ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠴᠦᠨ ᠶᠠᠨ ᠭᠦ᠋ ᠴᠧᠩ ᠪᠠᠯᠭᠠᠰᠤᠨ ᠤ ᠤᠤᠭᠤᠬᠤ ᠤᠰᠤᠨ ᠤ ᠠᠶᠤᠯᠭᠦᠶ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2019-11-14
      11 ᠰᠠᠷ᠎ᠠ ᠶᠢᠨ 12 ᠤᠨ ᠡᠳᠦᠷ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠲᠠᠢ ᠤᠶᠠᠯᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠴᠦᠨ ᠶᠠᠨ ᠭᠦ᠋ ᠴᠧᠩ ᠪᠠᠯᠭᠠᠰᠤᠨ ᠤ ᠤᠭᠤᠤᠬᠤ ᠤᠰᠤ ᠶᠢᠨ ᠠᠮᠤᠷ ᠲᠦᠪᠰᠢᠨ ᠤ ᠢᠨᠵᠧᠨᠧᠷᠢᠩ ᠤᠨ ᠲᠤᠬᠠᠶ ᠶᠢᠨ ᠲᠠᠯᠠᠪᠠᠢ ᠳᠤ ᠭᠦᠨᠵᠡᠭᠡᠶᠢᠷᠡᠵᠦ᠂ ᠲᠣᠰᠬᠤᠨ ᠤ ᠠᠷᠠᠳ ᠯᠢᠦ ᠴᠢᠶᠠᠨ ᠯᠢᠶᠠᠩ ᠤᠨ ᠭᠡᠷ ᠲᠤ ᠬᠥᠳᠡᠭᠡ ᠲᠣᠰᠬᠤᠨ ᠤ ᠤᠰᠤ ᠤᠮᠳᠠ ᠶᠢᠨ ᠠᠮᠤᠷ ᠲᠦᠪᠰᠢᠨ ᠤ ᠠᠵᠢᠯ ᠶᠢᠨ ᠲᠤᠬᠠᠶ ᠲᠤᠬᠠᠶ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠬᠢᠵᠡᠶ᠃ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠯᠢᠦ ᡁᠢ ᠴᠢᠶᠠᠩ᠂ ᠭᠦ᠋ ᠴᠧᠩ ᠪᠠᠯᠭᠠᠰᠤ᠂ ᠰᠢᠶᠠᠨ ᠤ ᠤᠰᠤᠨ ᠤ ᠶᠠᠪᠤᠳᠠᠯ ᠤᠨ ᠲᠣᠪᠴᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃      ᠬᠥᠳᠡᠭᠡ ᠲᠣᠰᠬᠤᠨ ᠤ ᠤᠰᠤ ᠤᠮᠳᠠ ᠶᠢᠨ ᠠᠮᠤᠷ ᠲᠦᠪᠰᠢᠨ ᠤ ᠢᠨᠵᠧᠨᠧᠷᠢᠩ ᠤᠨ ᠲᠤᠬᠠᠶ ᠶᠢᠨ ᠲᠠᠯᠠᠪᠠᠢ ᠳᠤ᠂ ᠯᠢ ᠴᠦᠨ ᠶᠠᠨ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠪᠣᠳᠠᠲᠠᠶ ᠭᠠᠵᠠᠷ ᠲᠤᠨᠢ ᠪᠠᠶᠢᠴᠠᠭᠠᠨ ᠦᠵᠡᠵᠦ᠂ ᠤᠰᠤ ᠤᠮᠳᠠ ᠶᠢᠨ ᠡᠬᠢ ᠰᠤᠷᠪᠤᠯᠵᠢ ᠶᠢᠨ ᠪᠠᠲᠤᠯᠠᠭ᠎ᠠ᠂ ᠤᠰᠤ ᠲᠦᠭᠡᠭᠡᠬᠦ ᠰᠢᠰᠲ᠋ᠧᠮ᠂ ᠤᠰᠤ ᠤᠮᠳᠠ ᠶᠢ ᠡᠷᠦᠬᠡ ᠳᠤ ᠣᠷᠣᠭᠤᠯᠤᠭᠰᠠᠨ ᠨᠣᠷᠮ᠎ᠠ ᠵᠡᠷᠭᠡ ᠪᠠᠶᠢᠳᠠᠯ ᠢ ᠨᠠᠷᠢᠨ ᠣᠶᠢᠯᠭᠠᠭᠰᠠᠨ ᠪᠥᠭᠡᠳ ᠤᠰᠤᠨ ᠤ ᠴᠢᠨᠠᠷ᠂ ᠤᠰᠤᠨ ᠤ ᠬᠡᠮᠵᠢᠶ᠎ᠡ᠂ ᠤᠰᠤ ᠬᠡᠷᠡᠭᠯᠡᠬᠦ ᠳᠤ ᠳᠥᠭᠦᠮ  ᠪᠠᠶᠢᠬᠤ ᠬᠡᠮᠵᠢᠶ᠎ᠡ᠂ ᠤᠰᠤ ᠬᠠᠩᠭᠠᠬᠤ ᠶᠢ ᠪᠠᠲᠤᠯᠠᠬᠤ ᠨᠣᠷᠮ᠎ᠠ ᠵᠡᠷᠭᠡ ᠲᠠᠯ᠎ᠠ ᠪᠠᠷ ᠪᠣᠳᠠᠲᠠᠶ ᠱᠠᠭᠠᠷᠳᠠᠯᠭ᠎ᠠ ᠳᠤᠷᠠᠳᠴᠠᠶ᠃ ᠲᠣᠰᠬᠤᠨ ᠤ ᠠᠷᠠᠳ ᠯᠢᠦ ᠴᠢᠶᠠᠨ ᠯᠢᠶᠠᠩ ᠤᠨ ᠭᠡᠷ ᠲᠤ᠂ ᠯᠢ ᠴᠦᠨ ᠶᠠᠨ ᠤᠰᠤᠨ ᠤ ᠦᠨᠦᠷ᠂ ᠤᠰᠤᠨ ᠴᠣᠭᠴᠠ ᠵᠡᠷᠭᠡ ᠲᠠᠯ᠎ᠠ ᠪᠠᠷ ᠡᠷᠦᠬᠡ ᠳᠤ ᠣᠷᠣᠬᠤ ᠤᠰᠤᠨ ᠤ ᠡᠬᠢ ᠰᠤᠷᠪᠤᠯᠵᠢ ᠶᠢᠨ ᠶᠡᠷᠦᠩᠬᠡᠶ ᠶᠠᠰᠤ ᠴᠢᠨᠠᠷ ᠢ ᠣᠶᠢᠯᠠᠭᠠᠭᠰᠠᠨ ᠤ ᠳᠠᠷᠠᠭ᠎ᠠ ᠲᠣᠰᠬᠤᠨ ᠤ ᠠᠷᠠᠳ ᠲᠤ᠄ ᠣᠳᠣ ᠶᠢᠨ ᠤᠰᠤ ᠪᠣᠯ ᠴᠡᠪᠡᠷᠰᠢᠭᠦᠯᠦᠭᠰᠡᠨ ᠤ ᠳᠠᠷᠠᠭᠠᠬᠢ ᠪᠠᠷᠢᠮᠵᠢᠶ᠎ᠠ ᠳᠤ ᠬᠦᠷᠦᠭᠰᠡᠨ ᠤᠰᠤ ᠮᠥᠨ᠂ ᠰᠣᠨᠢᠨ ᠦᠨᠦᠷ ᠦᠭᠡᠢ᠂ ᠤᠰᠤᠨ ᠴᠣᠭᠴᠠ ᠭᠡᠭᠡᠨ ᠰᠠᠷᠠᠭᠤᠯ᠂ ᠲᠠ ᠨᠠᠷ ᠰᠠᠨᠠᠭ᠎ᠠ ᠠᠮᠤᠷ ᠪᠠᠶᠢᠭᠠᠷᠠᠶ ᠭᠡᠵᠦ ᠬᠡᠯᠡᠪᠡ᠃  ᠡᠨᠡ ᠨᠢ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠲᠠᠢ ᠬᠤᠯᠪᠣᠭᠳᠠᠵᠤ᠂ ᠣᠯᠠᠨ ᠲᠦᠮᠡᠨ ᠤ ᠬᠦᠰᠡᠨ ᠡᠷᠡᠮᠡᠯᠵᠡᠵᠦ ᠪᠠᠶᠢᠭ᠎ᠠ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠦ ᠶᠢᠨ ᠬᠠᠷᠢᠭᠤᠴᠠᠯᠭ᠎ᠠ ᠪᠠᠨ ᠳᠡᠭᠡᠭᠰᠢᠯᠡᠭᠦᠯᠵᠦ᠂ ᠡᠯ᠎ᠡ ᠲᠠᠯ᠎ᠠ ᠶᠢᠨ ᠬᠦᠴᠦᠨ ᠢ ᠢᠳᠡᠪᠬᠢᠲᠡᠢ ᠵᠣᠬᠢᠴᠠᠭᠤᠯᠵᠤ᠂ ᠠᠮᠤᠷ ᠲᠦᠪᠰᠢᠨ ᠤ ᠤᠤᠭᠤᠬᠤ ᠤᠰᠤ ᠶᠢ ᠡᠷᠲᠡᠬᠡᠨ ᠲᠦᠭ ᠲᠦᠮᠡᠨ ᠠᠶᠢᠯ ᠡᠷᠦᠬᠡ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠶ ᠭᠡᠵᠦ ᠵᠠᠬᠢᠪᠠ᠃      ᠯᠢ ᠴᠦᠨ ᠶᠠᠨ ᠪᠠᠶᠢᠴᠠᠭᠠᠨ ᠰᠤᠳᠤᠯᠬᠤ ᠳᠠᠭᠠᠨ᠂ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠠᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ︽ᠬᠤᠶᠠᠷ ᠲᠤ ᠵᠣᠪᠠᠭ᠋ᠤ ᠦᠭᠡᠢ ᠂ ᠭᠤᠷᠪᠠ ᠶᠢ ᠪᠠᠲᠤᠯᠠᠬᠤ︾ ᠬᠠᠷᠠᠯᠲᠠ ᠶᠢ ᠪᠡᠶᠡᠯᠡᠭᠦᠯᠬᠦ ᠳᠤᠮᠳᠠᠬᠢ ᠭᠤᠤᠯᠳᠠᠯᠭ᠎ᠠ ᠲᠠᠢ ᠠᠵᠢᠯ ᠮᠥᠨ᠂ ᠪᠠᠰᠠ ᠴᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠷᠪᠠᠨ ᠵᠦᠢᠯ ᠤᠨ ᠪᠦᠬᠦᠨ ᠢ ᠴᠡᠪᠡᠷᠯᠡᠨ ᠪᠠᠷᠢᠮᠵᠢᠶ᠎ᠠ ᠳᠤ ᠬᠦᠷᠭᠡᠬᠦ ᠡᠭᠦᠷᠭᠡ ᠶᠢᠨ ᠨᠢᠭᠡ ᠮᠥᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠲᠠᠢ ᠤᠶᠠᠯᠳᠤᠭᠤᠯᠬᠤ ᠬᠡᠷᠡᠭᠲᠡᠶ᠃ ︽ᠤᠭ ᠰᠠᠨᠠᠭ᠎ᠠ ᠪᠠᠨ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠵᠥᠷᠢᠶ᠎ᠡ ᠪᠠᠨ ᠡᠷᠢᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ︾ ᠶᠡᠷᠦᠩᠬᠡᠶ ᠱᠠᠭᠠᠷᠳᠠᠯᠭ᠎ᠠ ᠶᠢ ᠪᠠᠲᠤ ᠡᠵᠡᠮᠳᠡᠵᠦ᠂ ᠶᠡᠷᠦᠩᠬᠡᠶ ᠱᠦᠵᠢ ᠰᠢ ᠶᠢᠨ ᠫᠢᠩ ᠤᠨ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠵᠤ᠂ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠳᠠᠷᠠᠭᠠᠯᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠲᠤᠷᠰᠢᠯᠭ᠎ᠠ ᠪᠠᠨ ᠴᠠᠭ ᠲᠤᠬᠠᠶ ᠳᠤᠨᠢ ᠪᠣᠯᠪᠠᠰᠤᠷᠠᠭᠤᠯᠵᠤ᠂ ᠳᠤᠲᠠᠭᠤᠳᠠᠯ ᠪᠠ ᠪᠠᠭᠤᠷᠠᠶ ᠭᠤᠭᠴᠤᠭ᠎ᠠ ᠶᠢ ᠴᠢᠩᠭ᠎ᠠ ᠠᠩᠬᠠᠷᠴᠤ᠂ ᠨᠠᠶᠢᠳᠠᠪᠤᠷᠢᠵᠢᠭᠤᠯᠤᠯᠲᠠ ᠶᠢ ᠬᠢᠨᠠᠮᠠᠭᠠᠶ ᠰᠠᠶᠢᠲᠤᠷ ᠠᠳᠬᠤᠵᠤ᠂ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1