ᠲᠤᠭᠳᠠᠬᠤ ᠰᠢᠶᠠᠨ ᠤ ᠱᠤᠸᠠᠩ ᠾᠧ ᠪᠠᠯᠭᠠᠰᠤ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠢ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2019-11-21
      ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠡᠭᠦᠳᠦᠨ ᠪᠠᠶᠢᠭᠤᠯᠬᠤ ᠴᠢᠬᠤᠯᠠ ᠶᠡᠭᠡ ᠰᠢᠢᠳᠪᠦᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠬᠤ ᠶᠢᠨ ᠲᠥᠯᠥᠭᠡ᠂ 11 ᠰᠠᠷ᠎ᠠ ᠶᠢᠨ 19 ᠤ ᠡᠳᠦᠷ᠂ ᠲᠤᠭᠳᠠᠬᠤ ᠰᠢᠶᠠᠨ ᠤ ᠱᠤᠸᠠᠩ ᠾᠧ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ ᠬᠡᠰᠡᠭ ᠬᠤᠪᠢᠶᠠᠨ᠂ ᠬᠠᠷᠢᠭᠤᠴᠠᠯᠭ᠎ᠠ ᠶᠢᠨ ᠲᠣᠭᠤᠷᠢᠭ ᠬᠤᠪᠢᠶᠠᠵᠦ᠂ ᠪᠦᠬᠦ ᠪᠠᠯᠭᠠᠰᠤᠨ ᠤ ᠺᠠᠳ᠋ᠷ᠂ ᠲᠣᠰᠬᠤᠨ ᠵᠢᠴᠢ ᠨᠡᠶᠢᠭᠡᠮ ᠲᠣᠭᠤᠷᠢᠭ ᠤᠨ ᠠᠵᠢᠯᠲᠠᠨ ᠢ ᠳᠠᠭᠠᠭᠤᠯᠤᠨ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠴᠦᠨ ᠶᠠᠨ ᠲᠤᠬᠠᠶ ᠶᠢᠨ ᠭᠠᠵᠠᠷ ᠲᠤᠨᠢ ᠵᠢᠭᠠᠨ ᠵᠢᠯᠣᠭᠤᠳᠪᠠ᠃      ᠡᠪᠦᠯ ᠤᠨ ᠤᠯᠠᠷᠢᠯ ᠤᠨ ᠬᠠᠬᠢᠷ ᠬᠦᠢᠲᠡᠨ ᠨᠢ ᠪᠥᠬᠦ ᠺᠠᠳ᠋ᠷᠴᠤᠳ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠪᠠᠶᠢᠭᠤᠯᠬᠤ ᠬᠠᠯᠠᠭᠤᠨ ᠰᠡᠳᠬᠢᠯᠭᠡ ᠶᠢ ᠬᠤᠷᠢᠭᠯᠠᠵᠤ ᠳᠠᠢᠯᠠᠬᠤ ᠥᠬᠡᠶ᠃ ᠲᠤᠭᠳᠠᠬᠤ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠴᠦᠨ ᠶᠠᠨ ᠤ ᠳᠠᠭᠠᠭᠤᠯᠭ᠎ᠠ ᠳᠣᠤᠷ᠎ᠠ᠂ ᠺᠠᠳ᠋ᠷᠴᠤᠳ ᠵᠡᠭᠡᠯᠢ ᠭᠤᠳᠤᠮᠵᠢ ᠪᠠᠷ ᠭᠦᠨᠵᠡᠭᠡᠶᠢᠷᠡᠨ᠂ ᠲᠣᠰᠬᠤᠨ ᠤ ᠵᠡᠭᠡᠯᠢ ᠭᠤᠳᠤᠮᠵᠢ ᠪᠠᠷ ᠣᠷᠣᠵᠤ᠂ ᠵᠡᠭᠡᠯᠢ ᠭᠤᠳᠤᠮᠵᠢ ᠶᠢᠨ ᠠᠷᠢᠭᠤᠨ ᠴᠡᠪᠡᠷ ᠢ ᠴᠡᠪᠡᠷᠯᠡᠨ᠂ ᠬᠤᠭ ᠨᠣᠪᠰᠢ ᠶᠢ ᠴᠡᠪᠡᠷᠯᠡᠨ᠂ ᠬᠡᠷᠡᠮ ᠤᠨ ᠵᠠᠷ ᠮᠡᠳᠡᠭᠡ ᠶᠢ ᠴᠡᠪᠡᠷᠯᠡᠨ᠂ ᠮᠠᠰᠢᠨᠲᠤ ᠪᠤᠰᠤ ᠲᠡᠷᠭᠡ ᠶᠢ ᠳᠤᠷ᠎ᠠ ᠪᠠᠷ ᠵᠤᠭᠰᠤᠭᠠᠬᠤ ᠶᠢ ᠴᠠᠭᠠᠵᠠᠯᠠᠨ᠂  