ᠮᠠᠨ ᠤ ᠤᠯᠤᠰ ᠤᠨ ᠠᠩᠬᠠᠳᠠᠭᠴᠢ ᠮᠣᠩᠭᠤᠯ ᠬᠡᠯᠡᠨ ᠤ ᠵᠣᠬᠢᠶᠠᠮᠠᠯ ᠣᠶᠣᠨᠴᠢ AI ᠲᠠᠪᠴᠠᠩ ᠨᠡᠭᠡᠭᠡᠭᠳᠡᠪᠡ
ᠨᠡᠶᠢᠲᠡᠯᠡᠭᠰᠡᠨ ᠴᠠᠭ᠄
2019-11-21
      ᠲᠦᠷᠦᠭᠦᠬᠡᠨ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠺᠣᠮᠫᠢᠦ᠋ᠲ᠋ᠧᠷ ᠤᠨ ᠳᠡᠭᠡᠳᠦ ᠰᠤᠷᠭᠠᠭᠤᠯᠢ ︵ᠮᠣᠩᠭᠤᠯ ᠬᠡᠯᠡᠨ ᠤ ᠣᠶᠣᠨᠴᠢ ᠮᠡᠳᠡᠭᠡ ᠵᠠᠩᠭᠢ ᠶᠢ ᠰᠢᠢᠳᠪᠦᠷᠢᠯᠡᠬᠦ ᠮᠡᠷᠭᠡᠵᠢᠯ ᠤᠨ ᠤᠯᠤᠰ ᠤᠨ ᠣᠷᠣᠨ ᠨᠤᠲᠤᠭ ᠲᠠᠬᠢ ᠬᠠᠮᠲᠤᠷᠠᠭᠰᠠᠨ ᠰᠤᠳᠤᠯᠭᠠᠨ ᠤ ᠲᠥᠪ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠬᠡᠯᠡᠨ ᠤ ᠮᠡᠳᠡᠭᠡ ᠵᠠᠩᠭᠢ ᠶᠢ ᠰᠢᠢᠳᠪᠦᠷᠢᠯᠡᠬᠦ ᠮᠡᠷᠭᠡᠵᠢᠯ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ︶ ᠪᠣᠯᠤᠨ ᠥᠪᠥᠷ ᠮᠣᠩᠭᠤᠯ ᠤᠨ ᠣᠶᠣᠨ ᠨᠡᠷᠡᠮᠵᠢᠲᠦ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢᠨ ᠬᠠᠮᠲᠤᠷᠠᠨ ᠰᠤᠳᠤᠯᠤᠨ ᠨᠡᠭᠡᠭᠡᠭᠰᠡᠨ ︽ᠣᠶᠣᠨ AI ᠮᠣᠩᠭᠤᠯ ᠬᠡᠯᠡᠨ ᠤ ᠣᠶᠣᠨᠴᠢ ᠲᠠᠪᠴᠠᠩ︾ ᠵᠢᠩᠬᠢᠨᠢ ᠪᠠᠷ ᠨᠡᠭᠡᠭᠡᠭᠳᠡᠪᠡ᠃ ᠲᠣᠰ ᠲᠠᠪᠴᠠᠩ ᠨᠢ ᠬᠤᠪᠢ ᠬᠥᠮᠦᠨ᠂ ᠲᠤᠰᠬᠠᠶ ᠪᠠᠶᠢᠭᠤᠯᠤᠮᠵᠢ ᠪᠠ ᠭᠤᠷᠪᠠᠳᠠᠬᠢ ᠡᠲᠡᠭᠡᠳ ᠤᠨ ᠨᠡᠭᠡᠭᠡᠯᠲᠡ ᠬᠢᠬᠦ ᠬᠥᠮᠥᠰ ᠲᠤ ᠣᠯᠠᠨ ᠵᠦᠢᠯ ᠤᠨ ᠮᠣᠩᠭᠤᠯ ᠬᠡᠯᠡᠨ ᠤ ᠣᠶᠣᠨᠴᠢ ᠮᠡᠳᠡᠭᠡ ᠵᠠᠩᠭᠢ ᠶᠢ ᠰᠢᠢᠳᠪᠦᠷᠢᠯᠡᠬᠦ ᠦᠢᠯᠡᠴᠢᠯᠡᠭᠡ ᠪᠠ ᠵᠠᠯᠭᠠᠭᠠᠰᠤ ᠬᠠᠩᠭᠠᠬᠤ ᠪᠣᠯᠤᠨ᠎ᠠ᠃      ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠺᠣᠮᠫᠢᠦ᠋ᠲ᠋ᠧᠷ ᠤᠨ ᠳᠡᠭᠡᠳᠦ ᠰᠤᠷᠭᠠᠭᠤᠯᠢ ᠶᠢᠨ ᠳᠡᠳ᠋ ᠫᠷᠣᠹᠧᠰᠰᠣᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠬᠡᠯᠡᠨ ᠤ ᠮᠡᠳᠡᠭᠡ ᠵᠠᠩᠭᠢ ᠰᠢᠢᠳᠪᠦᠷᠢᠯᠡᠬᠦ ᠮᠡᠷᠭᠡᠵᠢᠯ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠳᠡᠳ᠋ ᠡᠷᠬᠢᠯᠡᠭᠴᠢ ᠹᠧᠶ ᠯᠦᠩ ᠤᠨ ᠲᠠᠨᠢᠯᠴᠠᠭᠤᠯᠤᠭᠰᠠᠨ ᠢᠶᠠᠷ᠂ ︽ᠣᠶᠣᠨ AI ᠮᠣᠩᠭᠤᠯ ᠬᠡᠯᠡᠨ ᠤ ᠣᠶᠣᠨᠴᠢ ᠲᠠᠪᠴᠠᠩ︾ ᠪᠣᠯ ᠤᠯᠤᠰ ᠤᠨ ᠳᠣᠲᠣᠭᠠᠳᠤ ᠶᠢᠨ ᠠᠩᠬᠠᠳᠠᠭᠴᠢ ᠮᠣᠩᠭᠤᠯ ᠬᠡᠯᠡᠨ ᠤ ᠵᠣᠬᠢᠶᠠᠮᠠᠯ ᠣᠶᠣᠨᠴᠢ AI ᠲᠠᠪᠴᠠᠩ ᠪᠣᠯᠣᠨ᠎ᠠ᠂ ᠡᠨᠡ ᠨᠢ ᠮᠣᠩᠭᠤᠯ ᠬᠡᠯᠡᠨ ᠤ AI ᠲᠠᠪᠴᠠᠩ ᠤᠨ ᠬᠤᠭᠤᠰᠣᠨ ᠢ ᠨᠥᠬᠦᠪᠥᠷᠢᠯᠡᠵᠦ᠂ ᠮᠣᠩᠭᠤᠯ ᠬᠡᠯᠡᠨ ᠤ ᠮᠡᠳᠡᠭᠡ ᠵᠠᠩᠭᠢᠴᠢᠯᠠᠯᠲᠠ ᠶᠢᠨ ᠴᠠᠭ ᠦᠶ᠎ᠡ ᠠᠴᠠ ᠵᠣᠬᠢᠶᠠᠮᠠᠯ ᠣᠶᠣᠨᠴᠢ ᠶᠢᠨ ᠴᠠᠭ ᠦᠶ᠎ᠡ ᠬᠦᠷᠲᠡᠯᠡᠬᠢ ᠨᠢᠭᠡ ᠤᠳᠠᠭᠠᠨ ᠤ ᠴᠢᠬᠤᠯᠠ ᠳᠠᠪᠠᠯᠲᠠ ᠪᠣᠯᠤᠨ᠎ᠠ᠃      ᠣᠶᠢᠯᠠᠭᠠᠭᠰᠠᠨ ᠢᠶᠠᠷ᠂ ︽ᠣᠶᠣᠨ AI ᠮᠣᠩᠭᠤᠯ ᠬᠡᠯᠡᠨ ᠤ ᠣᠶᠣᠨᠴᠢ ᠲᠠᠪᠴᠠᠩ︾ ᠨᠢ ᠬᠤᠪᠢ ᠶᠢᠨ ᠬᠡᠷᠡᠭᠯᠡᠭᠴᠢᠳ ᠲᠤ ᠮᠣᠩᠭᠤᠯ ᠬᠢᠲᠠᠳ ᠦᠰᠦᠭ ᠪᠢᠴᠢᠭ ᠤᠨ ᠠᠦ᠋ᠲ᠋ᠤ᠋ ᠣᠷᠴᠢᠭᠤᠯᠭ᠎ᠠ᠂ ᠮᠣᠩᠭᠤᠯ ᠬᠢᠲᠠᠳ ᠬᠡᠯᠡᠨ ᠤ ᠣᠷᠴᠢᠭᠤᠯᠭ᠎ᠠ᠂ ᠺᠢᠷᠢᠯ ᠬᠢᠲᠠᠳ ᠦᠰᠦᠭ ᠤᠨ ᠣᠷᠴᠢᠭᠤᠯᠭ᠎ᠠ᠂ ᠬᠢᠲᠠᠳ ᠮᠣᠩᠭᠤᠯ ᠬᠥᠮᠦᠨ ᠤ ᠨᠡᠷ᠎ᠡ ᠶᠢᠨ ᠣᠷᠴᠢᠭᠤᠯᠭ᠎ᠠ᠂ ᠤᠯᠠᠮᠵᠢᠯᠠᠯᠲᠤ ᠮᠣᠩᠭᠤᠯ ᠬᠡᠯᠡ ᠪᠠ ᠺᠢᠷᠢᠯ ᠤᠨ ᠣᠷᠴᠢᠭᠤᠯᠭ᠎ᠠ᠂ ᠮᠣᠩᠭᠤᠯ ᠬᠡᠯᠡᠨ ᠤ ᠬᠡᠪᠯᠡᠯ ᠤᠨ ᠲᠢᠭ ᠢ ᠢᠯᠭᠠᠨ ᠲᠠᠨᠢᠬᠤ᠂ ᠮᠣᠩᠭᠤᠯ ᠦᠰᠦᠭ ᠪᠢᠴᠢᠭ ᠢ ᠠᠦ᠋ᠲ᠋ᠤ᠋ ᠬᠠᠷᠭᠤᠭᠤᠯᠬᠤ ᠪᠠ ᠮᠣᠩᠭᠤᠯ ᠬᠡᠯᠡᠨ ᠤ ᠳᠠᠭᠤ ᠰᠢᠩᠭᠡᠭᠡᠯᠲᠡ ᠬᠢᠬᠦ ᠵᠡᠷᠭᠡ ᠣᠯᠠᠨ ᠴᠢᠳᠠᠮᠵᠢ ᠶᠢ ᠦᠨ᠎ᠡ ᠲᠥᠯᠥᠪᠦᠷᠢ ᠦᠭᠡᠢ ᠪᠠᠷ ᠬᠠᠩᠭᠠᠨ᠎ᠠ᠃ ᠲᠡᠷᠡᠴᠢᠯᠡᠨ ᠲᠠᠪᠴᠠᠩ ᠢ ᠬᠡᠷᠡᠭᠯᠡᠬᠦ ᠳᠤ ᠴᠤ ᠤᠭᠰᠠᠷᠠᠬᠤ ᠴᠢᠬᠤᠯᠠ ᠦᠭᠡᠢ ᠮᠠᠰᠢ ᠳᠥᠭᠦᠮ ᠪᠠᠶᠢᠳᠠᠭ᠂ ᠸᠢᠴᠠᠲ ᠤᠨ ᠵᠢᠵᠢᠭ ᠫᠷᠤᠭ᠍ᠷᠠᠮ ᠠᠴᠠ ︽ᠣᠶᠣᠨ AI︾ ᠶᠢ ᠰᠢᠭᠤᠳ ᠡᠷᠢᠵᠦ ᠬᠡᠷᠡᠭᠯᠡᠵᠦ ᠪᠣᠯᠣᠨ᠎ᠠ᠃      ᠭᠤᠷᠪᠠᠳᠠᠬᠢ ᠡᠲᠡᠭᠡᠳ ᠤᠨ ᠨᠡᠭᠡᠭᠡᠯᠲᠡ ᠬᠢᠬᠦ ᠬᠥᠮᠥᠰ ᠲᠤ᠂ ᠲᠣᠰ ᠲᠠᠪᠴᠠᠩ ᠨᠢ ᠵᠠᠯᠭᠠᠭᠠᠰᠤ ᠪᠠᠷ ᠳᠠᠮᠵᠢᠨ ᠬᠠᠮᠢᠶ᠎ᠠ ᠪᠦᠬᠦᠢ ᠣᠶᠣᠨᠴᠢ ᠦᠢᠯᠡᠴᠢᠯᠡᠭᠡ ᠶᠢ ᠬᠦᠷᠲᠡᠭᠡᠵᠦ ᠪᠤᠯᠣᠨ᠎ᠠ᠂ ᠵᠠᠯᠭᠠᠭᠠᠰᠤ ᠳᠤ ᠮᠣᠩᠭᠤᠯ ᠬᠡᠯᠡᠨ ᠤ ᠠᠪᠢᠶ᠎ᠠ ᠶᠢ ᠢᠯᠭᠠᠨ ᠲᠠᠨᠢᠬᠤ᠂ ᠮᠣᠩᠭᠤᠯ ᠬᠡᠯᠡᠨ ᠤ ᠠᠪᠢᠶ᠎ᠠ ᠶᠢᠨ ᠰᠢᠩᠭᠡᠭᠡᠯᠲᠡ ᠬᠢᠬᠦ᠂ ᠮᠣᠩᠭᠤᠯ ᠬᠡᠯᠡᠨ ᠤ ᠬᠡᠪᠯᠡᠯ ᠤᠨ ᠲᠢᠭ ᠢ ᠢᠯᠭᠠᠨ ᠲᠠᠨᠢᠬᠤ᠂ ᠮᠣᠩᠭᠤᠯ ᠬᠢᠲᠠᠳ ᠭᠠᠷ ᠪᠢᠴᠢᠮᠡᠯ ᠢ ᠢᠯᠭᠠᠨ ᠲᠠᠨᠢᠬᠤ᠂ ᠺᠢᠷᠢᠯ ᠮᠣᠩᠭᠤᠯ ᠬᠢᠲᠠᠳ ᠠᠦ᠋ᠲ᠋ᠤ᠋ ᠮᠠᠰᠢᠨ ᠣᠷᠴᠢᠭᠤᠯᠭ᠎ᠠ᠂ ᠺᠢᠷᠢᠯ ᠬᠢᠲᠠᠳ ᠠᠦ᠋ᠲ᠋ᠣ᠋ ᠣᠷᠴᠢᠭᠤᠯᠭ᠎ᠠ᠂ ᠤᠯᠠᠮᠵᠢᠯᠠᠯᠲᠤ ᠮᠣᠩᠭᠤᠯ ᠬᠡᠯᠡ ᠶᠢ ᠺᠢᠷᠢᠯ ᠳᠤ ᠬᠦᠷᠪᠡᠭᠦᠯᠬᠦ᠂ ᠬᠢᠲᠠᠳ ᠮᠣᠩᠭᠤᠯ ᠬᠥᠮᠦᠨ ᠤ ᠨᠡᠷ᠎ᠡ ᠶᠢᠨ ᠣᠷᠴᠢᠭᠤᠯᠭ᠎ᠠ᠂ ᠮᠣᠩᠭᠤᠯ ᠦᠰᠦᠭ ᠪᠢᠴᠢᠭ ᠤᠨ ᠠᠦ᠋ᠲ᠋ᠣ᠋ ᠬᠠᠷᠭᠤᠭᠤᠯᠤᠭ᠎ᠠ᠂ ᠮᠣᠩᠭᠤᠯ ᠬᠡᠯᠡᠨ ᠤ ᠺᠣᠲ ᠢ ᠰᠣᠯᠢᠬᠤ ᠵᠡᠷᠭᠡ ᠪᠠᠭᠲᠠᠨ᠎ᠠ᠃      ᠮᠣᠩᠭᠤᠯ ᠬᠡᠯᠡᠨ ᠤ ᠮᠡᠳᠡᠭᠡ ᠵᠠᠩᠭᠢ ᠶᠢ ᠰᠢᠢᠳᠪᠦᠷᠢᠯᠡᠬᠦ ᠬᠡᠷᠡᠭᠴᠡᠭᠡ ᠱᠠᠭᠠᠷᠳᠠᠯᠭ᠎ᠠ ᠲᠠᠢ ᠬᠠᠮᠢᠶ᠎ᠠ ᠪᠦᠬᠦᠢ ᠨᠢᠭᠡᠴᠢ ᠳᠤ᠂ ᠲᠣᠰ ᠲᠠᠪᠴᠠᠩ ᠨᠢ ᠮᠣᠩᠭᠤᠯ ᠬᠢᠲᠠᠳ ᠬᠡᠯᠡᠨ ᠤ ᠵᠣᠬᠢᠶᠠᠯ ᠢ ᠬᠠᠷᠢᠯᠴᠠᠨ ᠣᠷᠴᠢᠭᠤᠯᠬᠤ ᠪᠠ ᠬᠠᠮᠢᠶᠠᠷᠬᠤ᠂ ᠺᠢᠷᠢᠯ ᠬᠢᠭᠡᠳ ᠬᠢᠲᠠᠳ ᠬᠡᠯᠡᠨ ᠤ ᠵᠣᠬᠢᠶᠠᠯ ᠢ ᠬᠠᠷᠢᠯᠴᠠᠨ ᠣᠷᠴᠢᠭᠤᠯᠬᠤ ᠪᠠ ᠬᠠᠮᠢᠶᠠᠷᠬᠤ᠂ ᠤᠯᠠᠮᠵᠢᠯᠠᠯᠲᠤ ᠮᠣᠩᠭᠤᠯ ᠬᠡᠯᠡ ᠬᠢᠭᠡᠳ ᠺᠢᠷᠢᠯ ᠬᠡᠯᠡᠨ ᠤ ᠵᠣᠬᠢᠶᠠᠯ ᠢ ᠬᠦᠷᠪᠡᠭᠦᠯᠬᠦ ᠪᠠ ᠬᠠᠮᠢᠶᠠᠷᠬᠤ᠂ ᠮᠣᠩᠭᠤᠯ ᠬᠡᠯᠡᠨ ᠤ ᠤᠷᠲᠤ ᠠᠪᠢᠶᠠᠨ ᠤ ᠠᠪᠢᠶ᠎ᠠ ᠶᠢ ᠢᠯᠭᠠᠨ ᠲᠠᠨᠢᠬᠤ ᠪᠠ ᠪᠣᠯᠪᠠᠰᠤᠷᠠᠭᠤᠯᠤᠨ ᠬᠠᠮᠢᠶᠠᠷᠬᠤ᠂ ᠮᠣᠩᠭᠤᠯ ᠬᠡᠯᠡᠨ ᠤ ᠪᠥᠭᠡᠮ ᠠᠪᠢᠶ᠎ᠠ ᠶᠢ ᠨᠡᠶᠢᠯᠡᠭᠦᠯᠬᠦ ᠪᠠ ᠬᠠᠮᠢᠶᠠᠷᠬᠤ᠂ ᠮᠣᠩᠭᠤᠯ ᠬᠢᠲᠠᠳ ᠬᠡᠯᠡᠨ ᠤ ᠲᠣᠯᠢ ᠪᠢᠴᠢᠭ᠂ ᠺᠢᠷᠢᠯ ᠮᠣᠩᠭᠤᠯ ᠬᠢᠲᠠᠳ ᠬᠡᠯᠡᠨ ᠤ ᠲᠣᠯᠢ ᠪᠢᠴᠢᠭ᠂ ᠬᠢᠲᠠᠳ ᠮᠣᠩᠭᠤᠯ ᠬᠥᠮᠦᠨ ᠤ ᠨᠡᠷ᠎ᠡ ᠶᠢᠨ ᠣᠷᠴᠢᠭᠤᠯᠭ᠎ᠠ ᠵᠢᠴᠢ ᠬᠠᠮᠢᠶᠠᠷᠤᠯᠲᠠ ᠵᠡᠷᠭᠡ 12 ᠵᠦᠢᠯ ᠤᠨ ᠬᠤᠪᠢᠶᠠᠷᠢ ᠰᠢᠰᠲ᠋ᠧᠮ ᠢ ᠬᠠᠩᠭᠠᠵᠤ᠂ ᠲᠤᠰᠬᠠᠶ ᠮᠡᠷᠭᠡᠵᠢᠯ ᠤᠨ ᠮᠣᠩᠭᠤᠯ ᠬᠡᠯᠡᠨ ᠤ ᠮᠡᠳᠡᠭᠡ ᠵᠠᠩᠭᠢ ᠰᠢᠢᠳᠪᠦᠷᠢᠯᠡᠬᠦ ᠡᠯ᠎ᠡ ᠵᠦᠢᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠪᠣᠯᠤᠨ᠎ᠠ᠃      ᠹᠧᠶ ᠯᠦᠩ ᠲᠠᠨᠢᠯᠴᠠᠭᠤᠯᠬᠤ ᠳᠤ ᠪᠠᠨ᠂ ᠲᠣᠰ ᠪᠦᠯᠬᠦᠮ ᠨᠡᠶᠢᠲᠡ ᠨᠢ ᠬᠤᠵᠢᠮ ᠪᠠᠰᠠ ᠮᠣᠩᠭᠤᠯ ᠬᠡᠯᠡᠨ ᠤ ᠣᠶᠣᠨᠴᠢ ᠬᠠᠷᠢᠯᠴᠠᠭ᠎ᠠ᠂ ᠣᠶᠣᠨᠴᠢ ᠠᠰᠠᠭᠤᠯᠲᠠ ᠬᠠᠷᠢᠭᠤᠯᠲᠠ᠂ ᠮᠡᠳᠡᠯᠭᠡ ᠶᠢᠨ ᠵᠢᠷᠤᠭ ᠺᠠᠷᠲ᠂ ᠠᠦ᠋ᠲ᠋ᠣ᠋ ᠵᠣᠬᠢᠶᠠᠨ ᠪᠢᠴᠢᠯᠭᠡ ᠵᠡᠷᠭᠡ ᠨᠠᠩ ᠣᠯᠠᠨ ᠣᠶᠣᠨᠴᠢ ᠰᠢᠰᠲ᠋ᠧᠮ ᠢ ᠤᠯᠠᠮ ᠨᠢᠭᠡ ᠠᠯᠬᠤᠮ ᠰᠤᠳᠤᠯᠤᠨ ᠨᠡᠭᠡᠭᠡᠵᠦ᠂ ︽ᠣᠶᠣᠨ AI ᠮᠣᠩᠭᠤᠯ ᠬᠡᠯᠡᠨ ᠤ ᠣᠶᠣᠨᠴᠢ ᠲᠠᠪᠴᠠᠩ︾ ᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠬᠡᠷᠡᠭᠯᠡᠭᠴᠢᠳ ᠲᠤ ᠨᠠᠩ ᠣᠯᠠᠨ ᠨᠠᠩ ᠰᠠᠶᠢᠨ ᠦᠢᠯᠡᠴᠢᠯᠡᠭᠦᠯᠬᠦ ᠪᠠᠷ ᠴᠢᠷᠮᠠᠶᠢᠨ᠎ᠠ ᠭᠡᠵᠡᠶ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1