11 ᠳ᠋ᠦ᠋ᠭᠡᠷ ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠥᠪᠥᠷ | ᠮᠣᠩᠭᠤᠯ ᠤᠨ ᠠᠷᠠᠯᠵᠢᠶ᠎ᠠ ᠶᠢ ᠠᠬᠢᠭᠤᠯᠬᠤ ᠡᠪᠯᠡᠯ ᠤᠨ 2019 ᠣᠨ ᠤ ᠭᠠᠳᠠᠭᠠᠳᠤ ᠠᠷᠠᠯᠵᠢᠶᠠᠨ ᠤ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠭᠤᠤᠯᠳᠠᠯᠭ᠎ᠠ ᠲᠠᠢ ᠠᠵᠢᠯᠯᠠᠭ᠎ᠠ ᠶᠢᠨ ᠦᠷ᠎ᠡ ᠪᠦᠲᠦᠭᠡᠯ ᠤᠨ ᠰᠣᠨᠢᠨ ᠮᠡᠳᠡᠭᠡ | ᠨᠡᠶᠢᠲᠡᠯᠡᠬᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ | ᠨᠡᠶᠢᠲᠡᠯᠡᠭᠰᠡᠨ ᠢᠶᠠᠷ᠂ 2019 ᠣᠨ ᠠᠴᠠ ᠨᠠᠭᠠᠰᠢ ᠥᠪᠡᠷᠲᠡᠭᠡᠨ ᠵᠠᠰᠠᠬᠤ ᠣᠷᠣᠨ ᠤ ᠠᠷᠠᠯᠵᠢᠶ᠎ᠠ ᠶᠢ | ᠠᠬᠢᠭᠤᠯᠬᠤ ᠡᠪᠯᠡᠯ ᠭᠠᠳᠠᠭᠠᠳᠤ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠶᠢ ᠲᠠᠰᠤᠷᠠᠯᠲᠠ ᠥᠬᠡᠶ | ᠭᠦᠨᠵᠡᠭᠡᠶᠢᠷᠡᠭᠦᠯᠵᠦ᠂ ᠤᠯᠠᠨ ᠭᠢᠯᠠᠰ ᠴᠡᠭ ᠢᠯᠡᠷᠡᠪᠡ᠄ ᠬᠠᠷᠢᠯᠴᠠᠭ᠎ᠠ ᠬᠤᠯᠪᠣᠭ᠎ᠠ ᠶᠢᠨ ᠬᠠᠮᠲᠤᠷᠠᠯᠴᠠᠭᠠᠨ ᠤ ᠠᠷᠭ᠎ᠠ | ᠵᠠᠮ ᠢᠶᠠᠨ ᠥᠷᠭᠡᠳᠬᠡᠵᠦ᠂ ᠭᠠᠳᠠᠭᠠᠳᠤ ᠠᠷᠠᠯᠵᠢᠶ᠎ᠠ ᠰᠣᠯᠢᠯᠴᠠᠭ᠎ᠠ ᠶᠢᠨ ᠲᠠᠯ᠎ᠠ ᠪᠠᠷ ᠣᠯᠠᠨ ᠰᠢᠪᠲᠤᠯᠤᠯᠲᠠ ᠲᠠᠢ︔ | ᠠᠷᠠᠯᠵᠢᠶᠠᠨ ᠤ ᠪᠡᠯᠡ ᠣᠷᠣᠭᠤᠯᠤᠯᠲᠠ ᠶᠢᠨ ᠲᠠᠪᠴᠠᠩ ᠤᠨ ᠪᠠᠶᠢᠭᠤᠯᠤᠯᠲᠠ ᠪᠠᠨ ᠴᠢᠩᠭᠠᠳᠬᠠᠵᠤ᠂ ᠠᠵᠤ ᠠᠬᠤᠶ | ᠠᠷᠠᠯᠵᠢᠶᠠᠨ ᠤ ᠠᠵᠢᠯᠯᠠᠭ᠎ᠠ ᠡᠯᠪᠡᠭ ᠪᠠᠶᠠᠨ ᠦᠷ᠎ᠡ ᠪᠦᠲᠦᠭᠡᠯ ᠣᠯᠵᠠᠢ︔ ᠬᠤᠳᠠᠯᠳᠤᠭᠠᠨ ᠤ ᠵᠦᠢᠯᠡᠰ ᠤᠨ ᠬᠠᠤᠯᠢ | ᠴᠠᠭᠠᠵᠠ ᠶᠢᠨ ᠦᠢᠯᠡᠴᠢᠯᠡᠭᠡ ᠪᠠᠨ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ | ᠪᠦᠲᠦᠮᠵᠢᠲᠡᠶ ᠬᠠᠮᠠᠭᠠᠯᠠᠵᠠᠢ︔ ᠭᠡᠰᠢᠭᠦᠳ ᠲᠤ ᠦᠢᠯᠡᠴᠢᠯᠡᠬᠦ ᠴᠢᠳᠠᠮᠵᠢ ᠪᠠᠨ ᠨᠡᠮᠡᠭᠳᠡᠭᠦᠯᠵᠦ᠂ ᠬᠤᠳᠠᠯᠳᠤᠭᠠᠴᠢᠳ ᠤᠨ | ᠡᠪᠯᠡᠯ ᠤᠨ ᠪᠣᠳᠠᠲᠤ ᠬᠦᠴᠦᠨ ᠢ ᠢᠯᠡᠳᠲᠡ ᠳᠡᠭᠡᠭᠰᠢᠯᠡᠭᠦᠯᠵᠡᠢ᠃ | ᠥᠪᠡᠷᠲᠡᠭᠡᠨ ᠵᠠᠰᠠᠬᠤ ᠣᠷᠣᠨ ᠤ ᠠᠷᠠᠯᠵᠢᠶ᠎ᠠ ᠶᠢ ᠠᠬᠢᠭᠤᠯᠬᠤ ᠡᠪᠯᠡᠯ ᠨᠢ ︽ᠨᠢᠭᠡ ᠪᠦᠰᠡ ᠨᠢᠭᠡ ᠵᠠᠮ︾ | ᠳᠠᠭᠠᠤ ᠶᠢᠨ ᠤᠯᠤᠰ ᠪᠣᠯᠤᠨ ᠤᠮᠠᠷᠠᠲᠤ ᠠᠮᠧᠷᠢᠺᠠ ᠲᠢᠪ᠂ ᠧᠦ᠋ᠷᠣᠫᠠ ᠲᠢᠪ᠂ ᠶᠠᠫᠣᠨ ᠺᠣᠷᠢᠶᠠ ᠵᠡᠷᠭᠡ ᠭᠤᠤᠯ | ᠪᠣᠯᠬᠤ ᠠᠵᠤ ᠠᠬᠤᠢ ᠶᠢᠨ ᠴᠣᠭᠴᠠ ᠵᠢᠴᠢ ᠵᠡᠭᠦᠨ ᠡᠮᠦᠨᠡᠲᠦ ᠠᠽᠢᠶ᠎ᠠ ᠵᠡᠷᠭᠡ ᠰᠢᠨ᠎ᠡ ᠪᠠᠷ ᠮᠠᠨᠳᠤᠭᠰᠠᠨ ᠠᠵᠤ | ᠠᠬᠤᠢ ᠶᠢᠨ ᠴᠣᠭᠴᠠ ᠶᠢᠨ ᠵᠠᠰᠠᠭ ᠤᠨ ᠭᠠᠵᠠᠷ ᠤᠨ ᠪᠠᠶᠢᠭᠤᠯᠤᠮᠵᠢ ᠪᠣᠯᠤᠨ ᠠᠵᠤ ᠦᠢᠯᠡᠳᠪᠦᠷᠢ ᠬᠤᠳᠠᠯᠳᠤᠭᠠᠨ ᠤ | ᠵᠣᠬᠢᠶᠠᠨ ᠪᠠᠶᠢᠭᠤᠯᠤᠯᠲᠠ ᠯᠤᠭ᠎ᠠ ᠶᠢᠨ ᠬᠠᠷᠢᠯᠴᠠᠭ᠎ᠠ ᠰᠣᠯᠢᠯᠴᠠᠭ᠎ᠠ ᠪᠠᠨ ᠢᠳᠡᠪᠬᠢᠲᠡᠢ ᠥᠷᠭᠡᠳᠬᠡᠵᠦ᠂ ᠬᠤᠶᠠᠷ | ᠲᠠᠯ᠎ᠠ ᠶᠢᠨ ᠠᠵᠤ ᠦᠢᠯᠡᠳᠪᠦᠷᠢ ᠬᠤᠳᠠᠯᠳᠤᠭᠠᠨ ᠤ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠤᠨ᠂ ᠲᠠᠶᠢᠸᠠᠨ | ᠰᠢᠶᠠᠩᠭᠠᠩ ᠣᠣᠮᠧᠨ ᠵᠡᠷᠭᠡ ᠭᠠᠵᠠᠷ ᠣᠷᠣᠨ ᠤ ᠢᠵᠢᠯ ᠲᠥᠷᠥᠯ ᠤᠨ ᠪᠠᠶᠢᠭᠤᠯᠤᠮᠵᠢ ᠯᠤᠭ᠎ᠠ ᠶᠢᠨ ᠠᠵᠤ ᠠᠬᠤᠶ | ᠠᠷᠠᠯᠵᠢᠶᠠᠨ ᠤ ᠶᠠᠪᠤᠯᠴᠠᠭ᠎ᠠ ᠪᠣᠯᠤᠨ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠴᠢᠩᠭᠠᠳᠬᠠᠵᠤ᠂ ᠣᠯᠠᠨ ᠤᠯᠤᠰ ᠤᠨ | ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠥᠷᠭᠡᠵᠢᠭᠦᠯᠵᠦ᠂ ᠳᠣᠲᠣᠭᠠᠳᠤ | ᠭᠠᠳᠠᠭᠠᠳᠤ ᠶᠢᠨ ︽ᠨᠠᠶᠢᠵᠠ ᠶᠢᠨ ᠲᠣᠭᠤᠷᠢᠭ︾ ᠢᠶᠠᠨ ᠲᠠᠰᠤᠷᠠᠯᠲᠠ ᠦᠭᠡᠢ ᠥᠷᠭᠡᠳᠬᠡᠵᠦ᠂ ᠪᠦᠬᠦ ᠲᠠᠯ᠎ᠠ ᠶᠢᠨ | ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ ᠳᠤ ᠰᠢᠨ᠎ᠡ ᠠᠷᠭ᠎ᠠ ᠵᠠᠮ ᠰᠢᠨ᠎ᠡ ᠣᠷᠣᠨ ᠵᠠᠶ ᠶᠢ | ᠨᠡᠭᠡᠭᠡᠵᠦ ᠥᠭᠴᠡᠶ᠃ | ᠥᠪᠡᠷᠲᠡᠭᠡᠨ ᠵᠠᠰᠠᠬᠤ ᠣᠷᠣᠨ ᠤ ᠠᠷᠠᠯᠵᠢᠶ᠎ᠠ ᠶᠢ ᠠᠬᠢᠭᠤᠯᠬᠤ ᠡᠪᠯᠡᠯ ᠨᠢ ᠥᠪᠡᠷᠲᠡᠭᠡᠨ ᠵᠠᠰᠠᠬᠤ ᠣᠷᠣᠨ ᠤ | ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠰᠣᠶᠣᠯ ᠪᠠ ᠵᠢᠭᠤᠯᠴᠢᠯᠠᠯ ᠤᠨ ᠲᠢᠩᠬᠢᠮ ᠵᠡᠷᠭᠡ ᠰᠠᠯᠠᠭ᠎ᠠ | ᠮᠥᠴᠢᠷ ᠲᠠᠢ ᠬᠠᠮᠲᠤᠷᠠᠨ᠂ 2019 ᠣᠨ ᠤ ᠪᠡᠭᠡᠵᠢᠩ ᠤᠨ ᠳᠡᠯᠡᠬᠡᠶ ᠶᠢᠨ ᠴᠡᠴᠡᠷᠯᠢᠭ ᠤᠨ ᠦᠵᠡᠰᠬᠦᠯᠡᠩ ᠤᠨ | ᠴᠤᠭᠯᠠᠭᠠᠨ ᠳᠤ ᠣᠷᠣᠯᠴᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ︽ᠥᠪᠥᠷ ᠮᠣᠩᠭᠤᠯ ᠤᠨ ᠭᠤᠤᠯ | ᠰᠡᠳᠦᠪᠲᠦ ᠠᠵᠢᠯᠯᠠᠭ᠎ᠠ ᠶᠢᠨ ᠡᠳᠦᠷ︾ ᠪᠠ 21 ᠲᠠᠯᠠᠪᠠᠢ ᠤᠳᠠᠭ᠎ᠠ ᠶᠢᠨ ᠠᠶᠢᠮᠠᠭ ᠬᠤᠲᠠ ᠶᠢᠨ ᠭᠤᠤᠯ ᠰᠡᠳᠦᠪᠲᠦ | ᠡᠳᠦᠷ ᠤᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠨ᠂ ᠥᠪᠥᠷ ᠮᠣᠩᠭᠤᠯ ᠤᠨ ᠠᠮᠢ ᠨᠠᠰᠤᠨ ᠤ ᠬᠠᠮᠲᠤ ᠶᠢᠨ | ᠴᠣᠭᠴᠠ ᠶᠢᠨ ᠦᠵᠡᠭᠦᠯᠭᠡ ᠶᠢᠨ ᠬᠦᠷᠢᠶᠡᠯᠡᠩ ᠨᠢ ᠵᠣᠬᠢᠶᠠᠨ ᠪᠠᠶᠢᠭᠤᠯᠬᠤ ᠡᠪᠯᠡᠯ ᠤᠨ ᠬᠠᠮᠤᠭ ᠤᠨ ᠥᠨᠳᠥᠷ ᠱᠠᠩᠨᠠᠯ ᠢ | ᠬᠦᠷᠲᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠤᠭᠠᠴᠠᠭᠰᠠᠳ 550 ᠲᠦᠮᠡᠨ ᠬᠥᠮᠦᠨ ᠤᠳᠠᠭ᠎ᠠ | ᠵᠠᠯᠭᠠᠭ᠎ᠠ ᠪᠠᠷ ᠬᠦᠷᠦᠯᠴᠡᠨ ᠢᠷᠡᠵᠦ᠂ ᠥᠪᠥᠷ ᠮᠣᠩᠭᠤᠯ ᠤᠨ ᠠᠮᠢ ᠠᠬᠤᠢ ᠶᠢᠨ ᠭᠤᠸ᠎ᠠ ᠰᠠᠶᠢᠬᠠᠨ᠂ ᠬᠦᠮᠦᠨ | ᠰᠣᠶᠣᠯ ᠤᠨ ᠭᠤᠸ᠎ᠠ ᠰᠠᠶᠢᠬᠠᠨ ᠢ ᠬᠠᠮᠲᠤ ᠪᠠᠷ ᠣᠶᠢᠯᠠᠭᠠᠪᠠ᠃ | ᠥᠪᠡᠷᠲᠡᠭᠡᠨ ᠵᠠᠰᠠᠬᠤ ᠣᠷᠣᠨ ᠤ ᠠᠷᠠᠯᠵᠢᠶ᠎ᠠ ᠶᠢ ᠠᠬᠢᠭᠤᠯᠬᠤ ᠡᠪᠯᠡᠯ ᠨᠢ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠦᠲᠦᠭᠡᠨ ᠪᠠᠶᠢᠭᠤᠯᠬᠤ ᠪᠠᠷ ᠭᠤᠤᠯᠳᠠᠯᠭ᠎ᠠ ᠪᠣᠯᠭᠠᠵᠤ᠂ ᠭᠠᠳᠠᠭᠠᠳᠤ ᠯᠤᠭ᠎ᠠ ᠶᠢᠨ ᠰᠣᠯᠢᠯᠴᠠᠭ᠎ᠠ | ᠬᠠᠮᠲᠤᠷᠠᠯᠴᠠᠭ᠎ᠠ ᠶᠢᠨ ᠰᠢᠨ᠎ᠡ ᠲᠠᠪᠴᠠᠩ ᠢ ᠬᠦᠴᠦᠯᠡᠨ ᠪᠠᠶᠢᠭᠤᠯᠵᠤ᠂ ᠶᠠᠫᠣᠨ ᠤ ᠳᠤᠮᠳᠠᠳᠤ ᠶᠠᠫᠣᠨ ᠤ ᠠᠵᠤ | ᠠᠬᠤᠢ ᠶᠢᠨ ᠨᠡᠶᠢᠭᠡᠮᠯᠢᠭ᠂ ᠰᠢᠩᠭᠠᠫᠣᠷ ᠤᠨ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠶᠡᠷᠦᠩᠬᠡᠶ ᠡᠪᠯᠡᠯ | ᠵᠡᠷᠭᠡ ᠭᠠᠳᠠᠭᠠᠳᠤ ᠤᠯᠤᠰ ︵ᠬᠢᠯᠢ︶ ᠤᠨ ᠭᠠᠳᠠᠭᠠᠳᠤ ᠠᠷᠠᠯᠵᠢᠶᠠᠨ ᠤ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠶᠢ | 15 ᠪᠥᠯᠥᠭ ᠤᠳᠠᠭ᠎ᠠ ᠠᠮᠵᠢᠯᠲᠠ ᠲᠠᠢ ᠤᠷᠢᠵᠤ ᠠᠶᠢᠯᠴᠢᠯᠠᠯᠲᠠ ᠬᠢᠯᠭᠡᠪᠡ︔ 9 ᠪᠥᠯᠥᠭ 312 ᠬᠥᠮᠦᠨ | ᠤᠳᠠᠭ᠎ᠠ ᠶᠢᠨ ᠪᠦᠯᠬᠦᠮ ᠢ ᠵᠣᠬᠢᠶᠠᠨ ᠪᠠᠶᠢᠭᠤᠯᠵᠤ ᠣᠷᠣᠰ᠂ ᠮᠣᠩᠭᠤᠯ ᠤᠯᠤᠰ᠂ ᠪᠧᠯᠤᠷᠦ᠋ᠰᠢᠶ᠎ᠠ᠂ ᠠᠩᠭ᠍ᠯᠢ᠂ | ᠠᠦ᠋ᠰᠳ᠋ᠷᠢᠶ᠎ᠠ᠂ ᠠᠷᠠᠪ ᠤᠨ ᠬᠤᠯᠪᠣᠭᠠᠲᠤ ᠠᠬᠠᠮᠠᠳᠲᠤ ᠤᠯᠤᠰ᠂ ᠺᠣᠷᠢᠶᠠ ᠵᠡᠷᠭᠡ 10 ᠭᠠᠷᠤᠶ ᠤᠯᠤᠰ ᠪᠠ ᠭᠠᠵᠠᠷ | ᠣᠷᠣᠨ ᠳᠤ ᠠᠶᠢᠯᠴᠢᠯᠠᠵᠤ ᠠᠵᠤ ᠠᠬᠤᠶ ᠠᠷᠠᠯᠵᠢᠶ᠎ᠠ ᠰᠣᠶᠣᠯ ᠢᠷᠭᠡᠨᠰᠢᠯ ᠤᠨ ᠰᠣᠯᠢᠯᠴᠠᠭᠠᠨ ᠤ ᠠᠵᠢᠯᠯᠠᠭ᠎ᠠ | ᠥᠷᠨᠢᠭᠦᠯᠪᠡ︔ 200 ᠭᠠᠷᠤᠶ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠬᠤᠶᠠᠳᠤᠭᠠᠷ ᠬᠤᠭᠤᠴᠠᠭᠠᠨ ᠤ ︽ᠨᠢᠭᠡ | ᠪᠦᠰᠡ ᠨᠢᠭᠡ ᠵᠠᠮ︾ ᠤᠨ ᠣᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ᠂ | ᠠᠷᠪᠠᠨ ᠲᠠᠪᠤᠳᠤᠭᠠᠷ ᠬᠤᠭᠤᠴᠠᠭᠠᠨ ᠤ ᠳᠡᠯᠡᠬᠡᠶ ᠶᠢᠨ ᠳᠤᠮᠳᠠᠳᠤ ᠶᠢᠨ ᠬᠤᠳᠠᠯᠳᠤᠭᠠᠴᠢᠨ ᠤ ᠶᠡᠭᠡ ᠬᠤᠷᠠᠯ᠂ ᠳᠤᠮᠳᠠᠳᠤ | ᠤᠯᠤᠰ — ᠠᠷᠠᠪ ᠤᠨ ᠬᠤᠯᠪᠣᠭᠠᠲᠤ ᠠᠬᠠᠮᠠᠳᠲᠤ ᠤᠯᠤᠰ ᠤᠨ ᠠᠵᠤ ᠠᠬᠤᠶ ᠠᠷᠠᠯᠵᠢᠶ᠎ᠠ ᠶᠢᠨ ᠬᠠᠮᠲᠤᠷᠠᠯᠴᠠᠭᠠᠨ ᠤ | ᠰᠤᠳᠤᠯᠤᠨ ᠶᠠᠷᠢᠯᠴᠠᠬᠤ ᠬᠤᠷᠠᠯ᠂ ᠠᠷᠪᠠᠨ ᠲᠠᠪᠤᠳᠤᠭᠠᠷ ᠬᠤᠭᠤᠴᠠᠭᠠᠨ ᠤ ᠳᠤᠮᠳᠠᠳᠤ ᠮᠣᠩᠭᠤᠯ ᠣᠷᠣᠰ ᠭᠤᠷᠪᠠᠨ | ᠤᠯᠤᠰ ᠤᠨ ᠦᠢᠯᠡᠳᠪᠦᠷᠢ ᠬᠤᠳᠠᠯᠳᠤᠭᠠᠨ ᠤ ᠶᠠᠷᠢᠶᠠᠨ ᠤ ᠲᠠᠪᠴᠠᠩ ᠵᠡᠷᠭᠡ ᠬᠢᠯᠢ ᠶᠢᠨ ᠳᠣᠲᠣᠨ᠎ᠠ ᠭᠠᠳᠠᠨᠠᠬᠢ ᠣᠯᠠᠨ | ᠤᠯᠤᠰ ᠤᠨ ᠴᠢᠨᠠᠷᠲᠠᠶ ᠬᠤᠷᠠᠯ ᠪᠣᠯᠤᠨ ᠦᠵᠡᠰᠬᠦᠯᠡᠩ ᠳᠤ 23 ᠲᠠᠯᠠᠪᠠᠢ ᠣᠷᠣᠯᠴᠠᠭᠤᠯᠪᠠ᠃ | 2019 ᠣᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠠᠷᠠᠯᠵᠢᠶ᠎ᠠ ᠶᠢ ᠠᠬᠢᠭᠤᠯᠬᠤ ᠡᠪᠯᠡᠯ ᠠᠴᠠ | ᠡᠯ᠎ᠡ ᠲᠥᠷᠥᠯ ᠤᠨ ᠦᠵᠡᠰᠬᠦᠯᠡᠩ ᠤᠨ ᠶᠠᠷᠢᠶᠠᠨ ᠤ ᠲᠠᠪᠴᠠᠩ ᠢ ᠨᠡᠶᠢᠲᠡ 18 ᠲᠠᠯᠠᠪᠤᠷ ᠤᠳᠠᠭ᠎ᠠ ᠡᠷᠬᠢᠯᠡᠵᠦ᠂ | ᠦᠵᠡᠰᠬᠦᠯᠡᠩ ᠳᠤ 3130 ᠠᠵᠤ ᠠᠬᠤᠶᠢᠯᠠᠯ ᠣᠷᠤᠯᠴᠠᠵᠤ᠂ ᠦᠵᠡᠰᠬᠦᠯᠡᠩ ᠤᠨ ᠲᠠᠯᠠᠪᠠᠢ 500 ᠲᠡᠭᠰᠢ | ᠳᠥᠷᠪᠡᠯᠵᠢᠨ ᠮᠧᠳ᠋ᠷ ᠲᠤ ᠬᠦᠷᠴᠦ᠂ ᠲᠤᠬᠠᠶ ᠶᠢᠨ ᠲᠠᠯᠠᠪᠠᠢ ᠶᠢᠨ ᠠᠷᠠᠯᠵᠢᠶ᠎ᠠ ᠪᠦᠲᠦᠭᠰᠡᠨ ᠲᠤᠭ᠎ᠠ 3.09 | ᠳ᠋ᠦᠩᠰᠢᠭᠤᠷ ᠲᠥᠭᠦᠷᠢᠭ ᠲᠤ ᠬᠦᠷᠴᠦ᠂ ᠡᠯ᠎ᠡ ᠲᠥᠷᠥᠯ ᠤᠨ ᠬᠠᠮᠲᠤᠷᠠᠯᠴᠠᠭᠠᠨ ᠤ ᠰᠠᠨᠠᠮᠵᠢ ᠶᠢᠨ ᠵᠥᠪᠯᠡᠯᠴᠡᠭᠡᠷ ᠢ | 46 ᠵᠦᠢᠯ ᠲᠣᠭᠲᠠᠵᠤ᠂ ᠵᠥᠪᠯᠡᠯᠴᠡᠭᠡᠷ ᠤᠨ ᠪᠡᠯᠡ ᠮᠥᠩᠭᠦ ᠨᠢ 498 ᠳ᠋ᠦᠩᠰᠢᠭᠤᠷ ᠲᠥᠭᠦᠷᠢᠭ ᠲᠤ ᠬᠦᠷᠴᠡᠶ᠃ | 2019 ᠣᠨ ᠳᠤ ᠥᠪᠡᠷᠲᠡᠭᠡᠨ ᠵᠠᠰᠠᠬᠤ ᠣᠷᠣᠨ ᠤ ᠠᠷᠠᠯᠵᠢᠶ᠎ᠠ ᠶᠢ ᠠᠬᠢᠭᠤᠯᠬᠤ ᠡᠪᠯᠡᠯ ᠤᠨ ᠰᠢᠨ᠎ᠡ ᠪᠠᠷ | ᠨᠡᠮᠡᠭᠳᠡᠭᠰᠡᠨ ᠭᠡᠰᠢᠭᠦᠨ ᠠᠵᠤ ᠠᠬᠤᠶᠢᠯᠠᠯ 230 ᠪᠠᠶᠢᠵᠤ᠂ ᠶᠡᠷᠦᠩᠬᠡᠶ ᠭᠡᠰᠢᠭᠦᠨ ᠠᠵᠤ ᠠᠬᠤᠶᠢᠯᠠᠯ 731 ᠪᠣᠯᠪᠠ᠃ | | |