠶ᠎ᠡ ᠪᠠᠨ ᠡᠷᠢᠬᠦ ᠲᠤᠰᠬᠠᠶ ᠰᠡᠳᠦᠪᠲᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-11-12
      ᠰᠢᠶᠠᠨ ᠪᠣᠯᠤᠨ ᠰᠢᠶᠠᠨ ᠤ ᠵᠠᠰᠠᠭ ‍ᠤᠨ‌ᠣᠷᠳᠣᠨ ᠤ ᠨᠠᠮ ᠤᠨ ᠤᠳᠤᠷᠢᠳᠬᠤ ᠲᠤᠭᠤᠶᠢᠯᠠᠩ ᠤᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠲᠣᠬᠢᠷᠠᠭᠤᠯᠤᠯᠲᠠ ᠶᠣᠰᠣᠭᠠᠷ᠂ 11 ᠰᠠᠷ᠎ᠠ ᠶᠢᠨ 8 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠴᠦᠨ ᠶᠠᠨ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠲᠤᠭᠤᠶᠢᠯᠠᠩ ᠤᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠨᠠᠮ ᠤᠨ ᠳᠦᠷᠢᠮ ᠲᠠᠢ ᠬᠠᠷᠢᠴᠠᠭᠤᠯᠤᠨ ᠵᠥᠷᠢᠶ᠎ᠡ ᠪᠠᠨ ᠡᠷᠢᠬᠦ ᠲᠤᠰᠬᠠᠶ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ᠃ ᠨᠠᠮ ᠤᠨ ᠳᠦᠷᠢᠮ ᠤᠨ ᠲᠣᠭᠤᠷᠢᠨ ᠳᠤ᠂ ︽ᠠᠷᠪᠠᠨ ᠨᠠᠢᠮᠠᠨ ᠪᠠᠶᠢᠬᠤ ᠡᠰᠡᠬᠦ︾ ᠶᠢ ᠨᠠᠷᠢᠨ ᠬᠢᠨᠠᠮᠠᠭᠠᠶ ᠬᠠᠷᠭᠤᠭᠤᠯᠵᠤ᠂ ᠪᠦᠬᠦ ᠲᠠᠯ᠎ᠠ ᠪᠠᠷ ᠠᠰᠠᠭᠤᠳᠠᠯ ᠢ  ᠪᠠᠶᠢᠴᠠᠭᠠᠨ ᠦᠵᠡᠵᠦ᠂ ᠦᠨᠡᠨ ᠪᠣᠳᠠᠲᠠᠶ ᠪᠠᠷ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠨᠠᠮ ᠤᠨ ᠤᠬᠠᠮᠰᠠᠷ᠂ ᠨᠠᠮ ᠤᠨ ᠭᠡᠰᠢᠭᠦᠨ ᠤ ᠤᠬᠠᠮᠰᠠᠷ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠤᠯᠤᠰ ᠲᠥᠷᠦ ᠶᠢᠨ ᠠᠬᠤᠶ ᠪᠠᠶᠢᠳᠠᠯ᠂ ᠦᠵᠡᠯ ᠰᠠᠨᠠᠭᠠᠨ ᠤ ᠠᠬᠤᠶ ᠪᠠᠶᠢᠳᠠᠯ ᠂ ᠶᠣᠰᠣ ᠰᠤᠷᠲᠠᠬᠤᠨ ᠤ ᠠᠬᠤᠶ ᠪᠠᠶᠢᠳᠠᠯ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠣᠭᠲᠠᠬᠤ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ  ᠦᠢᠯᠡᠳᠦᠯᠭᠡ ᠶᠢᠨ ᠳᠤᠮᠳᠠ ᠨᠠᠮ ᠤᠨ ᠳᠦᠷᠢᠮ ᠢ ᠲᠤᠭᠤᠰᠢᠯᠠᠭᠤᠯᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ  ᠦᠢᠯᠡᠳᠤᠯᠭᠡᠵᠢᠭᠦᠯᠦᠨ᠎ᠡ ᠭᠡᠪᠡ᠃      ᠲᠢᠶᠠᠨ ᠯᠢ ᠵᠢᠶᠦ᠋ᠨ᠂ ᠵᠤᠤ ᠯᠢ ᠮᠢᠨ᠂ ᠶᠦᠨ ᠬᠠᠢ ᠯᠦᠩ᠂ ᠱᠧᠨ ᠢ᠂ ᠱᠢ ᠯᠢ ᠵᠢᠶᠦ᠋ᠨ ᠵᠡᠷᠭᠡ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠲᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠯᠢ ᠴᠦᠨ ᠶᠠᠨ ᠲᠦᠷᠦᠭᠦᠯᠡᠨ ᠬᠤᠪᠢ ᠬᠥᠮᠦᠨ ᠤ ᠬᠠᠷᠭᠤᠭᠤᠯᠤᠭᠰᠠᠨ ᠪᠠᠶᠢᠴᠠᠭᠠᠯᠳᠠ ᠬᠢᠵᠦ᠂ ᠳᠠᠷᠠᠭ᠎ᠠ ᠨᠢ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠲᠤᠭᠤᠶᠢᠯᠠᠩ ᠤᠨ ᠪᠦᠷᠢᠯᠳᠦᠬᠦᠨ ᠲᠡᠰ ᠳᠠᠷᠠᠭᠠᠯᠠᠨ ᠨᠠᠷᠢᠨ ᠬᠢᠨᠠᠮᠠᠭᠠᠶ  ᠪᠠᠶᠢᠴᠠᠭᠠᠨ ᠳᠡᠯᠭᠡᠵᠦ᠂ ᠨᠠᠮ ᠤᠨ ᠳᠦᠷᠢᠮ ᠪᠣᠯᠤᠨ ᠨᠠᠮ ᠤᠨ ᠰᠠᠬᠢᠯᠭ᠎ᠠ ᠪᠠᠲᠤ ᠶᠢᠨ ᠲᠤᠬᠠᠶ ᠣᠶᠢᠯᠠᠭᠠᠯᠲᠠ ᠪᠠᠨ ᠨᠠᠩ ᠭᠦᠨᠵᠡᠭᠡᠶ ᠪᠣᠯᠭᠠᠵᠤ᠂ ᠲᠣᠰ ᠪᠡᠶ᠎ᠡ ᠶᠢᠨ ᠵᠥᠷᠢᠶ᠎ᠡ ᠬᠦᠷᠦᠯᠴᠡᠬᠦ ᠦᠭᠡᠢ ᠪᠠᠶᠢᠬᠤ ᠲᠤᠬᠠᠶ ᠲᠠᠨᠢᠯᠲᠠ ᠪᠠᠨ ᠨᠠᠩ ᠰᠡᠷᠭᠡᠭ ᠪᠣᠯᠭᠠᠵᠤ᠂ ᠤᠭ ᠰᠠᠨᠠᠭ᠎ᠠ ᠪᠠᠨ ᠰᠠᠬᠢᠵᠤ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ ᠢᠲᠡᠭᠡᠯ ᠵᠣᠷᠢᠭ ᠢᠶᠠᠨ ᠨᠠᠩ ᠪᠠᠲᠤᠳᠬᠠᠵᠤ᠂ ᠵᠥᠷᠢᠶ᠎ᠡ ᠪᠠᠨ ᠵᠠᠯᠠᠷᠠᠭᠤᠯᠵᠤ᠂ ᠠᠯᠳᠠᠭ᠎ᠠ ᠪᠤᠷᠤᠭᠤ ᠪᠠᠨ ᠵᠠᠯᠠᠷᠠᠭᠤᠯᠵᠤ᠂ ᠪᠦᠯᠬᠦᠮᠳᠡᠯ ᠢᠶᠠᠨ ᠴᠢᠩᠭᠠᠳᠬᠠᠵᠤ᠂ ᠬᠠᠮᠲᠤᠪᠠᠷ ᠳᠡᠭᠡᠭᠰᠢᠯᠡᠭᠦᠯᠬᠦ ᠬᠠᠷᠠᠯᠲᠠ ᠳᠤ ᠬᠦᠷᠴᠡᠶ᠃      ᠯᠢ ᠴᠦᠨ ᠶᠠᠨ᠂ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠲᠤᠭᠤᠶᠢᠯᠠᠩ ᠤᠨ ᠪᠦᠷᠢᠯᠳᠦᠬᠦᠨ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠵᠦ᠂ ᠪᠠᠲᠤ ᠵᠣᠭᠰᠣᠵᠤ᠂ ᠤᠯᠤᠰ ᠲᠥᠷᠦ ᠶᠢᠨ ᠴᠢᠭᠯᠡᠯ ᠢ ᠪᠠᠲᠤ ᠡᠵᠡᠮᠳᠡᠵᠦ᠂ ᠤᠯᠤᠰ ᠲᠥᠷᠦ ᠶᠢᠨ ᠲᠣᠭᠲᠠᠯ ᠬᠦᠴᠦᠨ ᠢᠶᠠᠨ ᠳᠡᠭᠡᠭᠰᠢᠯᠡᠭᠦᠯᠵᠦ᠂ ︽ᠳᠥᠷᠪᠡᠨ ᠤᠬᠠᠮᠰᠠᠷ︾ ᠢ ᠴᠢᠨᠠᠭᠰᠢᠳᠠ ᠪᠠᠲᠤ ᠪᠣᠶ ᠪᠣᠯᠭᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠥᠷᠥ ᠶᠢᠨ ᠦᠢᠯᠡ ᠠᠵᠢᠯᠯᠠᠭ᠎ᠠ ᠳᠡᠭᠡᠷ᠎ᠡ ᠪᠠᠨ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠲᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠬᠡᠷᠡᠭᠲᠡᠶ ᠭᠡᠵᠦ ᠱᠠᠭᠠᠷᠳᠠᠪᠠ᠃ ᠥᠪᠡᠷ ᠢ ᠪᠠᠨ ᠨᠠᠮ ᠤᠨ ᠲᠤᠭ ᠳᠣᠤᠷ᠎ᠠ ᠲᠠᠩᠭᠠᠷᠢᠭᠯᠠᠵᠤ ᠥᠩᠭᠡᠷᠡᠭᠰᠡᠨ ᠡᠪ ᠬᠠᠮᠲᠤ ᠨᠠᠮ ᠤᠨ ᠭᠡᠰᠢᠭᠦᠨ ᠭᠡᠳᠡᠭ ᠢᠶᠠᠨ ᠴᠠᠭ ᠢᠮᠠᠭᠲᠠ ᠪᠠᠲᠤ ᠴᠡᠭᠡᠵᠢᠯᠡᠵᠦ᠂ ᠨᠠᠮ ᠤᠨ ᠳᠦᠷᠢᠮ ᠤᠨ ᠡᠯ᠎ᠡ ᠵᠦᠢᠯ ᠤᠨ ᠲᠣᠭᠲᠠᠭᠠᠯ ᠢ ᠤᠬᠠᠮᠰᠠᠷ ᠠᠴᠠ ᠪᠠᠨ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠤᠨ᠂ ᠠᠵᠢᠯ ᠤᠨ ᠳᠤᠮᠳᠠ ᠪᠠᠨ ᠢᠯᠡᠷᠡᠭᠦᠯᠵᠦ᠂ ᠨᠠᠮ ᠤᠨ ᠲᠣᠭᠲᠠᠭᠠᠯ ᠢ ᠬᠡᠷᠡᠭᠵᠢᠭᠦᠯᠦᠨ᠂ ᠨᠠᠮ ᠤᠨ ᠰᠠᠬᠢᠯᠭ᠎ᠠ ᠪᠠᠲᠤ ᠶᠢ ᠴᠢᠩᠳᠠᠯᠠᠵᠤ᠂ ᠨᠠᠮ ᠳᠠᠭᠠᠨ ᠦᠨᠡᠨᠴᠢ ᠰᠢᠳᠤᠷᠭᠤ᠂ ᠢᠳᠡᠪᠬᠢᠲᠡᠢ ᠠᠵᠢᠯᠯᠠᠨ᠂ ᠡᠪ ᠬᠠᠮᠲᠤ ᠶᠣᠰᠣᠨ ᠤ ᠲᠥᠯᠥᠭᠡ ᠨᠠᠰᠤ ᠪᠠᠷ ᠢᠶᠠᠨ ᠲᠡᠮᠡᠴᠡᠬᠦ ᠬᠡᠷᠡᠭᠲᠡᠶ᠃ ︽ᠬᠢᠬᠦ︾ ᠶᠢ ᠲᠡᠷᠢᠭᠦᠨ ᠳᠤ ᠲᠠᠯᠪᠢᠵᠤ᠂ ︽ᠪᠣᠳᠠᠲᠠᠶ︾ ᠪᠠᠶᠢᠬᠤ ᠶᠢ ᠪᠠᠷᠢᠮᠲᠠᠯᠠᠵᠤ᠂ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠶᠢ ᠣᠳᠣᠬᠠᠨ ᠤ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠢ ᠰᠠᠶᠢᠲᠤᠷ ᠬᠢᠬᠦ ᠯᠦᠭᠡ ᠤᠶᠠᠯᠳᠤᠭᠤᠯᠵᠤ᠂ ᠨᠠᠮ ᠤᠨ ᠳᠦᠷᠢᠮ ᠤᠨ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠰᠠᠶᠢᠲᠤᠷ ᠬᠢᠵᠦ ᠢᠯᠠᠯᠲᠠ ᠣᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠣᠳᠠᠲᠠᠶ ᠦᠢᠯᠡᠳᠦᠯᠭᠡ ᠪᠣᠯᠭᠠᠨ ᠬᠤᠪᠢᠷᠠᠭᠤᠯᠵᠤ ᠂ ᠰᠢᠶᠠᠨ ᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠳᠪᠦᠷᠢᠳᠦ ᠢᠯᠠᠯᠲᠠ ᠶᠢ ᠣᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠵᠦ᠂ ᠪᠣᠳᠠᠲᠠᠶ ᠠᠵᠢᠯᠯᠠᠭᠰᠠᠨ ᠪᠣᠳᠠᠲᠤ ᠠᠮᠵᠢᠯᠲᠠ ᠪᠠᠷ ᠵᠣᠬᠢᠶᠠᠨ ᠪᠠᠶᠢᠭᠤᠯᠤᠯᠳᠠ ᠪᠣᠯᠤᠨ ᠠᠷᠠᠳ ᠣᠯᠠᠨ ᠳᠤ ᠨᠢᠭᠡ ᠬᠤᠪᠢ ᠬᠢᠷᠢ ᠲᠡᠩᠴᠡᠭᠰᠡᠨ ᠭᠡᠷᠡᠴᠢ ᠲᠤᠰᠢᠶᠠᠬᠤ ᠬᠡᠷᠡᠭᠲᠡᠶ ᠭᠡᠪᠡ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1