ᠸᠠᠩ ᠯᠢ ᠰᠢᠶᠠ ᠮᠠᠨ ᠤ ᠬᠤᠲᠠ ᠶᠢᠨ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠬᠠᠷᠢᠭᠤ ᠮᠡᠳᠡᠭᠦᠯᠦᠯᠲᠡ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-11-14
      ᠲᠥᠪ ᠤᠨ ᠭᠤᠣᠯ ᠰᠡᠳᠦᠪᠲᠦ ᠬᠥᠮᠦᠵᠢᠯ ᠤᠨ ᠬᠤᠶᠠᠳᠤᠭᠠᠷ ᠲᠤᠭᠤᠷᠢᠨ ᠪᠠᠶᠢᠴᠠᠭᠠᠵᠤ ᠰᠢᠮᠳᠠᠭᠤᠯᠤᠨ ᠵᠢᠯᠣᠭᠤᠳᠬᠤ ᠳᠤᠭᠤᠶᠢᠯᠠᠩ ᠲᠣᠭᠤᠷᠢᠨ ᠦᠵᠡᠵᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃      ᠬᠦᠬᠡᠬᠤᠲᠠ ᠶᠢᠨ ᠡᠳᠦᠷ ᠤᠨ ᠰᠤᠨᠢᠨ ᠤ ᠮᠡᠳᠡᠭᠡ ︵ᠰᠤᠷᠪᠤᠯᠵᠢᠯᠠᠭᠴᠢ ᠹᠧᠩ ᠶᠠᠨ ᠫᠢᠩ︶ 11 ᠳ᠋ᠤᠭᠡᠷ ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠮᠠᠨ ᠤ ᠬᠤᠲᠠ ᠶᠢᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ᠂ ᠰᠢᠨ᠎ᠡ ᠬᠤᠲᠠ ᠲᠣᠭᠤᠷᠢᠭ ᠤᠨ ᠪᠦᠯᠬᠦᠮᠳᠡᠯ ᠬᠤᠷᠢᠶᠠᠯᠠᠯ ᠪᠠ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠬᠠᠷᠢᠭᠤ ᠮᠡᠳᠡᠭᠦᠯᠦᠯᠲᠡ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠪ ᠤᠨ ᠭᠤᠤᠯ ᠰᠡᠳᠦᠪᠲᠦ ᠬᠥᠮᠦᠵᠢᠯ ᠤᠨ ᠬᠤᠶᠠᠳᠤᠭᠠᠷ ᠲᠤᠭᠤᠷᠢᠨ ᠪᠠᠶᠢᠴᠠᠭᠠᠵᠤ ᠰᠢᠮᠳᠠᠭᠤᠯᠤᠨ ᠵᠢᠯᠤᠭᠤᠳᠬᠤ ᠲᠤᠭᠤᠶᠢᠯᠠᠩ ᠲᠣᠭᠤᠷᠢᠨ ᠦᠵᠡᠵᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃      ᠪᠦᠯᠬᠦᠮᠳᠡᠯ ᠬᠤᠷᠢᠶᠠᠯᠠᠯ ᠨᠢ ᠮᠠᠨ ᠤ ᠬᠤᠲᠠ ᠶᠢᠨ ᠬᠠᠭᠤᠴᠢᠨ ᠬᠤᠷᠢᠶᠠᠯᠠᠯ ᠢ ᠥᠭᠡᠷᠡᠴᠢᠯᠡᠨ ᠵᠠᠰᠠᠭᠰᠠᠨ ᠭᠢᠯᠠᠰ ᠴᠡᠭ ᠬᠤᠷᠢᠶᠠᠯᠠᠯ ᠪᠣᠯᠤᠭᠰᠠᠨ ᠤ ᠬᠤᠪᠢ ᠳᠤ᠂ ᠣᠯᠠᠨ ᠲᠦᠮᠡᠨ ᠤ ᠤᠤᠭᠤᠬᠤ ᠤᠰᠤᠨ ᠤ ᠤᠯᠠᠷᠢᠯ ᠤᠨ ᠴᠢᠨᠠᠷᠳᠠᠢ ᠬᠦᠴᠢᠷᠳᠡᠯ ᠤᠨ ᠠᠰᠠᠭᠤᠳᠠᠯ ᠤᠨ ᠲᠤᠰᠬᠠᠯ ᠨᠡᠯᠢᠶᠡᠳ ᠲᠣᠪᠤᠶᠢᠮ᠎ᠠ ᠪᠠᠶᠢᠵᠤ᠂ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠨᠡᠶᠢᠭᠡᠮ ᠲᠣᠭᠤᠷᠢᠭ ᠤᠨ ᠨᠠᠮ ᠤᠨ ᠡᠭᠦᠷ ᠣᠯᠠᠨ ᠲᠦᠮᠡᠨ ᠤ ᠰᠠᠨᠠᠭ᠎ᠠ ᠵᠣᠪᠠᠭ᠋ᠤ ᠤᠴᠢᠷ᠂ ᠪᠣᠳᠣᠯᠭ᠎ᠠ ᠪᠣᠯᠬᠤ ᠤᠴᠢᠷ᠂ ᠰᠡᠳᠬᠢᠯ ᠰᠢᠨᠠᠯᠠᠬᠤ ᠤᠴᠢᠷ ᠢ ᠰᠢᠢᠳᠪᠦᠷᠢᠯᠡᠬᠦ ᠪᠠᠷ ᠠᠩᠬᠠᠷᠤᠯ ᠤᠨ ᠴᠡᠭ ᠪᠤᠯᠭᠠᠵᠤ᠂ ᠬᠤᠷᠢᠶᠠᠭᠰᠠᠨ ᠰᠠᠨᠠᠯ ᠰᠠᠨᠠᠭᠤᠯᠭ᠎ᠠ ᠶᠢ ᠵᠦᠢᠯ ᠳᠠᠷᠠᠭᠠᠯᠠᠨ ᠡᠮᠬᠢᠯᠡᠵᠦ ᠴᠡᠭᠴᠡᠯᠡᠨ ᠰᠠᠶᠢᠵᠢᠷᠠᠭᠤᠯᠵᠤ᠂ ᠤᠰᠤ ᠬᠠᠩᠭᠠᠬᠤ ᠬᠤᠶᠠᠳᠠᠬᠢ ᠬᠤᠭᠤᠯᠠᠢ ᠶᠢᠨ ᠲᠤᠤᠷ ᠤᠨ ᠲᠠᠷᠤᠯᠲᠠ ᠨᠡᠮᠡᠬᠦ ᠬᠥᠭᠡᠷᠭᠡ ᠶᠢᠨ ᠭᠡᠷ 3 ᠶᠢ ᠰᠢᠨ᠎ᠡ ᠪᠠᠷ ᠪᠠᠶᠢᠭᠤᠯᠵᠤ᠂ ᠳᠡᠭᠡᠷ᠎ᠡ ᠳᠤᠷᠠᠳᠤᠭᠰᠠᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠂ ᠣᠯᠠᠨ ᠲᠦᠮᠡᠨ ᠤ ᠮᠠᠭᠲᠠᠭᠠᠯ ᠰᠠᠶᠢᠰᠢᠶᠠᠯ ᠢ ᠣᠯᠪᠠ᠃      ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠲᠥᠪ ᠤᠨ ᠱᠠᠭᠠᠷᠳᠠᠯᠭ᠎ᠠ ᠪᠠ ᠰᠠᠯᠠᠭ᠎ᠠ ᠮᠥᠴᠢᠷ ᠤᠨ ᠪᠣᠳᠠᠲᠠᠢ ᠲᠠᠢ ᠤᠶᠠᠯᠳᠤᠭᠤᠯᠤᠨ᠂ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠢᠭᠤᠯᠤᠯᠲᠠ ᠶᠢ ᠪᠦᠬᠦᠨ ᠢ ᠪᠠᠷᠢᠮᠵᠢᠶ᠎ᠠ ᠳᠤ ᠬᠦᠷᠭᠡᠬᠦ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢ ᠨᠡᠶᠢᠳᠡᠮ ᠪᠦᠷᠬᠦᠭᠦᠯᠬᠦ᠂ ᠬᠠᠤᠯᠢ ᠴᠠᠭᠠᠵᠠ ᠶᠢᠨ ᠠᠵᠢᠯ ᠲᠥᠷᠥᠯ ᠤᠨ ᠨᠠᠮ ᠤᠨ ᠪᠠᠶᠢᠭᠤᠯᠤᠯᠲᠠ ᠶᠢ ᠨᠡᠶᠢᠳᠡᠮ ᠵᠢᠷᠤᠮᠵᠢᠭᠤᠯᠬᠤ ᠵᠢᠴᠢ ᠦᠨᠡᠨᠴᠢ ᠢᠲᠡᠭᠡᠮᠵᠢᠲᠡᠢ ᠬᠠᠤᠯᠢ ᠳᠦᠷᠢᠮ ᠤᠨ ᠣᠷᠴᠢᠨ ᠲᠣᠭᠤᠷᠢᠨ ᠢ ᠨᠡᠶᠢᠳᠡᠮ ᠰᠢᠯᠢᠳᠡᠭᠵᠢᠭᠦᠯᠬᠦ ᠳᠥᠷᠪᠡᠨ ᠶᠡᠭᠡ ᠠᠵᠢᠯᠯᠠᠭ᠎ᠠ ᠶᠢ ᠬᠡᠷᠡᠭᠵᠢᠭᠦᠯᠵᠦ᠂ ᠭᠤᠣᠯ ᠰᠡᠳᠦᠪᠲᠦ ᠬᠥᠮᠦᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠶᠢ ᠪᠠᠲᠤᠯᠠᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠸᠠᠩ ᠯᠢ ᠰᠢᠶᠠ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠤᠭᠰᠠᠨ ᠪᠥᠭᠡᠳ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠪᠣᠯᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠪᠠᠶᠢᠨ ᠪᠠᠶᠢᠨ ᠰᠠᠨᠠᠯ ᠢᠶᠠᠨ ᠰᠣᠯᠢᠯᠴᠠᠵᠤ ᠂ ᠭᠤᠤᠯ ᠰᠡᠳᠦᠪᠲᠦ ᠬᠥᠮᠦᠵᠢᠯ ᠢ ᠤᠯᠠᠮ ᠴᠢᠨᠠᠭᠰᠢᠳᠠ ᠰᠠᠶᠢᠲᠤᠷ ᠥᠷᠨᠢᠭᠦᠯᠬᠦ ᠲᠤᠬᠠᠶ ᠰᠠᠨᠠᠯ ᠰᠠᠨᠠᠭᠤᠯᠭ᠎ᠠ ᠳᠤᠷᠠᠳᠪᠠ᠃      ᠲᠣᠭᠤᠷᠢᠨ ᠦᠵᠡᠬᠦ ᠳᠤᠮᠳᠠ᠂ ᠰᠢᠮᠳᠠᠭᠤᠯᠤᠨ ᠵᠢᠯᠣᠭᠤᠳᠬᠤ ᠲᠤᠭᠤᠶᠢᠯᠠᠩ ᠮᠠᠨ ᠤ ᠬᠤᠲᠠ ᠶᠢᠨ ᠦᠨᠳᠦᠰᠦᠨ ᠱᠠᠲᠤᠨ ᠤ ᠭᠤᠤᠯ ᠰᠡᠳᠦᠪᠲᠦ ᠬᠥᠮᠦᠵᠢᠯ ᠤᠨ ᠥᠷᠨᠢᠭᠦᠯᠦᠭᠰᠡᠨ ᠪᠠᠶᠢᠳᠠᠯ ᠢ ᠭᠦᠢᠴᠡᠳ ᠨᠤᠲᠠᠯᠠᠬᠤ ᠶᠢᠨ ᠬᠠᠮᠲᠤ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠢᠯᠠᠩᠭᠤᠶ᠎ᠠ ᠣᠳᠣᠬᠠᠨ ᠳᠤ ᠶᠠᠭ ᠥᠷᠨᠢᠭᠦᠯᠵᠦ ᠪᠠᠶᠢᠭ᠎ᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠲᠠᠢ ᠤᠶᠠᠯᠳᠤᠭᠤᠯᠤᠨ᠂ ᠲᠤᠰ ᠲᠣᠰ ᠤᠨ ᠡᠭᠦᠷᠭᠡ ᠬᠠᠷᠢᠭᠤᠴᠠᠯᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠭᠤᠤᠯ ᠰᠡᠳᠦᠪᠲᠦ ᠬᠥᠮᠦᠵᠢᠯ ᠢ ᠬᠦᠨᠵᠡᠭᠡᠶᠢᠷᠡᠭᠦᠯᠦᠨ ᠬᠢᠬᠦ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠨᠠᠷᠢᠨ ᠨᠢᠮᠪᠠᠶ ᠬᠢᠵᠦ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠳᠤᠮᠳᠠ ᠲᠤᠰ ᠲᠤᠰ ᠤᠨ ᠦᠢᠯᠡᠳᠦᠯ ᠴᠢᠳᠠᠪᠬᠢ ᠪᠠᠨ ᠦᠨᠡᠨ ᠬᠦ ᠰᠠᠶᠢᠲᠤᠷ ᠪᠠᠳᠠᠷᠠᠭᠤᠯᠬᠤ ᠬᠡᠷᠡᠭᠲᠡᠶ ᠭᠡᠵᠦ ᠱᠠᠭᠠᠷᠳᠠᠪᠠ᠃      ᠦᠳᠡ ᠶᠢᠨ ᠬᠤᠶᠢᠨ᠎ᠠ᠂ ᠰᠢᠮᠳᠠᠭᠤᠯᠤᠨ ᠵᠢᠯᠣᠭᠤᠳᠬᠤ ᠲᠤᠭᠤᠶᠢᠯᠠᠩ ᠤᠨ ᠬᠢᠨ ᠬᠤᠲᠠ ᠶᠢᠨ ᠨᠠᠮ ᠤᠨ ᠬᠤᠷᠢᠶ᠎ᠠ ᠶᠢᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠵᠤ᠂ ᠸᠠᠩ ᠯᠢ ᠰᠢᠶᠠ ᠶᠢᠨ ᠬᠢᠭᠰᠡᠨ ᠮᠠᠨ ᠤ ᠬᠤᠲᠠ ᠶᠢᠨ ᠭᠤᠤᠯ ᠰᠡᠳᠦᠪᠲᠦ ᠬᠥᠮᠦᠵᠢᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠳᠠᠷᠠᠭᠠᠴᠢ ᠶᠢᠨ ᠠᠯᠬᠤᠮ ᠤᠨ ᠠᠵᠢᠯ ᠢ ᠥᠷᠨᠢᠭᠦᠯᠬᠦ ᠲᠤᠬᠠᠶ᠂ ᠲᠥᠪ ᠤᠨ ᠭᠤᠤᠯ ᠰᠡᠳᠦᠪᠲᠦ ᠬᠥᠮᠦᠵᠢᠯ ᠤᠨ ᠬᠤᠶᠠᠳᠤᠭᠠᠷ ᠲᠤᠭᠤᠷᠢᠨ ᠪᠠᠶᠢᠴᠠᠭᠠᠵᠤ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠤᠨ ᠳᠠᠷᠤᠭ᠎ᠠ ᠴᠧᠨ ᠵᠢᠶ ᠸᠠ ᠴᠢᠬᠤᠯᠠᠴᠢᠯᠠᠬᠤ ᠳᠠᠭᠠᠨ᠂ ᠤᠨᠤᠯ ᠤᠨ ᠰᠤᠷᠤᠯᠴᠠᠯᠭ᠎ᠠ ᠶᠢ ᠰᠠᠶᠢᠲᠤᠷ ᠠᠳᠬᠤᠬᠤ ᠪᠠ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠬᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ ᠤᠯᠠᠮ ᠴᠢᠨᠠᠭᠰᠢᠳᠠ ᠬᠦᠴᠦᠯᠡᠬᠦ ᠬᠡᠷᠡᠭᠲᠡᠶ᠃ ᠴᠢᠨᠠᠷ ᠰᠠᠶᠢᠲᠠᠶ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠨᠠᠷᠢᠨ ᠬᠢᠨᠠᠮᠠᠭᠠᠶ ᠲᠥᠯᠥᠪᠵᠢᠭᠦᠯᠦᠨ ᠰᠠᠶᠢᠲᠤᠷ ᠬᠢᠵᠦ ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠳᠦᠷᠢᠮ ᠢ ᠰᠦᠪᠡᠭᠴᠢᠯᠡᠨ ᠪᠠᠶᠢᠭᠤᠯᠵᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠤᠯᠠᠮ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠶ ᠭᠡᠵᠡᠢ᠃      ᠥᠪᠡᠷᠲᠡᠭᠡᠨ ᠵᠠᠰᠠᠬᠤ ᠣᠷᠣᠨ ᠤ ᠭᠤᠤᠯ ᠰᠡᠳᠦᠪᠲᠦ ᠬᠥᠮᠦᠵᠢᠯ ᠤᠨ ᠨᠢᠭᠡᠳᠦᠭᠡᠷ ᠲᠤᠭᠤᠷᠢᠨ ᠵᠢᠯᠣᠭᠤᠳᠬᠤ ᠲᠤᠭᠤᠶᠢᠯᠠᠩ ᠤᠨ ᠳᠠᠷᠤᠭ᠎ᠠ ᠱᠢ ᠮᠧᠶ ᠰᠢᠮᠳᠠᠭᠤᠯᠤᠨ ᠵᠢᠯᠣᠭᠤᠳᠬᠤ ᠳᠤ ᠣᠷᠣᠯᠴᠠᠭᠰᠠᠨ ᠪᠥᠭᠡᠳ ᠬᠤᠷᠠᠯ ᠳᠤ ᠣᠷᠣᠯᠴᠠᠵᠠᠶ᠃      ᠬᠤᠲᠠ ᠶᠢᠨ ᠤᠳᠤᠷᠢᠳᠤᠯᠭ᠎ᠠ ᠹᠧᠩ ᠢᠦᠶ ᠵᠧᠨ᠂ ᠶᠦᠨ ᠵᠢᠶᠠᠨ ᠳ᠋ᠦᠩ᠂ ᠰᠦᠨ ᠵᠢᠶᠠᠨ ᠬᠤᠸᠠ᠂ ᠵᠠᠩ ᠶᠢᠨ ᠫᠢᠩ᠂ ᠴᠠᠩ ᠫᠧᠢ ᠵᠥᠩ᠂ ᠪᠠᠶ ᠶᠦᠩ ᠫᠢᠩ ᠬᠤᠷᠠᠯ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1