ᠮᠠᠨ ᠤ ᠣᠷᠣᠨ ᠤ ︽i ᠭᠠᠶᠢᠯᠢ ᠶᠢᠨ ᠦᠢᠯᠡᠴᠢᠯᠡᠭᠡᠨ ᠤ ᠲᠠᠪᠴᠠᠩ︾ ᠢ ᠲᠥᠷᠥ ᠶᠢᠨ ᠶᠠᠪᠤᠳᠠᠯ ᠤᠨ ᠬᠤᠷᠢᠶᠠᠨ ᠤ ᠵᠢᠷᠭᠤᠳᠤᠭᠠᠷ ᠤᠳᠠᠭ᠎ᠠ ᠶᠢᠨ ᠶᠡᠭᠡ ᠰᠢᠮᠳᠠᠭᠤᠯᠤᠨ ᠪᠠᠶᠢᠴᠠᠭᠠᠯᠲᠠ ᠠᠴᠠ ᠨᠡᠪᠲᠡᠷᠡᠭᠦᠯᠦᠨ ᠰᠠᠶᠢᠰᠢᠶᠠᠪᠠ
ᠨᠡᠶᠢᠲᠡᠯᠡᠭᠰᠡᠨ ᠴᠠᠭ᠄
2019-11-14
      11 ᠳ᠋ᠦ᠋ᠭᠡᠷ ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 11 ᠳ᠋ᠦ᠋ᠭᠡᠷ ᠰᠠᠷ᠎ᠠ ᠶᠢᠨ 4 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠮᠡᠳᠡᠭᠳᠡᠯ ᠪᠠᠭᠤᠯᠭᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠵᠢᠷᠭᠤᠳᠤᠭᠠᠷ ᠤᠳᠠᠭ᠎ᠠ ᠶᠢᠨ ᠶᠡᠭᠡ ᠰᠢᠮᠳᠠᠭᠤᠯᠤᠨ ᠪᠠᠶᠢᠴᠠᠭᠠᠯᠲᠠ ᠳᠤ ᠢᠯᠡᠷᠡᠭᠦᠯᠦᠭᠰᠡᠨ 32 ᠵᠦᠢᠯ ᠤᠨ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠢ ᠨᠣᠲᠠᠯᠠᠪᠠ᠂ ᠡᠭᠦᠨ ᠳᠤ᠂ ᠮᠠᠨ ᠤ ᠣᠷᠣᠨ ᠤ ᠬᠡᠷᠡᠭᠵᠢᠭᠦᠯᠦᠭᠰᠡᠨ ︽i ᠭᠠᠶᠢᠯᠢ ᠶᠢᠨ ᠦᠢᠯᠡᠴᠢᠯᠡᠭᠡᠨ ᠤ ᠲᠠᠪᠴᠠᠩ︾ ᠢ ᠨᠡᠪᠲᠡᠷᠡᠭᠦᠯᠦᠨ ᠰᠠᠶᠢᠰᠢᠶᠠᠪᠠ᠃        ᠤᠢᠢᠯᠠᠭᠠᠭᠰᠠᠠ ᠢᠶᠠᠷ᠂ ᠣᠶᠢᠷ᠎ᠠ ᠶᠢᠨ ᠬᠤᠭᠤᠴᠠᠭᠠᠨ ᠳᠤ ᠲᠥᠷᠦ ᠶᠢᠨ ᠶᠠᠪᠤᠳᠠᠯ ᠤᠨ ᠬᠤᠷᠢᠶ᠎ᠠ ᠭᠠᠶᠢᠯᠢ ᠶᠢ ᠬᠥᠩᠭᠡᠯᠡᠬᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ 5 ᠲᠠᠯ᠎ᠠ ᠶᠢᠨ ᠠᠵᠢᠯ ᠤᠨ ᠪᠠᠶᠢᠳᠠᠯ ᠤᠨ ᠲᠤᠬᠠᠶ ᠵᠢᠷᠭᠤᠳᠤᠭᠠᠷ ᠤᠳᠠᠭ᠎ᠠ ᠶᠢᠨ ᠶᠡᠭᠡ ᠰᠢᠮᠳᠠᠭᠤᠯᠤᠨ ᠪᠠᠶᠢᠴᠠᠭᠠᠯᠲᠠ ᠬᠢᠪᠡ᠃ ᠨᠡᠪᠲᠡᠷᠡᠭᠦᠯᠦᠨ ᠰᠠᠶᠢᠰᠢᠶᠠᠭᠳᠠᠭᠰᠠᠨ ︽i ᠭᠠᠶᠢᠯᠢ ᠶᠢᠨ ᠦᠢᠯᠡᠴᠢᠯᠡᠭᠡᠨ ᠤ ᠲᠠᠪᠴᠠᠩ︾ ᠢ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠰᠤᠳᠤᠯᠤᠨ ᠨᠡᠭᠡᠭᠡᠪᠡ᠂ ᠲᠣᠰ ᠲᠠᠪᠴᠠᠩ ᠨᠢ ᠭᠠᠷ ᠤᠲᠠᠰᠤ ᠵᠡᠷᠭᠡ ᠰᠢᠯᠵᠢᠮᠡᠯ ᠢᠨᠲ᠋ᠧᠷ ᠰᠦᠯᠵᠢᠶ᠎ᠡ ᠶᠢᠨ ᠦᠵᠦᠭᠦᠷᠯᠢᠭ ᠢᠶᠠᠷ ᠳᠠᠮᠵᠢᠭᠤᠯᠤᠨ᠂ ᠰᠦᠯᠵᠢᠶᠡᠨ ᠳᠡᠭᠡᠷ᠎ᠡ ᠭᠠᠶᠢᠯᠢ ᠭᠦᠢᠴᠡᠳᠬᠡᠬᠦ ᠰᠠᠭᠤᠷᠢᠨ ᠳᠡᠭᠡᠷ᠎ᠡ᠂ ᠣᠳᠣ ᠪᠠᠶᠢᠭ᠎ᠠ ᠭᠠᠶᠢᠯᠢ ᠲᠠᠲᠠᠪᠤᠷᠢᠯᠠᠬᠤ ᠪᠠ ᠲᠤᠰᠢᠶᠠᠬᠤ ᠶᠢ ᠨᠡᠪᠲᠡᠷᠡᠯᠴᠡᠭᠦᠯᠬᠦ ᠠᠷᠭ᠎ᠠ ᠵᠠᠮ ᠢ ᠰᠢᠯᠢᠳᠡᠭᠵᠢᠭᠦᠯᠦᠨ ᠨᠡᠶᠢᠯᠡᠭᠦᠯᠵᠦ᠂ ᠭᠠᠶᠢᠯᠢ ᠲᠤᠰᠢᠶᠠᠭᠴᠢ ᠪᠠ ᠰᠦᠢᠳᠬᠡᠯ ᠲᠤᠰᠢᠶᠠᠭᠴᠢ ᠳᠤ ᠭᠠᠶᠢᠯᠢ ᠶᠢ ᠬᠥᠩᠭᠡᠯᠡᠬᠦ ᠶᠢ ᠪᠠᠭᠲᠠᠭᠠᠭᠰᠠᠨ ᠭᠠᠶᠢᠯᠢ ᠲᠤᠰᠢᠶᠠᠬᠤ ᠰᠦᠢᠳᠬᠡᠯ ᠲᠤᠰᠢᠶᠠᠬᠤ ᠦᠢᠯᠡᠴᠢᠯᠡᠭᠡ ᠪᠠ ᠤᠬᠠᠭᠤᠯᠭ᠎ᠠ ᠪᠣᠯᠪᠠᠰᠤᠷᠠᠭᠤᠯᠤᠯ᠂ ᠭᠠᠶᠢᠯᠢ ᠳᠤ ᠬᠤᠯᠪᠣᠭᠳᠠᠬᠤ ᠲᠤᠬᠠᠶᠢᠯᠠᠭᠰᠠᠨ ᠠᠵᠢᠯ ᠤᠨ ᠯᠠᠪᠯᠠᠭ᠎ᠠ᠂ ᠭᠠᠶᠢᠯᠢ ᠳᠤ ᠬᠤᠯᠪᠣᠭᠳᠠᠬᠤ ᠵᠦᠢᠯᠡᠰ ᠢ ᠰᠠᠨᠠᠭᠤᠯᠬᠤ ᠵᠡᠷᠭᠡ ᠬᠤᠪᠢ ᠬᠥᠮᠦᠨ ᠤ ᠦᠢᠯᠡᠴᠢᠯᠡᠭᠡ ᠬᠠᠩᠭᠠᠵᠠᠢ᠃      ︽i ᠭᠠᠶᠢᠯᠢ ᠶᠢᠨ ᠦᠢᠯᠡᠴᠢᠯᠡᠭᠡᠨ ᠤ ᠲᠠᠪᠴᠠᠩ︾ ᠢ ᠡᠨᠡ ᠵᠢᠯ ᠤᠨ ᠡᠬᠢ ᠪᠠᠷ ᠲᠤᠷᠰᠢᠨ ᠠᠵᠢᠯᠯᠠᠭᠤᠯᠵᠤ᠂ 7 ᠳ᠋ᠤᠭᠠᠷ ᠰᠠᠷ᠎ᠠ ᠳᠤ ᠪᠥᠬᠦ ᠣᠷᠣᠨ ᠳᠤ ᠳᠡᠯᠭᠡᠷᠡᠭᠦᠯᠦᠨ ᠬᠡᠷᠡᠭᠯᠡᠪᠡ᠃ ᠣᠳᠣᠬᠠᠨ ᠪᠣᠯᠲᠠᠯ᠎ᠠ᠂ ᠪᠥᠬᠦ ᠣᠷᠣᠨ ᠤ 60 ᠲᠦᠮᠡᠨ ᠭᠠᠶᠢᠯᠢ ᠲᠤᠰᠢᠶᠠᠭᠴᠢ᠂ ᠰᠦᠢᠳᠬᠡᠯ ᠲᠤᠰᠢᠶᠠᠭᠴᠢ ᠨᠢ ︽i ᠭᠠᠶᠢᠯᠢ ᠶᠢᠨ ᠦᠢᠯᠡᠴᠢᠯᠡᠭᠡᠨ ᠤ ᠲᠠᠪᠴᠠᠩ︾ ᠢ ᠬᠡᠷᠡᠭᠯᠡᠵᠦ᠂ ᠪᠥᠬᠦ ᠣᠷᠣᠨ ᠤ ᠬᠦᠴᠦᠨ ᠪᠦᠬᠦᠢ ᠭᠠᠶᠢᠯᠢ ᠲᠤᠰᠢᠶᠠᠭᠴᠢ ᠶᠢᠨ 60 % ᠠᠴᠠ ᠳᠡᠭᠡᠭᠰᠢᠬᠢ ᠶᠢ ᠡᠵᠡᠯᠡᠪᠡ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1