ᠲᠤᠭᠳᠠᠬᠤ ᠰᠢᠶᠠᠨ ᠤ ᠱᠤᠸᠠᠩ ᠾᠧ ᠪᠠᠯᠭᠠᠰᠤᠨ ᠤ ᠣᠷᠴᠢᠨ ᠲᠣᠭᠤᠷᠢᠨ ᠴᠦ᠋ ᠰᠢᠨ᠎ᠡ ᠪᠠᠶᠢᠳᠠᠯ ᠲᠠᠢ ᠪᠣᠯᠵᠠᠶ᠃      ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠪᠠᠶᠢᠭᠤᠯᠬᠤ ᠳᠤ ᠪᠢᠳᠡ ᠶᠡᠷᠦᠩᠬᠡᠶᠢᠯᠡᠭᠰᠡᠨ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠪᠠᠷ ᠳᠠᠮᠵᠢᠭᠤᠯᠤᠨ᠂ ᠲᠣᠭᠲᠠᠬᠤ ᠰᠢᠶᠠᠨ ᠤ ᠱᠤᠸᠠᠩ ᠾᠧ ᠪᠠᠯᠭᠠᠰᠤᠨ ᠤ ᠺᠠᠳ᠋ᠷ᠂ ᠲᠣᠰᠬᠤᠨ ᠵᠢᠴᠢ ᠨᠡᠶᠢᠭᠡᠮ ᠲᠣᠭᠤᠷᠢᠭ ᠤᠨ ᠠᠵᠢᠯᠲᠠᠳ ᠲᠤᠶᠢᠯ ᠤᠨ ᠥᠨᠳᠥᠷ ᠬᠠᠯᠠᠭᠤᠨ ᠰᠡᠳᠬᠢᠯᠭᠡ ᠪᠠᠷ ᠢᠳᠡᠪᠬᠢᠲᠡᠢ ᠣᠷᠣᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ᠲᠣᠭᠲᠠᠬᠤ ᠰᠢᠶᠠᠨ ᠤ ᠱᠤᠸᠠᠩ ᠾᠧ ᠪᠠᠯᠭᠠᠰᠤᠨ ᠤ ᠰᠠᠭᠤᠭᠠᠯᠢ ᠠᠷᠠᠳ ᠲᠤ ᠦᠯᠢᠭᠡᠷ ᠳᠠᠭᠤᠷᠢᠶᠠᠯ ᠦᠵᠡᠭᠦᠯᠵᠦ᠂ ᠲᠣᠭᠲᠠᠬᠤ ᠰᠢᠶᠠᠨ ᠤ ᠱᠤᠸᠠᠩ ᠾᠧ ᠪᠠᠯᠭᠠᠰᠤᠨ ᠤ ᠰᠠᠭᠤᠭᠠᠯᠢ ᠠᠷᠠᠳ ᠤᠨ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠪᠠᠶᠢᠭᠤᠯᠬᠤ ᠠᠵᠢᠯ ᠤᠨ ᠲᠤᠬᠠᠢ ᠣᠶᠢᠯᠠᠭᠠᠯᠲᠠ᠂ ᠨᠣᠷᠮ᠎ᠠ ᠪᠠ ᠢᠳᠡᠪᠬᠢᠵᠢᠯ ᠢ ᠳᠡᠭᠡᠭᠰᠢᠯᠡᠭᠦᠯᠵᠡᠶ᠂ ᠡᠨᠡ ᠨᠢ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠰᠠᠢᠵᠢᠷᠠᠭᠤᠯᠬᠤ ᠳᠤ ᠠᠰᠢᠭᠲᠠᠢ ᠪᠠᠶᠢᠵᠤ᠂ ︽ᠬᠥᠮᠥᠨ ᠪᠦᠬᠦᠨ‌ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠪᠠᠶᠢᠭᠤᠯᠬᠤ ᠠᠵᠢᠯ ᠳᠤ ᠣᠷᠣᠯᠴᠠᠵᠤ᠂ ᠬᠥᠮᠥᠨ ᠪᠦᠬᠦᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ︾ ᠶᠢ ᠪᠣᠢ ᠪᠣᠯᠭᠠᠵᠤ᠂ ᠲᠣᠭᠲᠠᠬᠤ ᠰᠢᠶᠠᠨ ᠳᠤ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠪᠠᠶᠢᠭᠤᠯᠬᠤ ᠳᠤ ᠰᠠᠶᠢᠨ ᠰᠠᠶᠢᠬᠠᠨ ᠰᠠᠭᠤᠷᠢ ᠲᠠᠯᠪᠢᠵᠤ ᠥᠭᠴᠡᠶ᠃
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1