ᠦᠪᠡᠷᠳᠡᠬᠡᠨ ᠵᠠᠰᠠᠬᠤ ᠤᠷᠤᠨ ᠤ ᠠᠮᠢ ᠠᠬᠤᠢ ᠤᠷᠴᠢᠨ ᠳᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠳᠠᠶᠢᠴᠢᠯᠠᠨ ᠪᠤᠯᠪᠠᠰᠤᠷᠠᠭᠤᠯᠬᠤ ᠬᠤᠷᠠᠯ ᠬᠤᠷᠠᠯᠳᠤᠪᠠ ᠪᠤᠤ ᠭᠠᠩ ᠶᠠᠷᠢᠶ᠎ᠠ ᠳᠠᠯᠪᠢᠵᠠᠢ
ᠨᠡᠶᠢᠲᠡᠯᠡᠭᠰᠡᠨ ᠴᠠᠭ᠄
2019-11-14
      11 ᠰᠠᠷ᠎ᠠ ᠶᠢᠨ 11 ᠤ ᠡᠳᠦᠷ᠂ ᠦᠪᠡᠷᠳᠡᠬᠡᠨ ᠵᠠᠰᠠᠬᠤ ᠤᠷᠤᠨ ᠤ ᠠᠮᠢ ᠠᠬᠤᠢ ᠤᠷᠴᠢᠨ ᠳᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠳᠠᠶᠢᠴᠢᠯᠠᠨ ᠪᠤᠯᠪᠠᠰᠤᠷᠠᠭᠤᠯᠬᠤ ᠬᠤᠷᠠᠯ ᠬᠦᠬᠡᠬᠤᠳᠠ ᠳᠤ ᠬᠤᠷᠠᠯᠳᠤᠪᠠ᠃ ᠦᠪᠡᠷᠳᠡᠬᠡᠨ ᠵᠠᠰᠠᠬᠤ ᠤᠷᠤᠨ ᠤ ᠳᠡᠳ᠋ ᠳᠡᠷᠢᠬᠦᠯᠡᠭᠴᠢ ᠪᠤᠤ ᠭᠠᠩ ᠬᠤᠷᠠᠯ ᠳᠤ ᠤᠷᠤᠯᠴᠠᠵᠦ ᠶᠠᠷᠢᠶ᠎ᠠ ᠳᠠᠯᠪᠢᠵᠠᠢ᠃        ᠪᠤᠤ ᠭᠠᠩ᠂ ᠮᠤᠵᠢ ᠶᠢᠨ ᠱᠠᠳᠤᠨ ᠤ ᠠᠮᠢ ᠠᠬᠤᠢ ᠤᠷᠴᠢᠨ ᠳᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠪᠤᠯ ᠳᠦᠪ ᠤᠨ ᠠᠮᠢ ᠠᠬᠤᠢ ᠤᠷᠴᠢᠨ ᠳᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠴᠢᠬᠤᠯᠠ ᠦᠷᠬᠦᠯᠵᠢᠯᠡᠯ ᠪᠠ ᠨᠦᠬᠦᠪᠤᠷᠢᠯᠠᠯ ᠪᠤᠯᠬᠤ ᠶᠤᠮ᠂ ᠤᠯᠠᠨ ᠢᠶᠠᠷ ᠢᠶᠠᠨ ᠡᠷᠬᠡᠪᠰᠢ ᠤᠯᠤᠰ ᠳᠦᠷᠦ ᠶᠢᠨ ᠵᠤᠬᠰᠤᠴᠠ ᠪᠠᠨ ᠳᠡᠬᠡᠭᠰᠢᠯᠡᠬᠦᠯᠵᠦ᠂ ᠤᠯᠤᠰ ᠳᠦᠷᠦ ᠶᠢ ᠡᠷᠬᠢᠮᠯᠡᠬᠦ ᠦᠨᠳᠤᠷᠴᠠ ᠠᠴᠠ ᠡᠨᠡ ᠤᠳᠠᠭᠠᠨ ᠤ ᠱᠠᠯᠠᠪᠳᠠᠭᠤᠯᠤᠨ ᠪᠠᠶᠢᠴᠠᠭᠠᠬᠤ ᠠᠵᠢᠯ ᠢ ᠴᠢᠬᠤᠯᠠᠴᠢᠯᠠᠨ ᠦᠵᠡᠵᠦ᠂ ᠤᠯᠤᠰ ᠳᠦᠷᠦ ᠶᠢᠨ ᠱᠠᠯᠠᠪᠳᠠᠭᠤᠯᠤᠨ ᠪᠠᠶᠢᠴᠠᠭᠠᠬᠤ ᠪᠡ ᠤᠯᠤᠰ ᠳᠦᠷᠦ ᠶᠢᠨ ᠰᠢᠯᠭᠠᠨ ᠦᠵᠡᠬᠦ ᠠᠵᠢᠯ ᠢ ᠳᠤᠪᠤᠶᠢᠯᠭᠠᠵᠦ᠂ ᠠᠵᠢᠯ ᠤᠨ ᠬᠠᠷᠢᠭᠤᠴᠠᠯᠭᠠᠳᠤ ᠰᠡᠳᠬᠢᠯᠬᠡ ᠪᠡ ᠡᠬᠦᠷᠬᠡᠳᠦ ᠪᠤᠳᠤᠯ ᠢ ᠦᠨᠡᠨ ᠬᠦ ᠴᠢᠩᠭᠠᠳᠬᠠᠬᠤ ᠬᠡᠷᠡᠭᠳᠡᠢ ᠬᠡᠵᠦ ᠵᠢᠭᠠᠵᠦ ᠭᠠᠷᠭᠠᠪᠠ᠃      ᠪᠤᠤ ᠭᠠᠩ᠂ ᠡᠷᠬᠡᠪᠰᠢ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠭᠤᠤᠯᠳᠠᠯᠭ᠎ᠠ ᠶᠢ ᠳᠤᠪᠤᠶᠢᠯᠭᠠᠬᠤ ᠬᠡᠷᠡᠭᠳᠡᠢ᠃ ᠡᠨᠡ ᠤᠳᠠᠭᠠᠨ ᠤ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠡᠩ ᠲᠡᠷᠢᠬᠦᠨ ᠳᠤ ᠡᠯ᠎ᠠ ᠠᠶᠢᠮᠠᠬ ᠬᠤᠳᠠ ᠶᠢᠨ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠪᠤᠯᠤᠨ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠠᠮᠢ ᠠᠬᠤᠢ ᠤᠷᠴᠢᠨ ᠳᠤᠭᠤᠷᠢᠨ ᠤ ᠬᠠᠮᠠᠭᠠᠯᠠᠯᠳᠠ ᠶᠢᠨ ᠠᠵᠢᠯ ᠤᠨ ᠳᠠᠯ᠎ᠠ ᠪᠠᠷ ᠬᠢ ᠴᠢᠬᠤᠯᠠ ᠵᠤᠷᠢᠬ ᠰᠠᠨᠠᠭ᠎ᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠦ ᠪᠠᠶᠢᠭ᠎ᠠ ᠪᠠᠶᠢᠳᠠᠯ ᠢ ᠱᠠᠯᠠᠪᠳᠠᠭᠤᠯᠤᠨ ᠪᠠᠶᠢᠴᠠᠭᠠᠨ᠎ᠠ᠃ ᠬᠤᠶᠠᠷ ᠲᠤ᠂ ᠡᠷᠬᠡᠪᠰᠢ ᠳᠦᠪ ᠤᠨ ᠤᠷᠴᠢᠨ ᠳᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠵᠦ ᠴᠡᠭᠴᠡᠯᠡᠨ ᠵᠠᠰᠠᠵᠦ ᠪᠠᠶᠢᠭ᠎ᠠ ᠪᠠᠶᠢᠳᠠᠯ ᠢ ᠨᠢᠬᠡᠳ ᠨᠢᠬᠡ ᠪᠠᠷ ᠬᠢᠨᠡᠨ ᠳᠤᠳᠤᠯᠠᠬᠤ ᠬᠡᠷᠡᠭᠳᠡᠢ᠃ ᠭᠤᠷᠪᠠ ᠳᠤ᠂ ᠡᠷᠬᠡᠪᠰᠢ ᠤᠳᠤᠬᠠᠨ ᠳᠤ ᠶᠠᠬ ᠶᠠᠪᠤᠬᠳᠠᠵᠦ ᠪᠠᠶᠢᠭ᠎ᠠ ︽ᠤᠬ ᠰᠠᠨᠠᠭ᠎ᠠ ᠪᠠᠨ ᠦᠯᠦ ᠮᠡᠷᠳᠡᠵᠦ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠬᠦ︾ ᠭᠤᠤᠯ ᠰᠡᠳᠦᠪᠳᠤ ᠬᠦᠮᠦᠵᠢᠯ ᠲᠠᠢ ᠤᠶᠠᠯᠳᠤᠭᠤᠯᠤᠨ᠂ ᠱᠠᠯᠠᠪᠳᠠᠭᠤᠯᠤᠨ ᠪᠠᠶᠢᠴᠠᠭᠠᠬᠳᠠᠬᠤ ᠭᠠᠵᠠᠷ ᠤᠷᠤᠨ ᠢ ᠱᠠᠯᠠᠪᠳᠠᠭᠤᠯᠵᠦ ᠪᠠᠶᠢᠭᠠᠳ ᠤᠯᠠᠨ ᠳᠦᠮᠡᠨ ᠤ ᠳᠡᠷᠬᠡᠳᠡᠬᠢ ᠠᠮᠢ ᠠᠬᠤᠢ ᠤᠷᠴᠢᠨ ᠳᠤᠭᠤᠷᠢᠨ ᠤ ᠠᠰᠠᠭᠤᠳᠠᠯ ᠤᠳ ᠢ ᠴᠠᠬ ᠳᠤᠬᠠᠢ ᠳᠤᠨᠢ ᠰᠢᠢᠳᠪᠤᠷᠢᠯᠡᠬᠦ ᠬᠡᠷᠡᠭᠳᠡᠢ᠃ ᠱᠠᠯᠠᠪᠳᠠᠭᠤᠯᠤᠨ ᠪᠠᠶᠢᠴᠠᠭᠠᠬᠤ ᠶᠠᠪᠤᠴᠠ ᠳᠤ᠂ ᠡᠷᠬᠡᠪᠰᠢ ᠬᠠᠮᠠᠭᠠᠯᠠᠬᠤ ᠪᠡ ᠬᠦᠭᠵᠢᠬᠦᠯᠬᠦ᠂ ᠨᠡᠮᠡᠭᠳᠡᠯ ᠢ ᠳᠤᠬᠳᠠᠪᠤᠷᠢᠵᠢᠭᠤᠯᠬᠤ ᠪᠡ ᠪᠤᠬᠢᠷᠳᠤᠯ ᠢ ᠵᠠᠰᠠᠬᠤ ᠶᠢᠨ ᠬᠠᠷᠢᠴᠠᠭ᠎ᠠ ᠶᠢ ᠰᠠᠶᠢᠳᠤᠷ ᠰᠢᠢᠳᠪᠤᠷᠢᠯᠡᠬᠦ ᠬᠡᠷᠡᠭᠳᠡᠢ︔ ᠡᠷᠬᠡᠪᠰᠢ ᠶᠠᠷᠢᠶ᠎ᠠ ᠬᠡᠯᠡᠯᠴᠡᠬᠡᠨ ᠤ ᠤᠬᠠᠭᠤᠯᠭ᠎ᠠ ᠪᠠ ᠵᠢᠯᠤᠭᠤᠳᠤᠯᠭ᠎ᠠ ᠶᠢ ᠴᠢᠩᠭᠠᠳᠬᠠᠵᠦ᠂ ᠪᠦᠬᠦ ᠨᠡᠶᠢᠭᠡᠮ ᠤᠨ ᠬᠢᠨ ᠢ ᠳᠠᠶᠢᠴᠢᠯᠠᠵᠦ ᠪᠠᠶᠢᠭᠠᠳ ᠠᠮᠢ ᠠᠬᠤᠢ ᠤᠷᠴᠢᠨ ᠳᠤᠭᠤᠷᠢᠨ ᠤ ᠬᠠᠮᠠᠭᠠᠯᠠᠯᠳᠠ ᠶᠢᠨ ᠠᠵᠢᠯ ᠳᠤ ᠤᠷᠤᠯᠴᠠᠬᠤ ᠢᠳᠡᠪᠬᠢᠵᠢᠯ ᠢ ᠨᠢ ᠪᠠᠳᠠᠷᠠᠭᠤᠯᠬᠤ ᠬᠡᠷᠡᠭᠳᠡᠢ︔ ᠡᠷᠬᠡᠪᠰᠢ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠳᠤᠯᠭᠠᠬᠤ ᠵᠡᠪᠰᠡᠭ ᠢ ᠰᠠᠶᠢᠳᠤᠷ ᠬᠡᠷᠡᠭᠯᠡᠵᠦ᠂ ᠦᠪᠡᠷᠳᠡᠬᠡᠨ ᠵᠠᠰᠠᠬᠤ ᠤᠷᠤᠨ ᠤ ᠠᠮᠢ ᠠᠬᠤᠢ ᠤᠷᠴᠢᠨ ᠳᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠬᠤ ᠡᠬᠦᠷᠬᠡ ᠶᠢ ᠪᠦᠬᠦ ᠳᠠᠯ᠎ᠠ ᠪᠠᠷ ᠰᠠᠶᠢᠳᠤᠷ ᠪᠡᠶᠡᠯᠡᠬᠦᠯᠬᠦ ᠬᠡᠷᠡᠭᠳᠡᠢ ᠬᠡᠵᠦ ᠴᠢᠬᠤᠯᠠᠴᠢᠯᠠᠪᠠ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1