ᠲᠤᠭᠳᠠᠬᠤ ᠰᠢᠶᠠᠨ ᠪᠠᠶᠢᠭᠤᠯᠤᠯᠭ᠎ᠠ ᠶᠢᠨ ᠦᠨᠳᠦᠰᠦᠨ ᠱᠠᠲᠤᠨ ᠤ ᠨᠠᠮ ᠤᠨ ᠠᠵᠢᠯ ᠤᠨ ᠲᠤᠰᠬᠠᠶ ᠲᠤᠰᠢᠶᠠᠯᠲᠤ ᠠᠵᠢᠯᠲᠠᠨ ᠤ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2019-11-13
      ︽ᠨᠠᠮ ᠤᠨ ᠲᠥᠪ ᠬᠤᠷᠢᠶ᠎ᠠ ᠶᠢ ᠰᠠᠨᠠᠭ᠎ᠠ ᠠᠮᠤᠷ᠂ ᠠᠷᠠᠳ ᠤᠯᠠᠨ ᠢ ᠰᠡᠳᠬᠢᠯ ᠬᠠᠨᠤᠮᠵᠢᠲᠠᠶ ᠪᠣᠯᠭᠠᠬᠤ ᠵᠢᠱᠢᠶᠡᠴᠢ ᠪᠠᠶᠢᠭᠤᠯᠭ᠎ᠠ︾ ᠶᠢ ᠤᠯᠠᠮ ᠨᠢᠭᠡ ᠠᠯᠬᠤᠮ ᠪᠠᠶᠢᠭᠤᠯᠵᠤ᠂ ᠥᠨᠳᠥᠷ ᠬᠡᠪ ᠴᠢᠨᠠᠷ ᠪᠦᠬᠦᠢ ᠲᠤᠰᠬᠠᠶᠢᠵᠢᠭᠰᠠᠨ ᠦᠨᠳᠦᠰᠦᠨ ᠱᠠᠲᠤᠨ ᠤ ᠨᠠᠮ ᠤᠨ ᠠᠵᠢᠯ ᠤᠨ ᠺᠠᠳ᠋ᠷ ᠤᠨ ᠡᠩᠨᠡᠭᠡ ᠶᠢ ᠲᠠᠰᠤᠷᠠᠯᠲᠠ ᠦᠭᠡᠢ ᠪᠠᠶᠢᠭᠤᠯᠬᠤ ᠶᠢᠨ ᠲᠥᠯᠥᠭᠡ᠂ 11 ᠰᠠᠷ᠎ᠠ ᠶᠢᠨ 8 ᠤ ᠡᠳᠦᠷ᠂ ᠲᠣᠭᠲᠠᠬᠤ ᠰᠢᠶᠠᠨ ᠦᠨᠳᠦᠰᠦᠨ ᠱᠠᠲᠤᠨ ᠤ ᠨᠠᠮ ᠤᠨ ᠠᠵᠢᠯ ᠤᠨ ᠲᠤᠰᠬᠠᠶ ᠲᠤᠰᠢᠶᠠᠯᠲᠤ ᠠᠵᠢᠯᠲᠠᠨ ᠤ ᠪᠣᠯᠪᠠᠰᠤᠷᠠᠯ ᠤᠨ ᠠᠩᠭᠢ ᠶᠢ ᠡᠷᠬᠢᠯᠡᠪᠡ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠨᠠᠮ ᠤᠨ ᠰᠤᠷᠭᠠᠭᠤᠯᠢ ᠶᠢᠨ ᠵᠠᠬᠢᠷᠤᠯ᠂ ᠰᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ︵ᠠᠵᠢᠯᠴᠢᠨ︶ ᠤᠨ ᠨᠠᠮ ᠤᠨ ᠬᠤᠷᠢᠶᠠᠨ ᠤ ᠱᠦᠵᠢ ᠵᠠᠩ ᡁᠢ ᠢᠦᠶ ᠪᠣᠯᠪᠠᠰᠤᠷᠠᠯ ᠤᠨ ᠠᠩᠭᠢ ᠳᠤ ᠣᠷᠣᠯᠴᠠᠵᠤ᠂ ᠠᠯᠪᠠᠨ ᠪᠠᠶᠢᠭᠤᠯᠭ᠎ᠠ ᠶᠢᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠤᠰᠬᠠᠶ ᠲᠤᠰᠢᠶᠠᠯᠲᠤ ᠠᠵᠢᠯᠳᠠᠳ ᠪᠣᠯᠪᠠᠰᠤᠷᠠᠯ ᠳᠤ ᠣᠷᠣᠯᠴᠠᠪᠠ᠃      ᠪᠣᠯᠪᠠᠰᠤᠷᠠᠯ ᠤᠨ ᠠᠩᠭᠢ ᠳᠤ᠂ ᠵᠠᠩ ᡁᠢ ᠢᠦᠶ ᠪᠣᠳᠠᠲᠠᠶ ᠲᠠᠢ ᠤᠶᠠᠯᠳᠤᠭᠤᠯᠵᠤ᠂ ︽ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠶᠢᠨ ᠠᠴᠢ ᠬᠤᠯᠪᠣᠭᠳᠠᠯ ᠪᠠ ᠠᠵᠢᠯ ᠶᠢᠨ ᠰᠡᠳᠬᠢᠴᠡ︾ ᠶᠢᠨ ᠲᠣᠭᠤᠷᠢᠨ ᠳᠤ ᠲᠤᠰᠬᠠᠶ ᠰᠡᠳᠦᠪᠲᠦ ᠨᠠᠮ ᠤᠨ ᠬᠢᠴᠢᠶᠡᠯ ᠬᠢᠪᠡ᠃ ᠬᠤᠷᠠᠯ ᠳᠤ ᠣᠷᠣᠯᠴᠠᠭᠰᠠᠳ ᠪᠠᠰᠠ ︽ᠨᠠᠮ ᠤᠨ ᠡᠭᠦᠷ ᠤᠨ ᠠᠵᠢᠯ ᠤᠨ ᠳᠦᠷᠢᠮ ︵ᠲᠤᠷᠰᠢᠨ ᠬᠡᠷᠡᠭᠵᠢᠭᠦᠯᠬᠦ︶︾ ᠤᠨ ᠸᠢᠳᠢᠣ᠋ ᠶᠢᠨ ᠲᠠᠶᠢᠯᠤᠮᠵᠢ ᠶᠢ ᠰᠣᠨᠢᠷᠬᠠᠪᠠ᠃      ᠡᠯ᠎ᠡ ᠨᠠᠮ ᠤᠨ ᠡᠭᠦᠷ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷ ᠤᠨ ᠠᠵᠢᠯ ᠤᠨ ᠳᠦᠷᠢᠮ ︵ᠲᠤᠷᠰᠢᠨ ᠬᠡᠷᠡᠭᠵᠢᠭᠦᠯᠬᠦ︶︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠭᠡᠰᠢᠭᠦᠨ ᠤ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠳᠦᠷᠢᠮ︾ ᠪᠣᠯᠤᠨ ︽ᠨᠠᠮ ᠤᠨ ᠤᠯᠤᠰ ᠲᠥᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠯ︾ ᠵᠡᠷᠭᠡ ᠲᠥᠷᠦ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠬᠢᠨᠠᠮᠠᠭᠠᠶ ᠲᠤᠤᠱᠯᠠᠭᠤᠯᠤᠨ ᠨᠠᠢᠳᠠᠪᠤᠷᠢᠵᠢᠭᠤᠯᠬᠤ᠂ ︽ᠭᠤᠷᠪᠠᠨ ᠬᠤᠷᠠᠯ ᠨᠢᠭᠡ ᠬᠢᠴᠢᠶᠡᠯ︾ ᠤᠨ ᠳᠦᠷᠢᠮ ᠢ ᠴᠢᠩᠭ᠎ᠠ ᠬᠡᠷᠡᠭᠵᠢᠭᠦᠯᠵᠦ᠂ ᠨᠠᠮ ᠤᠨ ᠭᠡᠰᠢᠭᠦᠨ ᠢ ᠬᠥᠮᠦᠵᠢᠭᠦᠯᠬᠦ᠂ ᠬᠠᠮᠢᠶᠠᠷᠬᠤ᠂ ᠬᠢᠨᠠᠯᠲᠠ ᠲᠠᠯᠪᠢᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠬᠤ ᠬᠡᠷᠡᠭᠲᠡᠶ᠃ ᠨᠠᠷᠢᠨ ᠪᠢᠴᠢᠭ ᠤᠨ ᠠᠵᠢᠯᠲᠠᠳ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ  ᠰᠢᠢᠳᠪᠦᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠬᠡᠷᠡᠭᠵᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠦᠨᠳᠦᠰᠦᠨ ᠱᠠᠲᠤ ᠲᠠᠢ ᠰᠢᠭᠤᠳ ᠬᠠᠷᠢᠯᠴᠠᠬᠤ᠂ ᠣᠯᠠᠨ ᠲᠦᠮᠡᠨ ᠳᠤ ᠦᠢᠯᠡᠴᠢᠯᠡᠬᠦ ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠨᠡᠶᠢᠭᠡᠮ ᠲᠣᠭᠤᠷᠢᠭ ᠲᠤ ᠣᠷᠣᠬᠤ ᠂ ᠬᠥᠳᠡᠭᠡ ᠲᠣᠰᠬᠤᠨ ᠳᠤ ᠣᠷᠣᠬᠤ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠠᠷᠠᠳ ᠲᠤ ᠦᠢᠯᠡᠴᠢᠯᠡᠬᠦ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠪᠣᠯᠤᠨ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢᠶᠠᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠴᠢᠷᠮᠠᠶᠢᠨ ᠠᠬᠢᠭᠤᠯᠵᠤ᠂ ᠲᠤᠭᠳᠠᠬᠤ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠱᠠᠭᠠᠷᠳᠠᠭᠰᠠᠨ ᠪᠠᠶᠢᠨ᠎ᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1